6 ᠰᠠᠷ᠎ᠠ ᠵᠢᠨ 24 ᠤ᠋ ᠡᠳᠦᠷ᠂ ᠥᠪᠥᠷ ᠮᠣᠩᠭᠣᠯ᠎ᠤᠨ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ ᠵᠢ ᠨᠡᠢᠳᠡᠯᠡᠪᠡ᠃ ᠡᠩ᠎ᠦᠨ ᠲᠥᠷᠥᠯ᠎ᠦᠨ ᠰᠣᠷᠣᠭ᠍ᠴᠢ ᠡᠯᠰᠡᠬᠦᠬᠠᠮᠤᠭᠤᠨ ᠳᠤᠤᠷ᠎ᠠ ᠬᠢᠵᠠᠭᠠᠷᠯᠠᠬᠤ ᠬᠤᠪᠢ ᠳ᠋ᠤ᠂ ᠹᠢᠽᠢᠺ᠎ᠦᠨ ᠲᠥᠷᠥᠯ᠎ᠤᠨ ᠵᠢᠩᠬᠢᠨᠢ ᠠᠩᠭᠢ᠎ᠳᠤ ᠡᠯᠰᠡᠬᠦ ᠬᠤᠪᠢ ᠨᠢ 363 ᠬᠤᠪᠢ᠂ ᠵᠢᠩᠬᠢᠨᠢ ᠠᠩᠬᠢ ᠵᠢᠨ ᠤᠨᠴᠠᠭᠠᠢ ᠲᠦᠷᠦᠯ᠎ᠤᠨ ᠡᠯᠰᠡᠬᠦ ᠬᠤᠪᠢ ᠨᠢ 488 ᠬᠤᠪᠢ; ᠳᠡᠦᠬᠡ ᠵᠢᠨ ᠲᠦᠷᠦᠯ᠎ᠤᠨ ᠵᠢᠩᠬᠢᠨᠢ ᠠᠩᠭᠢ ᠳ᠋ᠤ ᠡᠯᠰᠡᠬᠦ ᠬᠤᠪᠢ ᠨᠢ 403 ᠬᠤᠪᠢ᠂ ᠵᠢᠩᠬᠢᠨᠢ ᠠᠩᠬᠢ ᠵᠢᠨ ᠤᠨᠴᠠᠭᠠᠢ ᠲᠦᠷᠦᠯ᠎ᠤᠨ ᠡᠯᠰᠡᠬᠦ ᠬᠤᠪᠢ ᠨᠢ 512 ᠬᠤᠪᠢ ᠪᠤᠯᠤᠨ᠎ᠠ᠃ ᠳᠡᠬᠡᠳᠤ ᠵᠡᠷᠬᠡ ᠵᠢᠨ ᠠᠵᠢᠯ ᠮᠡᠷᠬᠡᠵᠢᠯ᠎ᠤᠨ ᠰᠤᠷᠭᠠᠭᠤᠯᠢ ᠪᠠ ᠳᠡᠬᠡᠳᠤ ᠵᠡᠷᠬᠡ ᠵᠢᠨ ᠳᠤᠰᠬᠠᠢ ᠮᠡᠷᠬᠡᠵᠢᠯ᠎ᠤᠨ ᠰᠤᠷᠭᠠᠭᠤᠯᠢ ᠵᠢᠨ ᠰᠤᠷᠤᠭᠴᠢ ᠡᠯᠰᠡᠬᠦ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ ᠨᠢ 160 ᠬᠤᠪᠢ ᠪᠤᠯᠤᠨ᠎ᠠ᠃
ᠡᠬᠦᠨ ᠳ᠋ᠤ᠂ ᠵᠢᠩᠬᠢᠨᠢ ᠠᠩᠭᠢ᠎ᠶᠢᠨ ᠣᠨᠴᠠᠭᠠᠶ ᠲᠥᠷᠥᠯ᠎ᠤᠨ ᠰᠣᠷᠣᠭ᠍ᠴᠢ ᠡᠯᠰᠡᠬᠦᠬᠠᠮᠤᠭᠤᠨ ᠳᠤᠤᠷ᠎ᠠ ᠬᠢᠵᠠᠭᠠᠷᠯᠠᠬᠤ ᠬᠤᠪᠢ᠎ᠵᠢ ᠰᠠᠭᠤᠷᠢ᠎ᠶᠢ ᠴᠢᠩᠭᠠᠳᠬᠠᠬᠤ ᠲᠥᠯᠥᠪᠯᠡᠭᠡ᠂ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠲᠥᠯᠥᠪᠯᠡᠭᠡ᠂ ᠶᠡᠷᠦᠩᠬᠡᠢᠯᠡᠭᠰᠡᠨ ᠦᠨᠡᠯᠡᠯᠲᠡ᠂ ᠴᠡᠷᠢᠭ᠎ᠦᠨ ᠶᠠᠪᠤᠳᠠᠯ᠎ᠤᠨ ᠶᠡᠬᠡ ᠳᠡᠭᠡᠳᠦ ᠰᠤᠷᠭᠠᠭᠤᠯᠢ ᠵᠡᠷᠭᠡ ᠬᠡᠰᠡᠭ ᠣᠨᠴᠠᠭᠠᠶ ᠲᠥᠷᠥᠯ᠎ᠤᠨ ᠰᠣᠷᠣᠭ᠍ᠴᠢ ᠡᠯᠰᠡᠬᠦ᠎ᠳᠦ ᠬᠡᠷᠡᠭᠯᠡᠬᠦ ᠪᠤᠯᠤᠨ᠎ᠠ᠃ ᠳᠤᠰᠬᠠᠢ ᠲᠦᠯᠦᠪᠯᠡᠬᠡ ᠪᠡᠷ ᠰᠤᠷᠤᠭᠴᠢ ᠡᠯᠰᠡᠬᠦ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ ᠳ᠋ᠤ᠂ ᠹᠢᠽᠢᠺ᠎ᠤᠨ ᠲᠦᠷᠦᠯ᠎ᠤᠨ ᠵᠢᠩᠬᠢᠨᠢ ᠠᠩᠬᠢ ᠳ᠋ᠤ ᠡᠯᠰᠡᠬᠦ ᠬᠤᠪᠢ ᠨᠢ 323 ᠬᠤᠪᠢ᠂ ᠳᠡᠦᠬᠡ ᠵᠢᠨ ᠲᠦᠷᠦᠯ᠎ᠤᠨ ᠵᠢᠩᠬᠢᠨᠢ ᠠᠩᠬᠢ ᠳ᠋ᠤ ᠡᠯᠰᠡᠬᠦ ᠬᠤᠪᠢ ᠨᠢ 326 ᠬᠤᠪᠢ ᠪᠤᠯᠤᠨ᠎ᠠ᠃ ᠳᠡᠬᠡᠳᠤ ᠵᠡᠷᠬᠡ ᠵᠢᠨ ᠠᠵᠢᠯ ᠮᠡᠷᠬᠡᠵᠢᠯ᠎ᠤᠨ ᠰᠤᠷᠭᠠᠭᠤᠯᠢ ᠪᠠ ᠳᠡᠬᠡᠳᠤ ᠵᠡᠷᠬᠡ ᠵᠢᠨ ᠳᠤᠰᠬᠠᠢ ᠮᠡᠷᠬᠡᠵᠢᠯ᠎ᠤᠨ ᠰᠤᠷᠭᠠᠭᠤᠯᠢ ᠵᠢᠨ ᠰᠤᠷᠤᠭᠴᠢ ᠡᠯᠰᠡᠬᠦ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ ᠨᠢ 160 ᠬᠤᠪᠢ ᠪᠤᠯᠤᠨ᠎ᠠ᠃
ᠡᠨᠡ ᠵᠢᠯ ᠮᠠᠨ᠎ᠤ ᠤᠷᠤᠨ ᠦᠷᠬᠦᠯᠵᠢᠯᠡᠨ ᠵᠡᠷᠭᠡᠴᠡᠭᠡ ᠡᠷᠡᠮᠡᠯᠵᠡᠯ᠎ᠦᠨ ᠵᠠᠭᠪᠤᠷ᠎ᠢ ᠬᠡᠷᠡᠭᠯᠡᠨ᠎ᠡ᠃ ᠰᠢᠯᠭᠠᠭᠤᠯᠤᠭᠰᠠᠳ ᠡᠷᠡᠮᠡᠯᠵᠡᠯ ᠳᠠᠭᠯᠠᠬᠤ ᠳ᠋ᠠᠭᠠᠨ 《ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠪᠦᠯᠦᠭ》 ᠤ᠋ᠨ ᠵᠡᠷᠭᠡᠴᠡᠭᠡ ᠡᠷᠡᠮᠡᠯᠵᠡᠯ᠎ᠤᠨ ᠵᠠᠭᠪᠤᠷ᠎ᠢ ᠬᠡᠷᠡᠭᠯᠡᠵᠦ᠂ ᠲᠦᠷᠦᠯ ᠵᠦᠢᠯ᠎ᠤᠨ ᠬᠤᠪᠢ ᠳ᠋ᠤ ᠡᠩ᠎ᠦᠨ ᠲᠥᠷᠥᠯ᠂ ᠤᠷᠠᠯᠢᠭ᠋᠎ᠤᠨ ᠲᠥᠷᠥᠯ᠂ ᠪᠡᠶ᠎ᠡ᠎ᠶᠢᠨ ᠲᠠᠮᠢᠷ᠎ᠤᠨ ᠲᠥᠷᠥᠯ᠂ ᠳᠤᠰᠬᠠᠢ ᠮᠡᠷᠬᠡᠵᠢᠯ ᠵᠢᠡᠷ ᠨᠢ ᠵᠤᠯᠭᠠᠭᠤᠯᠤᠨ ᠡᠯᠰᠡᠬᠦ ᠲᠥᠷᠥᠯ ᠬᠤᠪᠢᠶᠠᠵᠤ᠂ ᠪᠦᠯᠦᠭ (ᠬᠡᠰᠡᠭ) ᠤᠳᠠᠭ᠎ᠠ ᠳ᠋ᠤ 60 ᠵᠡᠷᠭᠡᠴᠡᠭᠡ ᠡᠷᠡᠮᠡᠯᠵᠡᠯ᠎ᠢ ᠲᠣᠬᠢᠷᠠᠭᠤᠯᠵᠤ᠂ ᠡᠷᠡᠮᠡᠯᠵᠡᠯ ᠪᠦᠷᠢᠳᠦ 12 ᠲᠤᠰᠬᠠᠢ ᠮᠡᠷᠭᠡᠵᠢᠯ ᠪᠠ ᠲᠣᠬᠢᠷᠠᠭᠤᠯᠤᠯᠲᠠ᠎ᠶᠢ ᠳᠠᠭᠠᠬᠤ ᠡᠰᠡᠬᠦ ᠰᠣᠩᠭᠣᠯᠲᠠ᠎ᠶᠢᠨ ᠵᠦᠢᠯ᠎ᠢ 1 ᠲᠣᠬᠢᠷᠠᠭᠤᠯᠪᠠ᠃ ᠡᠩ᠎ᠦᠨ ᠲᠥᠷᠥᠯ᠂ ᠤᠷᠠᠯᠢᠭ᠋᠎ᠤᠨ ᠲᠥᠷᠥᠯ᠂ ᠪᠡᠶ᠎ᠡ᠎ᠶᠢᠨ ᠲᠠᠮᠢᠷ᠎ᠤᠨ ᠲᠥᠷᠥᠯ᠂ ᠳᠤᠰᠬᠠᠢ ᠮᠡᠷᠬᠡᠵᠢᠯ ᠵᠢᠡᠷ ᠨᠢ ᠵᠤᠯᠭᠠᠭᠤᠯᠤᠨ ᠡᠯᠰᠡᠬᠦ ᠮᠠᠯ ᠠᠵᠤ ᠠᠬᠤᠢ ᠪᠠ ᠮᠠᠯᠡᠮᠨᠡᠯᠭᠡᠶᠢᠨ ᠲᠥᠷᠥᠯ᠎ᠳᠦ ᠲᠣᠰ ᠲᠣᠰ ᠲᠤᠰᠬᠠᠢ ᠲᠦᠯᠦᠪᠯᠡᠬᠡ ᠪᠡᠷ ᠰᠤᠷᠤᠭᠴᠢ ᠡᠯᠰᠡᠬᠦ ᠵᠢ ᠳᠤᠬᠢᠷᠠᠭᠤᠯᠪᠠ᠃ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠢᠯᠭᠠᠭᠤᠯᠤᠭᠰᠠᠳ ᠳᠤᠬᠢᠷᠠᠯᠴᠠᠭᠰᠠᠨ ᠲᠥᠷᠥᠯ᠂ ᠪᠦᠯᠦᠭ (ᠬᠡᠰᠡᠭ) ᠤᠳᠠᠭ᠎ᠠ ᠵᠢ ᠰᠣᠩᠭᠣᠵᠤ ᠡᠷᠡᠮᠡᠯᠵᠡᠯ ᠳᠠᠭᠯᠠᠨ ᠮᠡᠳᠡᠬᠦᠯᠦᠨ᠎ᠡ᠃ 6 ᠰᠠᠷ᠎ᠠ᠎ᠶᠢᠨ 24᠎ᠤ᠋ ᠡᠳᠦᠷ᠎ᠦᠨ 14᠄ 30 ︱ 20᠄ 30 ᠳ᠋ᠥ᠂ ᠰᠢᠯᠭᠠᠭᠤᠯᠤᠭ᠍ᠴᠢ ᠤᠷᠢᠳᠴᠢᠯᠠᠨ ᠡᠯᠰᠡᠬᠦ ᠪᠦᠯᠦᠭ ᠤᠳᠠᠭ᠎ᠠ ᠵᠢᠨ ᠰᠠᠨᠠᠮᠵᠢ ᠵᠢᠨ ᠡᠷᠡᠮᠡᠯᠵᠡᠯ ᠳᠠᠭᠯᠠᠵᠤ᠂ ᠵᠡᠷᠭᠡᠴᠡᠭᠡ ᠡᠷᠡᠮᠡᠯᠵᠡᠯ᠎ᠦᠨ ᠵᠠᠭᠪᠤᠷ ᠢ᠋ ᠬᠡᠷᠡᠭᠯᠡᠨ᠎ᠡ᠃ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ ᠪᠠ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠬᠡᠵᠢᠯ) ᠤ᠋ᠨ ᠤᠷᠢᠳᠴᠢᠯᠠᠨ ᠡᠯᠰᠡᠬᠦ ᠪᠦᠯᠦᠭ ᠬᠠᠮᠲᠤ ᠳ᠋ᠤᠨᠢ ᠡᠷᠡᠮᠡᠯᠵᠡᠯ ᠲᠠᠭᠯᠠᠨ ᠮᠡᠳᠡᠭᠦᠯᠦᠨ᠎ᠡ᠃