ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠫᠤᠤᠳᠠᠯᠭ᠎ᠠ᠎ᠶᠢᠨ ᠲᠥᠷᠥᠯ ᠵᠦᠢᠯ᠎ᠤᠨ ᠤᠷᠤᠯᠳᠤᠭᠠᠨ ᠡᠬᠢᠯᠡᠵᠡᠢ
2026-06-25 10:29:36
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠫᠤᠤᠳᠠᠯᠭ᠎ᠠ᠎ᠶᠢᠨ ᠲᠥᠷᠥᠯ ᠵᠦᠢᠯ᠎ᠤᠨ ᠤᠷᠤᠯᠳᠤᠭᠠᠨ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠤᠷᠳᠤᠨ᠎ᠳᠦ ᠡᠬᠢᠯᠡᠪᠡ᠃

ᠲᠤᠰ ᠤᠳᠠᠭ᠎ᠠ᠎ᠶᠢᠨ ᠫᠤᠤᠳᠠᠯᠭ᠎ᠠ᠎ᠶᠢᠨ ᠤᠷᠤᠯᠳᠤᠭᠠᠨ᠎ᠳᠦ ᠡᠷᠡᠭᠲᠡᠢ᠎ᠶᠢᠨ ᠬᠥᠬᠡ ᠳᠤᠭᠤᠢᠯᠠᠩ᠂ ᠡᠮᠡᠭᠲᠡᠢ᠎ᠶᠢᠨ ᠬᠥᠬᠡ ᠳᠤᠭᠤᠢᠯᠠᠩ᠂ ᠡᠷᠡᠭᠲᠡᠢ᠎ᠶᠢᠨ ᠬᠥᠬᠡᠭᠴᠢᠨ ᠳᠤᠭᠤᠢᠯᠠᠩ᠂ ᠡᠮᠡᠭᠲᠡᠢ᠎ᠶᠢᠨ ᠬᠥᠬᠡᠭᠴᠢᠨ ᠳᠤᠭᠤᠢᠯᠠᠩ᠂ ᠡᠷᠡᠭᠲᠠᠢ ᠡᠮᠡᠭᠲᠠᠢ᠎ᠵᠢᠨ ᠬᠠᠮᠲᠤᠷᠠᠭᠰᠠᠨ ᠪᠦᠯᠬᠦᠮ᠎ᠤᠨ ᠤᠷᠤᠯᠳᠤᠭᠠᠨ ᠵᠡᠷᠭᠡ 40 ᠪᠠᠭ᠎ᠠ ᠲᠦᠷᠦᠯ ᠵᠦᠢᠯ᠎ᠢ ᠲᠣᠬᠢᠷᠠᠭᠤᠯᠵᠤ᠂ 10 ᠠᠢᠮᠠᠭ ᠬᠤᠳᠠ᠎ᠶᠢᠨ ᠬᠢᠨ 200 ᠭᠠᠷᠤᠢ ᠲᠠᠮᠢᠷᠴᠢᠨ᠎ᠢ ᠰᠣᠩᠭᠣᠨ ᠤᠷᠤᠯᠳᠤᠭᠠᠨ᠎ᠳᠤ ᠣᠷᠣᠯᠴᠠᠭᠤᠯᠵᠤ᠂ ᠪᠦᠬᠦ ᠣᠷᠣᠨ᠎ᠤ ᠫᠤᠤᠳᠠᠯᠭ᠎ᠠ᠎ᠶᠢᠨ ᠬᠥᠳᠡᠯᠭᠡᠭᠡᠨ᠎ᠦ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠦᠭᠰᠡᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠰᠢᠯᠭᠠᠨ ᠪᠠᠢᠴᠠᠭᠠᠵᠠᠢ᠃ ᠤᠷᠤᠯᠳᠤᠭᠠᠨ ᠡᠬᠢᠯᠡᠭᠰᠡᠨ ᠠᠩᠬᠠᠨ᠎ᠤ ᠡᠳᠦᠷ᠎ᠲᠦ ᠬᠥᠬᠡᠬᠣᠲᠠ᠎ᠶᠢᠨ ᠲᠥᠯᠥᠭᠡᠯᠡᠭᠴᠢᠳ᠎ᠦᠨ ᠠᠩᠭᠢ 3 ᠠᠯᠲᠠᠨ ᠮᠧᠳᠠᠯ᠂ 2 ᠮᠥᠩᠭᠥᠨ ᠮᠧᠳᠠᠯ ᠭᠠᠷᠳᠠᠵᠤ᠂ ᠨᠡᠶ᠋ᠢᠲᠡ 5 ᠮᠧᠳᠠᠯ ᠭᠠᠷᠳᠠᠪᠠ᠃

ᠲᠤᠰ ᠤᠳᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠫᠤᠤᠳᠠᠯᠭ᠎ᠠ᠎ᠶᠢᠨ ᠲᠦᠷᠦᠯ ᠵᠦᠢᠯ᠎ᠦᠨ ᠤᠷᠤᠯᠳᠤᠭᠠᠨ᠎ᠢ ᠡᠷᠬᠢᠯᠡᠭᠰᠡᠨ ᠨᠢ ᠪᠦᠬᠦ ᠣᠷᠣᠨ᠎ᠤ ᠫᠤᠤᠳᠠᠯᠭ᠎ᠠ᠎ᠶᠢᠨ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠰᠢᠯᠭᠠᠨ ᠦᠵᠡᠭᠰᠡᠨ ᠪᠥᠭᠡᠳ ᠨᠡᠩ ᠴᠤ᠌ ᠫᠤᠤᠳᠠᠯᠭ᠎ᠠ᠎ᠶᠢᠨ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠠᠭᠤᠳᠠᠯᠵᠤ᠂ ᠪᠦᠬᠦ ᠣᠷᠣᠨ᠎ᠤ ᠫᠤᠤᠳᠠᠯᠭ᠎ᠠ᠎ᠶᠢᠨ ᠬᠥᠳᠡᠯᠭᠡᠭᠡᠨ᠎ᠤ ᠲᠦᠭᠡᠮᠡᠯᠵᠢᠯᠲᠡ᠎ᠵᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号