ᠮᠠᠨ᠎ᠤ ᠤᠯᠤᠰ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠳ᠋ᠤ ᠵᠠᠰᠠᠪᠤᠷᠢ ᠣᠷᠣᠭᠤᠯᠵᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠᠶ᠋ᠢᠭᠤᠯᠤᠯ ᠲᠣᠭᠲᠠᠴᠠ᠎ᠶᠢ ᠰᠢᠰᠲᠸᠮ ᠲᠠᠢ ᠲᠡᠭᠦᠯᠳᠡᠷᠵᠢᠭᠦᠯᠬᠦ᠌᠎ᠪᠡᠷ ᠪᠤᠢ
2026-06-25 11:46:41
ᠵᠣᠬᠢᠶᠠᠭ᠍ᠴᠢ᠄
​ ᠱᠧᠨ ᠴᠧᠩ
ᠣᠩᠱᠢᠭ᠍ᠰᠠᠨ ᠣᠳᠠᠭ᠎ᠠ᠄
★★★☆☆

ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ 6 ᠰᠠᠷ᠎ᠠ᠎ᠶᠢᠨ 23 ᠎ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠬᠣᠷᠢᠨ ᠭᠤᠷᠪᠠᠳᠤᠭᠠᠷ ᠬᠤᠷᠠᠯ᠎ᠳᠤ ᠠᠩᠬ᠎ᠠ ᠤᠳᠠᠭ᠎ᠠ ᠬᠢᠨᠠᠨ ᠵᠦᠪᠯᠡᠬᠦᠯᠬᠦ᠎ᠪᠠᠷ ᠳᠡᠪᠰᠢᠭᠦᠯᠪᠡ᠃

ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠪᠣᠯ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠶᠢ ᠵᠢᠷᠤᠮᠵᠢᠭᠤᠯᠬᠤ ᠰᠠᠭᠤᠷᠢ ᠴᠢᠨᠠᠷᠲᠠᠢ ᠬᠠᠤᠯᠢ ᠴᠠᠭᠠᠵᠠ ᠮᠥᠨ᠃ ᠲᠤᠰ ᠬᠠᠤᠯᠢ᠎ᠶᠢ ᠬᠡᠷᠡᠭᠵᠢᠭᠦᠯᠦᠭᠰᠡᠨ᠎ᠡᠴᠡ ᠨᠠᠭᠠᠰᠢ᠂ ᠮᠠᠨ᠎ᠤ ᠤᠯᠤᠰ᠎ᠤᠨ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠶ᠋ᠢᠭᠤᠯᠤᠯᠲᠠ᠎ᠶᠢ ᠠᠬᠢᠭᠤᠯᠬᠤ᠂ ᠡᠳ᠋᠎ᠦᠨ ᠵᠠᠰᠠᠭ᠎ᠤᠨ ᠵᠠᠷᠤᠯᠭ᠎ᠠ᠎ᠶᠢᠨ ᠬᠠᠮᠢᠶᠠᠷᠤᠯᠲᠠ᠎ᠶᠢ ᠴᠢᠩᠭᠠᠳᠬᠠᠬᠤ᠂ ᠢᠯᠵᠢᠷᠠᠯ᠎ᠢ ᠡᠰᠡᠷᠭᠦᠴᠡᠨ ᠠᠷᠢᠭᠤᠨ ᠴᠢᠬᠡᠴᠢ᠎ᠶᠢ ᠡᠷᠬᠢᠮᠯᠡᠬᠦ᠌ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠪᠠᠳᠠᠷᠠᠭᠤᠯᠵᠠᠢ᠃ ᠲᠣᠭ᠎ᠠ ᠪᠠᠷᠢᠮᠲᠠ᠎ᠳᠤ ᠬᠠᠷᠠᠭᠤᠯᠤᠬᠰᠡᠨ᠎ᠢᠶᠡᠷ᠂ ᠪᠥᠬᠥ᠌ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠪᠴᠢᠶ᠎ᠡ 2002 ᠣᠨ᠎ᠳᠤ 1009.6 ᠳ᠋ᠦᠩᠰᠢᠭᠤᠷ ᠲᠥᠭᠥᠷᠢᠭ ᠪᠠᠶ᠋ᠢᠭᠰᠠᠨ᠎ᠡᠴᠡ᠎ᠪᠠᠨ 2025 ᠣᠨ᠎ᠳᠤ 3.3 ᠲᠦᠮᠡᠨ ᠳ᠋ᠦᠩᠰᠢᠭᠤᠷ ᠲᠥᠭᠥᠷᠢᠭ ᠪᠣᠯᠤᠨ ᠨᠡᠮᠡᠭᠳᠡᠵᠦ᠍᠂ ᠤᠯᠤᠰ᠎ᠤᠨ ᠳᠣᠲᠣᠭᠠᠳᠤ᠎ᠶᠢᠨ ᠦᠢᠯᠡᠳᠪᠤᠷᠢᠯᠡᠯ᠎ᠦᠨ ᠪᠥᠬᠥ᠌ ᠥᠷᠲᠡᠭ᠎ᠲᠦ᠍ ᠡᠵᠡᠯᠡᠬᠦ᠌ ᠬᠤᠪᠢ᠎ᠶᠢᠨ ᠵᠢᠩ ᠨᠢ 0.8% ᠪᠠᠶ᠋ᠢᠭᠰᠠᠨ᠎ᠡᠴᠡ᠎ᠪᠠᠨ 2.4% ᠪᠣᠯᠤᠨ ᠳᠡᠭᠡᠭᠰᠢᠯᠡᠵᠦ᠍᠂ ᠡᠳ᠋᠎ᠦᠨ ᠵᠠᠰᠠᠭ᠎ᠤᠨ ᠪᠠᠯᠠ ᠮᠥᠩᠭᠥ᠎ᠶᠢ ᠨᠡᠶ᠋ᠢᠲᠡ 4.7 ᠲᠦᠮᠡᠨ ᠳ᠋ᠦᠩᠰᠢᠭᠤᠷ ᠲᠥᠭᠥᠷᠢᠭ ᠠᠷᠪᠢᠯᠠᠪᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠵᠥᠪᠯᠡᠯ᠎ᠦᠨ ᠳᠡᠳ᠋ ᠡᠷᠬᠢᠯᠡᠭᠴᠢ ᠭᠡᠰᠢᠭᠦᠨ ᠬᠤᠤ ᠫᠸᠩ ᠬᠤᠷᠠᠯ ᠳᠡᠭᠡᠷ᠎ᠡ ᠲᠣᠳᠣᠷᠬᠠᠶ᠋ᠢᠯᠠᠯᠲᠠ ᠬᠢᠬᠦ᠌᠎ᠳᠡᠭᠡᠨ᠂ ᠡᠨᠡ ᠤᠳᠠᠭ᠎ᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠳᠤ ᠵᠠᠰᠠᠪᠤᠷᠢ ᠣᠷᠣᠭᠤᠯᠬᠤ᠎ᠳᠠᠭᠠᠨ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ;ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠲᠥᠪ ᠭᠣᠣᠯᠴᠢ ᠬᠢᠭᠡᠳ ᠦᠷ᠎ᠡ ᠪᠦᠲᠦᠮᠵᠢ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠡᠶᠡᠯᠡᠭᠦᠯᠦᠨ᠎ᠡ;ᠡᠷᠬᠡ ᠬᠠᠷᠢᠭᠤᠴᠠᠯᠭ᠎ᠠ᠎ᠶᠢ ᠨᠢᠭᠡᠳᠦᠯᠲᠡᠢ ᠪᠠᠶ᠋ᠢᠯᠭᠠᠬᠤ᠎ᠶᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠯ᠎ᠡ ᠲᠠᠯ᠎ᠠ᠎ᠶᠢᠨ ᠡᠭᠦᠷᠭᠡ ᠬᠠᠷᠢᠭᠤᠴᠠᠯᠭ᠎ᠠ᠎ᠶᠢ ᠴᠡᠭᠴᠡᠯᠡᠨ ᠲᠣᠳᠣᠷᠬᠠᠶ᠋ᠢᠯᠠᠨ᠎ᠠ;ᠲᠣᠭᠲᠠᠭᠤᠨ᠎ᠤ ᠳᠤᠮᠳᠠ ᠠᠬᠢᠯᠳᠠ ᠲᠠᠢ ᠪᠠᠢᠬᠤ ᠵᠢ ᠪᠠᠷᠢᠮᠲᠠᠯᠠᠵᠤ᠂ ᠰᠢᠰᠲ᠋ᠧᠮ᠎ᠲᠡᠶ ᠲᠥᠯᠥᠪᠵᠢᠭᠦᠯᠭᠡ᠎ᠶᠢ ᠯᠠᠪᠳᠠᠭᠤᠨ᠎ᠢᠶᠠᠷ ᠠᠬᠢᠭᠤᠯᠤᠨ᠎ᠠ ᠭᠡᠵᠤ ᠢᠯᠡᠳᠭᠡᠪᠡ᠃

ᠵᠠᠰᠠᠪᠤᠷᠢ ᠣᠷᠣᠭᠤᠯᠬᠤ ᠲᠥᠰᠦᠯ ᠨᠢ ᠨᠡᠢ᠌ᠳᠡ 10 ᠪᠦᠯᠦᠭ 104 ᠵᠦᠢᠯ᠎ᠲᠡᠶ᠃ ᠵᠠᠰᠠᠪᠤᠷᠢ ᠣᠷᠣᠭᠤᠯᠬᠤ ᠭᠣᠣᠯ ᠠᠭᠤᠯᠭ᠎ᠠ᠎ᠳᠤ᠄ ᠬᠠᠤᠯᠢ ᠴᠠᠭᠠᠵᠠ᠎ᠶᠢ ᠬᠡᠷᠡᠭᠯᠡᠬᠦ᠌ ᠬᠡᠪᠴᠢᠶ᠎ᠡ᠎ᠶᠢ ᠲᠣᠬᠢᠷᠠᠭᠤᠯᠤᠨ ᠰᠢᠯᠢᠳᠡᠭᠵᠢᠭᠦᠯᠬᠦ᠌᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥ᠎ᠶᠢᠨ ᠪᠣᠳᠣᠯᠭ᠎ᠠ᠎ᠶᠢᠨ ᠴᠢᠳᠠᠮᠵᠢ᠎ᠶᠢᠨ ᠦᠢᠯᠡᠳᠦᠯ᠎ᠢ ᠴᠢᠩᠭᠠᠷᠠᠭᠤᠯᠬᠤ᠂ ᠪᠦᠬᠦ᠌ ᠶᠠᠪᠤᠴᠠ᠎ᠶᠢᠨ ᠬᠠᠮᠢᠶᠠᠷᠤᠯᠲᠠ᠎ᠶᠢ ᠴᠢᠩᠭᠠᠳᠬᠠᠬᠤ᠂ ᠠᠷᠠᠯᠵᠢᠶᠠᠨ᠎ᠤ ᠳᠦᠷᠢᠮ᠎ᠦᠨ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠶ᠋ᠢᠬᠤ᠎ᠶᠢ ᠠᠬᠢᠭᠤᠯᠬᠤ᠂ ᠭᠣᠣᠯᠴᠢ᠎ᠪᠠᠷ ᠥᠷᠢᠰᠥᠯᠳᠦᠬᠦ᠌ ᠲᠣᠭᠲᠠᠴᠠ᠎ᠶᠢ ᠲᠡᠭᠦᠯᠳᠡᠷᠵᠢᠭᠦᠯᠬᠦ᠌᠂ ᠡᠷᠬᠡ᠎ᠳᠦ ᠬᠢᠨᠠᠯᠲᠠ ᠲᠠᠯᠪᠢᠬᠤ ᠪᠠ ᠳᠦᠷᠢᠮ᠎ᠦᠨ ᠢᠯᠵᠢᠷᠠᠯ᠎ᠢ ᠡᠰᠡᠷᠭᠦᠴᠡᠬᠦ᠌ ᠵᠡᠷᠭᠡ᠎ᠶᠢ ᠪᠠᠭᠲᠠᠭᠠᠪᠠ᠃

ᠡᠭᠦᠨ᠎ᠳ᠋ᠤ᠂ ᠦᠢᠯᠡᠳᠦᠯᠭᠡ᠎ᠶᠢᠨ ᠳᠤᠮᠳᠠ ᠡᠯ᠎ᠡ ᠲᠠᠯ᠎ᠠ᠎ᠶᠢᠨ ᠬᠢᠨ᠎ᠦ ᠲᠤᠰᠬᠠᠯ᠎ᠢᠶᠠᠷ ᠨᠡᠯᠢᠶᠡᠳ ᠤᠯᠠᠨ ᠪᠠᠶ᠋ᠢᠭ᠎ᠠ ᠤᠳᠤ᠎ᠶᠢᠨ ᠬᠡᠷᠡᠭᠵᠢᠭᠦᠯᠵᠦ᠍ ᠪᠠᠶ᠋ᠢᠭ᠎ᠠ ᠬᠠᠤᠯᠢ᠎ᠶᠢᠨ ᠬᠡᠷᠡᠭᠯᠡᠬᠦ᠌ ᠬᠡᠪᠴᠢᠶ᠎ᠡ ᠨᠢ ᠨᠡᠯᠢᠶᠡᠳ ᠢᠪᠴᠤᠤ᠂ ᠲᠥᠰᠦᠪ᠎ᠦᠨ ᠪᠡᠯᠡ ᠮᠥᠩᠭᠥ᠎ᠶᠢ ᠬᠡᠷᠡᠭᠯᠡᠬᠦ᠌ ᠪᠠᠭ᠎ᠠ ᠲᠣᠭᠠᠨ᠎ᠤ ᠢᠬᠢᠷ ᠰᠢᠬᠢᠷ᠎ᠢᠶᠡᠷ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠰᠢ᠌ᠳᠪᠦᠷᠢᠯᠡᠬᠦ᠌᠎ᠶᠢᠨ ᠲᠥᠯᠥᠭᠡ᠂ ᠵᠠᠰᠠᠪᠤᠷᠢ ᠣᠷᠣᠭᠤᠯᠬᠤ ᠲᠥᠰᠦᠯ᠎ᠳᠦ ᠬᠠᠤᠯᠢ ᠴᠠᠭᠠᠵᠠ᠎ᠶᠢᠨ ᠬᠡᠷᠡᠭᠯᠡᠬᠦ᠌ ᠬᠡᠪᠴᠢᠶ᠎ᠡ᠎ᠳᠦ ᠵᠣᠬᠢᠰᠲᠠᠢ ᠲᠤᠬᠢᠷᠠᠭᠤᠯᠤᠯᠳᠠ ᠬᠢᠵᠦ᠍᠂ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠡᠴᠡ ᠭᠠᠳᠠᠨᠠᠬᠢ ᠪᠥᠭᠡᠳ ᠲᠥᠰᠦᠪ᠎ᠦᠨ ᠵᠣᠭᠣᠰ᠎ᠤᠨ ᠲᠣᠭ᠎ᠠ ᠨᠢ ᠬᠤᠳᠠᠯᠳᠤᠨ ᠠᠪᠬᠤ ᠬᠢᠵᠠᠭᠠᠷ ᠲᠣᠭ᠎ᠠ᠎ᠶᠢᠨ ᠪᠠᠷᠢᠮᠵᠢᠶ᠎ᠠ᠎ᠡᠴᠡ ᠳᠣᠣᠷ᠎ᠠ ᠪᠠᠶ᠋ᠢᠭ᠎ᠠ ᠢᠬᠢᠷ ᠰᠢᠬᠢᠷ᠎ᠢᠶᠡᠷ ᠬᠤᠳᠠᠯᠳᠤᠨ ᠠᠪᠬᠤ᠎ᠶᠢ ᠲᠤᠰ ᠬᠠᠤᠯᠢ᠎ᠶᠢᠨ ᠬᠡᠷᠡᠭᠯᠡᠬᠦ᠌ ᠬᠡᠪᠴᠢᠶ᠎ᠡ᠎ᠳᠦ ᠣᠷᠣᠭᠤᠯᠵᠤ᠂ ᠲᠦᠬᠦᠮ᠎ᠢᠶᠡᠷ ᠬᠤᠳᠠᠯᠳᠤᠨ ᠠᠪᠬᠤ ᠲᠦᠷᠢᠮ᠎ᠦᠨ ᠶᠣᠰᠣᠭᠠᠷ ᠬᠡᠷᠡᠭᠵᠢᠭᠦᠯᠦᠨ᠎ᠡ᠃

ᠲᠠᠰ ᠳᠠᠷᠠᠭᠠᠯᠠᠯ᠎ᠢ ᠴᠢᠬᠤᠯᠠᠴᠢᠯᠠᠨ ᠦᠷ᠎ᠡ ᠳ᠋ᠦᠩ᠎ᠢ ᠬᠥᠩᠭᠡᠪᠴᠢᠯᠡᠬᠦ᠌᠂ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠲᠣᠳᠣᠷᠬᠠᠶ ᠥᠬᠡᠶ᠂ ᠭᠡᠷ᠎ᠡ᠎ᠶᠢᠨ ᠬᠢᠵᠠᠭᠠᠷᠯᠠᠯ ᠴᠢᠩᠭ᠎ᠠ ᠪᠢᠰᠢ᠂ ᠠᠵᠢᠯ᠎ᠤᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠌ ᠴᠢᠬᠤᠯᠠᠲᠠᠶ ᠪᠠᠶ᠋ᠢᠬᠤ ᠵᠡᠷᠭᠡ ᠠᠰᠠᠭᠤᠳᠠᠯ᠎ᠢ ᠰᠢᠢᠳᠪᠦᠷᠢᠯᠡᠬᠦ᠌᠎ᠶᠢᠨ ᠲᠥᠯᠥᠭᠡ᠂ ᠵᠠᠰᠠᠪᠤᠷᠢ ᠣᠷᠣᠭᠤᠯᠬᠤ ᠲᠥᠰᠦᠯ᠎ᠳᠦ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ᠎ᠪᠠᠷ ᠬᠥᠲᠥᠯᠦᠨ ᠳᠠᠭᠠᠭᠤᠯᠬᠤ᠂ ᠬᠤᠳᠠᠯᠳᠤᠨ ᠠᠪᠤᠭᠴᠢ᠎ᠶᠢᠨ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭᠠᠳᠬᠠᠬᠤ᠎ᠪᠠᠷ ᠭᠠᠷᠳᠠᠴᠠ ᠪᠣᠯᠭᠠᠭᠰᠠᠨ ᠪᠥᠬᠥ᠌ ᠶᠠᠪᠤᠴᠠ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠪᠠᠶ᠋ᠢᠭᠤᠯᠪᠠ᠃ ᠬᠠᠩᠭᠠᠯᠭ᠎ᠠ᠎ᠶᠢᠨ ᠬᠤᠳᠠᠯᠳᠤᠭᠠᠴᠢᠨ᠎ᠤ᠋ ᠢᠯᠭᠠᠭ᠎ᠠ᠎ᠲᠠᠶ᠎ᠪᠠᠷ ᠭᠠᠳᠠᠭᠤᠷᠴᠢᠯᠠᠬᠤ᠂ ᠲᠦᠷᠢᠮ᠎ᠦᠨ ᠴᠢᠨᠠᠷᠲᠠᠶ ᠠᠷᠠᠯᠵᠢᠶᠠᠨ᠎ᠤ ᠥᠪᠡᠷ᠎ᠦᠨ ᠥᠷᠲᠡᠭ ᠬᠡᠲᠦ᠍ ᠥᠨᠳᠥᠷ ᠪᠠᠶ᠋ᠢᠬᠤ ᠵᠡᠷᠭᠡ ᠠᠰᠠᠭᠤᠳᠠᠯ᠎ᠢ ᠰᠢᠢᠳᠪᠦᠷᠢᠯᠡᠬᠦ᠌᠎ᠶᠢᠨ ᠲᠥᠯᠥᠭᠡ᠂ ᠵᠠᠰᠠᠪᠤᠷᠢ ᠣᠷᠣᠭᠤᠯᠬᠤ ᠲᠥᠰᠦᠯ᠎ᠳᠦ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠠᠯᠳᠠ ᠬᠠᠷᠰᠢ ᠰᠠᠭᠠᠳ᠎ᠢ ᠬᠦᠴᠦᠯᠡᠨ ᠠᠷᠢᠯᠭᠠᠵᠤ᠂ ᠡᠵᠡᠩᠨᠡᠯᠲᠡ᠎ᠶᠢᠨ ᠭᠤᠤᠯ ᠴᠣᠭᠴᠠ᠎ᠶᠢᠨ ᠳᠠᠷᠤᠭᠠᠰᠤ᠎ᠶᠢ ᠬᠥᠩᠭᠡᠯᠡᠪᠡ᠃

ᠳᠤᠮᠳᠠᠳᠤ ᠤᠯᠤᠰ᠎ᠤᠨ ᠡᠳ᠋᠎ᠦᠨ ᠵᠠᠰᠠᠭ᠎ᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭᠴᠢ ᠸᠠᠩ ᠽᠸ ᠼᠠᠢ᠂ ᠲᠣᠰ ᠤᠳᠠᠭ᠎ᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠳᠤ ᠵᠠᠰᠠᠪᠤᠷᠢ ᠣᠷᠣᠭᠤᠯᠤᠭᠰᠠᠨ ᠨᠢ ᠣᠯᠠᠨ ᠨᠡᠶ᠋ᠢᠲᠡ᠎ᠶᠢᠨ ᠬᠤᠳᠠᠯᠳᠤᠨ ᠠᠪᠬᠤ ᠠᠵᠢᠯ ᠲᠥᠷᠥᠯ᠎ᠦᠨ ᠵᠠᠰᠠᠯᠲᠠ᠎ᠶᠢ ᠲᠡᠭᠦᠯᠳᠡᠷᠵᠢᠭᠦᠯᠬᠦ᠌᠂ ᠡᠳ᠋᠎ᠦᠨ ᠵᠠᠰᠠᠭ᠎ᠤᠨ ᠪᠠᠯᠠ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠎ᠢ ᠳᠡᠭᠡᠭᠰᠢᠯᠡᠭᠦᠯᠬᠦ᠌᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠠᠶ᠋ᠢᠭᠤᠯᠤᠯᠲᠠ᠎ᠶᠢ ᠭᠦᠨᠵᠡᠭᠡᠶ᠋ᠢᠷᠡᠭᠦᠯᠦᠨ ᠠᠬᠢᠭᠤᠯᠬᠤ᠂ ᠥᠨᠳᠥᠷ ᠲᠦᠪᠰᠢᠨ ᠪᠥᠬᠥᠶ ᠭᠠᠳᠠᠭᠠᠳᠤ ᠨᠡᠭᠡᠭᠡᠯᠲᠡ᠎ᠶᠢ ᠥᠷᠭᠡᠳᠬᠡᠬᠦ᠌ ᠵᠡᠷᠭᠡ᠎ᠳᠦ ᠴᠢᠬᠤᠯᠠ ᠠᠴᠢ ᠬᠣᠯᠪᠣᠭᠳᠠᠯ᠎ᠲᠠᠶ ᠪᠠᠶ᠋ᠢᠵᠤ᠂ ᠥᠨᠳᠥᠷ ᠪᠠᠷᠢᠮᠵᠢᠶᠠᠲᠤ᠌ ᠵᠠᠬ᠎ᠠ ᠳᠡᠯᠭᠡᠭᠦᠷ᠎ᠦᠨ ᠰᠢᠰᠲ᠋ᠧᠮ᠎ᠢ ᠪᠠᠶ᠋ᠢᠭᠤᠯᠬᠤ᠂ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ᠎ᠳᠤ ᠬᠠᠤᠯᠢ᠎ᠪᠠᠷ ᠵᠠᠰᠠᠬᠤ ᠬᠦᠴᠦᠲᠡᠶ ᠪᠠᠲᠤᠯᠠᠭ᠎ᠠ ᠬᠠᠩᠭᠠᠬᠤ ᠪᠣᠯᠤᠨ᠎ᠠ ᠭᠡᠵᠤ ᠢᠯᠡᠳᠭᠡᠪᠡ᠃

ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 23 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号