ᠥᠪᠡᠷᠲᠡᠭᠡᠨ ᠵᠠᠰᠠᠬᠤ ᠣᠷᠣᠨ᠎ᠤ 《6·26》 ᠤ᠋ ᠣᠯᠠᠨ ᠤᠯᠤᠰ᠎ᠤᠨ ᠬᠤᠤᠷᠳᠤ ᠡᠳ᠋ ᠎ᠢ ᠴᠠᠭᠠᠵᠠᠯᠠᠬᠤ ᠡᠳᠦᠷ᠎ᠦᠨ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠶᠠᠪᠤᠬᠳᠠᠵᠠᠢ
2026-06-25 09:37:47
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠭᠤᠴᠢ ᠶᠢᠰᠦᠳᠡᠬᠢ 《6·26》᠎ᠤ᠋ ᠣᠯᠠᠨ ᠤᠯᠤᠰ ᠎ᠤᠨ ᠬᠣᠣᠷᠳᠤ ᠡᠳ᠋ ᠎ᠢ  ᠴᠠᠭᠠᠵᠠᠯᠠᠬᠤ ᠡᠳᠦᠷ ᠬᠦᠷᠴᠦ ᠢᠷᠡᠬᠦ ᠲᠠᠰᠢᠷᠠᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠬᠣᠣᠷᠳᠤ ᠡᠳ᠋ ᠎ᠢ ᠴᠠᠭᠠᠵᠠᠯᠠᠬᠤ ᠵᠥᠪᠯᠡᠯ᠎ᠦᠨ ᠠᠯᠪᠠᠨ ᠭᠡᠷ ᠡᠴᠨ 《ᠲᠠ ᠪᠢᠳᠡ ᠬᠠᠮᠳᠤ ᠳ᠋ᠠᠭᠠᠨ ᠣᠷᠣᠯᠴᠠᠵᠤ ᠢᠷᠡᠭᠡᠳᠦᠢ᠎ᠪᠡᠨ ᠰᠠᠬᠢᠨ ᠬᠠᠮᠠᠭᠠᠯᠠᠶ᠎ᠠ· ᠵᠠᠯᠠᠭᠤᠴᠤᠳ ᠪᠠᠭᠠᠴᠤᠳ᠎ᠤᠨ ᠡᠮ᠎ᠤᠨ ᠵᠦᠢᠯᠡᠰ᠎ᠢ ᠳᠤᠷ᠎ᠠ᠎ᠪᠠᠷ ᠵᠢᠡᠨ ᠬᠡᠷᠡᠭᠯᠡᠬᠦ᠎ᠶᠢ ᠰᠡᠷᠭᠡᠢᠯᠡᠬᠦ 》 ᠪᠡᠷ ᠭᠤᠤᠯ ᠰᠡᠳᠦᠪ ᠪᠤᠯᠭᠠᠭᠰᠠᠨ ᠤᠬᠠᠭᠤᠯᠭ᠎ᠠ᠎ᠶᠢᠨ ᠠᠵᠢᠯᠯᠠᠭ᠎ᠠ ᠪᠤᠭᠤᠲᠤ ᠬᠣᠲᠠ᠎ᠳᠤ ᠶᠠᠪᠤᠭᠳᠠᠪᠠ᠃

ᠠᠵᠢᠯᠯᠠᠭ᠎ᠠ ᠲᠡᠭᠡᠷ᠎ᠡ᠂ 2026 ᠣᠨ᠎ᠤ ᠦᠪᠦᠷ ᠮᠤᠩᠭᠤᠯ ᠤ᠋ᠨ ᠬᠣᠣᠷᠲᠤ ᠡᠳ᠋᠎ᠢ ᠴᠠᠭᠠᠵᠠᠯᠠᠬᠤ ᠣᠬᠣᠷ ᠸᠢᠳᠢᠤ᠋᠂ ᠨᠡᠶ᠋ᠢᠲᠡ᠎ᠶᠢᠨ ᠠᠰᠠᠷᠠᠮᠵᠢ ᠎ᠶᠢᠨ ᠵᠠᠷᠯᠠᠯ ᠵᠢᠴᠢ ᠰᠣᠶᠣᠯ᠎ᠤᠨ ᠪᠦᠳᠦᠭᠡᠯᠴᠢ ᠦᠢᠯᠡᠳᠬᠦᠨ ᠎ᠤ ᠵᠢᠷᠤᠭ ᠲᠥᠯᠥᠪᠯᠡᠭᠡ ᠴᠤᠭᠯᠠᠭᠤᠯᠬᠤ ᠠᠵᠢᠯᠯᠠᠭ᠎ᠠ᠎ᠵᠢᠨ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠳᠡᠰ ᠎ᠤᠨ ᠱᠠᠩᠨᠠᠯ ᠬᠦᠷᠳᠡᠭᠰᠡᠳ ᠲᠦ᠍  ᠱᠠᠩᠨᠠᠯ ᠭᠠᠷᠳᠠᠭᠤᠯᠪᠠ᠃

ᠲᠣᠰ ᠤᠳᠠᠭ᠎ᠠ ᠵᠢᠨ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠨᠢ ᠵᠠᠯᠠᠭᠤᠴᠤᠳ ᠪᠠᠭᠠᠴᠤᠳ᠎ᠤᠨ ᠡᠮ ᠎ᠤᠨ ᠵᠦᠢᠯᠡᠰ᠎ᠢ ᠳᠤᠷ᠎ᠠ᠎ᠪᠠᠷ ᠵᠢᠡᠨ  ᠬᠡᠷᠡᠭᠯᠡᠬᠦ᠎ᠶᠢ ᠰᠡᠷᠭᠡᠢᠯᠡᠬᠦ᠎ᠪᠡᠷ ᠭᠣᠣᠯᠳᠠᠯᠭ᠎ᠠ ᠪᠣᠯᠭᠠᠵᠤ᠂ 《ᠰᠤᠷᠭᠠᠭᠤᠯᠢ᠎ᠶᠢᠨ ᠬᠦᠷᠢᠶᠡᠨ᠎ᠦ ᠤᠬᠠᠭᠤᠯᠭ᠎ᠠ ᠬᠥᠮᠦᠵᠢᠯ + ᠤᠳᠬ᠎ᠠ ᠤᠷᠠᠯᠢᠭ᠋ ᠎ᠤᠨ ᠬᠥᠲᠥᠯᠥᠨ ᠳᠠᠭᠠᠭᠤᠯᠭ᠎ᠠ + ᠦᠨᠳᠦᠰᠦᠨ ᠱᠠᠲᠤᠨ᠎ᠤ ᠲᠣᠭᠣᠷᠢᠨ ᠦᠵᠡᠭᠦᠯᠭᠡ 》 ᠵᠢᠨ  ᠪᠣᠰᠣᠭ᠎ᠠ ᠴᠣᠭᠴᠠᠲᠤ ᠤᠬᠠᠭᠤᠯᠭ᠎ᠠ᠎ᠶᠢᠨ ᠵᠠᠭᠪᠤᠷ᠎ᠢ ᠬᠡᠷᠡᠭᠯᠡᠨ᠂ ᠲᠤᠬᠠᠢ᠎ᠶᠢᠨ ᠲᠠᠯᠠᠪᠤᠷ᠎ᠲᠤ  ᠰᠡᠳᠦᠪ ᠬᠠᠷᠢᠭᠤᠯᠬᠤ ᠂ AI ᠤᠶᠤᠨᠴᠢ ᠠᠪᠢᠶᠠᠯᠠᠭ᠎ᠠ ᠵᠢᠨ ᠦᠵᠡᠭᠦᠯᠭᠡ᠂ ᠳᠠᠭᠤᠷᠢᠶᠠᠮᠠᠯ ᠬᠣᠣᠷᠲᠤ ᠡᠳ᠋᠎ᠦᠨ ᠵᠠᠭᠪᠤᠷ᠎ᠤᠨ ᠦᠵᠡᠭᠦᠯᠭᠡ ᠵᠡᠷᠭᠡ᠎ᠪᠡᠷ ᠲᠠᠮᠵᠢᠨ᠂ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠤᠯᠠᠮᠵᠢᠯᠠᠯᠲᠤ ᠬᠣᠣᠷᠲᠤ ᠡᠳ᠋᠂ ᠰᠢᠨ᠎ᠡ ᠬᠡᠯᠪᠡᠷᠢ᠎ᠶᠢᠨ ᠬᠣᠣᠷᠲᠤ ᠡᠳ᠋ ᠤ᠋ᠨ  ᠬᠠᠭᠤᠷᠮᠠᠭᠯᠠᠬᠤ ᠣᠨᠴᠠᠯᠢᠭ᠋ ᠪᠠ ᠨᠢᠭᠤᠭᠳᠠᠮᠠᠯ ᠬᠣᠣᠷ ᠬᠥᠨᠥᠭᠡᠯ᠎ᠢ ᠣᠯᠠᠨ ᠬᠠᠷᠠᠭᠠᠰᠤ᠎ᠡᠴᠨ ᠲᠦᠬᠡᠮᠡᠯᠵᠢᠬᠦᠯᠵᠡᠢ᠃  ᠴᠠᠭᠳᠠᠭ᠎ᠠ ᠨᠠᠷ  ᠪᠠᠰᠠ ᠮᠡᠬᠡᠯᠡᠯ ᠎ᠢ ᠡᠰᠡᠷᠭᠦᠴᠡᠬᠦ ᠪᠤᠯᠤᠨ ᠵᠠᠮ ᠬᠠᠷᠢᠯᠴᠠᠭᠠᠨ ᠎ᠤ ᠠᠮᠤᠷ ᠲᠦᠪᠰᠢᠨ᠎ᠦ ᠶᠡᠷᠦᠩᠬᠡᠢᠯᠡᠭᠰᠡᠨ ᠤᠬᠠᠭᠤᠯᠭ᠎ᠠ᠎ᠶᠢ ᠠᠭᠤᠰᠤᠯᠴᠠᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠨᠡᠢᠲᠡᠯᠢᠭ ᠬᠡᠷᠡᠭ᠎ᠦᠨ ᠵᠢᠱ᠌ᠢᠶ᠎ᠡ᠎ᠶᠢᠨ ᠲᠤᠬᠠᠢ᠎ᠶᠢᠨ ᠲᠠᠯᠠᠪᠠᠶ᠎ᠶᠢᠨ ᠠᠰᠠᠭᠤᠯᠲᠠ᠎ᠶᠢ ᠬᠠᠷᠢᠭᠤᠯᠬᠤ᠎ᠲᠠᠢ ᠤᠶᠠᠯᠳᠤᠭᠤᠯᠤᠨ᠂ ᠵᠠᠯᠠᠭᠤ ᠰᠤᠷᠤᠭ᠍ᠴᠢᠳ᠎ᠤᠨ ᠠᠮᠤᠷ ᠲᠦᠪᠰᠢᠨ᠎ᠦ ᠰᠡᠷᠭᠡᠢᠯᠡᠯᠲᠡ ᠪᠠ ᠬᠠᠤᠯᠢ ᠪᠡᠷ ᠵᠠᠰᠠᠬᠤ  ᠤᠬᠠᠮᠰᠠᠷ᠎ᠢ ᠣᠯᠠᠨ ᠲᠠᠯ᠎ᠠ ᠡᠴᠨ  ᠳᠡᠭᠡᠭᠰᠢᠯᠡᠭᠦᠯᠪᠡ᠃   ᠠᠵᠢᠯᠯᠠᠭ᠎ᠠ ᠳ᠋ᠤ᠂ 2026 ᠣᠨ᠎ᠤ ᠦᠪᠦᠷ ᠮᠤᠩᠭᠤᠯ ᠤ᠋ᠨ ᠬᠤᠤᠷᠳᠤ ᠡᠳ᠋ ᠎ᠢ  ᠴᠠᠭᠠᠵᠠᠯᠠᠬᠤ ᠨᠡᠶ᠋ᠢᠲᠡ᠎ᠶᠢᠨ ᠠᠰᠠᠷᠠᠮᠵᠢ᠎ᠶᠢᠨ ᠵᠠᠷᠯᠠᠯ᠎ᠤᠨ ᠱᠠᠩᠨᠠᠯ ᠭᠥᠷᠳᠡᠭᠰᠡᠨ ᠪᠦᠲᠦᠭᠡᠯ᠎ᠢ ᠳᠡᠯᠭᠡᠨ ᠦᠵᠡᠭᠦᠯᠵᠡᠢ᠃

ᠠᠵᠢᠯᠯᠠᠭ᠎ᠠ᠎ᠶᠢᠨ ᠠᠬᠤᠢ ᠲᠠᠯᠠᠪᠠᠶ᠎ᠳᠤ᠂ ᠬᠣᠣᠷᠳᠤ ᠡᠳ᠋ ᠎ᠢ  ᠴᠠᠭᠠᠵᠠᠯᠠᠬᠤ ᠭᠣᠣᠯ ᠰᠡᠳᠦᠪᠲᠦ ᠤᠬᠠᠭᠤᠯᠭ᠎ᠠ᠎ᠶᠢᠨ ᠹᠢᠯᠢᠮ 《ᠬᠣᠣᠷᠲᠤ ᠡᠳ᠋᠎ᠰᠠᠷᠢᠭᠠᠯᠠᠬᠴᠢᠳ ᠎ᠢ  ᠪᠠᠷᠢᠪᠴᠢᠯᠠᠬᠤ ᠪᠠᠭᠠᠲᠤᠷ》 ᠎ᠢ᠋ ᠨᠡᠪᠳᠡᠷᠡᠬᠦᠯᠦᠨ᠂  ᠨᠠᠢᠷᠠᠯ ᠳᠠᠭᠤᠤ 《ᠡᠬᠡ ᠤᠯᠤᠰ᠎ᠢᠶᠠᠨ ᠮᠠᠷᠲᠠᠬᠤ ᠦᠭᠡᠢ》᠂ ᠤᠤᠭᠠᠯ ᠵᠣᠬᠢᠶᠠᠨ ᠪᠦᠳᠦᠭᠡᠯᠭᠡ ᠵᠢᠨ ᠪᠥᠵᠢᠭᠲᠦ ᠵᠦᠴᠦᠭᠡ 《ᠤᠷᠢ ᠵᠠᠯᠠᠭᠤ ᠨᠠᠰᠤ》 ᠵᠡᠷᠭᠡ ᠭᠣᠣᠯ ᠰᠡᠳᠦᠪᠲᠦ ᠲᠤᠭᠯᠠᠯᠳᠠ ᠭᠠᠷᠭᠠᠵᠤ᠂ ᠥᠪᠥᠷ ᠮᠣᠩᠭᠣᠯ᠎ᠤᠨ ᠡᠯ᠎ᠡ ᠡᠲᠡᠭᠡᠳ᠎ᠦᠨ ᠬᠢᠨ᠎ᠦ  ᠬᠣᠣᠷᠲᠤ ᠡᠳ᠋᠎ᠢ ᠴᠠᠭᠠᠵᠠᠯᠠᠬᠤ ᠠᠷᠠᠳ ᠎ᠤᠨ ᠲᠠᠢᠯᠠᠯᠳᠤᠭᠠᠨ ᠎ᠤ  ᠢᠯᠠᠯᠲᠠ  ᠣᠯᠬᠤ ᠡᠷᠡᠰ ᠵᠣᠷᠢᠭ᠋᠎ᠢ ᠭᠦᠢᠴᠡᠳ ᠢᠯᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号