ᠨᠢᠭᠡ ᠤᠳᠠᠭᠠᠨ᠎ᠤ ᠮᠡᠳᠡᠯᠭᠡ᠎ᠶ᠋ᠢᠨ ᠤᠷᠤᠯᠳᠤᠭᠠᠨ᠎ᠳᠠᠬᠢ 《ᠠᠨᠠᠷ᠎ᠤ᠋ᠨ ᠬᠠᠢᠷ᠎ᠠ ᠰᠡᠳᠭᠢᠯᠭᠡ 》
2026-06-26 10:05:57
ᠵᠣᠬᠢᠶᠠᠭ᠍ᠴᠢ᠄
ᠸᠠᠩ ᠶᠠ ᠵᠢᠩ ᠳ᠋ᠢᠩ ᠱᠧᠩ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶ᠋ᠢᠨ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠨᠡᠪᠲᠡᠷᠡᠭᠦᠯᠭᠡ᠎ᠶ᠋ᠢᠨ ᠲᠢᠩᠬᠢᠮ᠎ᠳᠦ《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠮᠡᠲᠦ ᠳᠣᠲᠣᠨᠣ·ᠠᠵᠢᠯᠲᠠᠨ ᠠᠵᠢᠯᠴᠢᠨ ᠰᠡᠳᠬᠢᠯ ᠨᠢᠭᠡᠲᠦᠨ ᠢᠷᠡᠭᠡᠳᠦᠶ᠎ᠪᠡᠨ ᠵᠣᠷᠢᠬᠤᠢ》 ᠱᠢᠨ᠎ᠡ ᠬᠣᠲᠠ ᠲᠣᠭᠣᠷᠢᠭ᠎ᠤᠨ《ᠠᠨᠠᠷ ᠎ᠤᠨ ᠰᠡᠳᠭᠢᠯ ᠨᠢᠭᠡᠳᠡᠳ ᠬᠤᠨᠳᠠᠭᠠᠲᠤ 》 ᠠᠵᠢᠯᠲᠠᠨ ᠠᠵᠢᠯᠴᠢᠨ ᠣᠯᠠᠨ ᠲᠦᠮᠡᠨ ᠎ᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠮᠡᠳᠡᠯᠭᠡ᠎ᠶ᠋ᠢᠨ ᠤᠷᠤᠯᠳᠤᠭᠠᠨ ᠲᠦᠷᠦᠭᠦᠭᠡᠨ  ᠠᠮᠵᠢᠯᠲᠠ᠎ᠲᠠᠶ ᠥᠨᠳᠥᠷᠯᠡᠪᠡ᠃ ᠨᠢᠭᠡ ᠤᠳᠠᠭᠠᠨ᠎ᠤ ᠮᠡᠳᠡᠯᠭᠡ᠎ᠶ᠋ᠢᠨ ᠤᠷᠤᠯᠳᠤᠭᠠᠨ ᠨᠢ ᠶᠠᠭᠤ᠎ᠵᠢ ᠬᠠᠷᠠᠭᠤᠯᠵᠦ ᠳᠡᠢᠯᠬᠦ᠌ ᠪᠤᠢ? ᠬᠠᠷᠢᠭᠤᠯᠲᠠ ᠨᠢ ᠬᠠᠷᠢᠨ ᠵᠦᠪᠬᠡᠨ ᠬᠤᠪᠢ ᠲᠡᠮᠳᠡᠭ᠌ᠯᠡᠬᠦ᠌ ᠫᠠᠢᠰᠠ ᠳᠡᠭᠡᠷ᠎ᠡ ᠢᠯᠡᠷᠡᠬᠦ ᠲᠡᠲᠦᠢ ᠪᠢᠰᠢ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠵᠠᠪᠳᠤᠨ ᠬᠠᠷᠢᠭᠤᠯᠬᠤ ᠮᠠᠱᠢᠨ᠂ ᠭᠠᠷ ᠤᠲᠠᠰᠤᠨ᠎ᠤ ᠳᠡᠯᠭᠡᠴᠡ᠂ ᠨᠡᠢᠭᠡᠮ ᠲᠣᠭᠣᠷᠢᠭ᠎ᠤᠨ ᠤᠬᠠᠭᠤᠯᠭ᠎ᠠ ᠶ᠋ᠢᠨ ᠪᠤᠯᠤᠩ᠎ᠳᠤ ᠪᠠᠰᠠ ᠢᠯᠡᠷᠡᠪᠠ᠂ ᠡᠨᠡ ᠨᠢ ᠱᠢᠨ᠎ᠡ ᠬᠣᠲᠠ ᠲᠣᠭᠣᠷᠢᠭ᠎ᠤᠨ ᠲᠣᠰ ᠤᠳᠠᠭᠠᠨ᠎ᠤ ᠮᠡᠳᠡᠯᠭᠡ ᠎ᠶ᠋ᠢᠨ ᠤᠷᠤᠯᠳᠤᠭᠠᠨ᠎ᠤ ᠬᠠᠮᠤᠭ᠎ᠤᠨ ᠪᠠᠶᠠᠷᠯᠠᠭᠤᠱᠢᠲᠠᠶ ᠨᠢᠭᠡ ᠬᠡᠰᠡᠭ ᠪᠣᠯᠤᠨ᠎ᠠ᠃

ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠨᠢ ᠲᠠᠯᠠᠪᠤᠷ ᠪᠠ ᠴᠠᠭ᠎ᠤᠨ ᠬᠢᠵᠠᠭᠠᠷᠯᠠᠯ ᠎ᠢ ᠬᠦᠯᠢᠶᠡᠬᠦ᠌ ᠦᠭᠡᠢ ᠪᠠᠢᠵᠦ᠂ ᠰᠤᠷᠤᠯᠴᠠᠯᠭ᠎ᠠ᠎ᠶ᠋ᠢ ᠨᠢᠭᠡ ᠵᠦᠶ᠋ᠯ᠎ᠦᠨ ᠴᠠᠭ ᠢᠮᠠᠭ᠍ᠲᠠ ᠶᠠᠪᠤᠬᠳᠠᠭᠤᠯᠵᠦ ᠪᠣᠯᠬᠤ ᠡᠳᠦᠷ ᠲᠤᠲᠤᠮ᠎ᠤᠨ ᠶᠠᠪᠤᠳᠠᠯ ᠪᠣᠯᠭᠠᠵᠠᠶ᠃ ᠪᠤᠳᠠᠲᠦ ᠴᠤᠬᠴᠠ᠎ᠳᠤ ᠪᠠᠢᠭᠤᠯᠭ᠎ᠠ ᠂ ᠵᠡᠭᠡᠯᠢ ᠭᠤᠳᠤᠮᠵᠢ᠂ ᠰᠤᠷᠭᠠᠭᠤᠯᠢ᠂ ᠠᠵᠤ ᠠᠬᠤᠢᠯᠠᠯ᠎ᠤᠨ 39 ᠰᠠᠯᠠᠭ᠎ᠠ ᠡᠩᠨᠡᠭᠡ ᠬᠣᠲᠠ᠎ᠶ᠋ᠢᠨ ᠡᠯ᠎ᠡ ᠠᠵᠢᠯ ᠲᠥᠷᠥᠯ᠎ᠢ ᠪᠦᠷᠬᠦᠪᠡ᠃ ᠱᠢᠨ᠎ᠡ ᠬᠤᠳᠠ ᠲᠣᠭᠣᠷᠢᠭ᠎ᠤᠨ ᠨᠢᠭᠡᠳᠦᠭᠡᠷ ᠬᠡᠦᠬᠡᠳ᠎ᠦᠨ ᠴᠡᠴᠡᠷᠯᠢᠭ᠎ᠦᠨ ᠵᠠᠯᠠᠭᠤ ᠪᠠᠭ᠍ᠰᠢ᠎ᠨᠠᠷ᠎ᠤᠨ ᠨᠢᠭᠡᠳᠦᠭᠡᠷ ᠳᠡᠰ᠎ᠤᠨ ᠱᠠᠩᠨᠠᠯ᠎ᠢ ᠬᠦᠷᠲᠡᠭᠰᠡᠨ ᠨᠢ ᠬᠡᠦᠬᠡᠳ᠎ᠦᠳ᠎ᠦᠨ ᠬᠢᠴᠢᠶᠡᠯ ᠳᠡᠭᠡᠷᠡᠬᠢ《ᠠᠨᠠᠷ》 ᠤ᠋ᠨ ᠲᠤᠬᠠᠢ ᠬᠦᠬᠡᠷᠦᠬᠦᠨ ᠨᠢᠯᠬᠠᠰᠠᠭ ᠠᠰᠠᠭᠤᠯᠲᠠ ᠡᠴᠡ ᠢᠷᠡᠯ ᠲᠠᠢ ᠶᠤᠮ᠃ ᠪᠠᠷᠠᠭᠤᠨ ᠵᠡᠭᠡᠯᠢ᠎ᠶ᠋ᠢᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠲᠥᠯᠥᠭᠡᠯᠡᠭ᠌ᠴᠢᠳ᠎ᠦᠨ ᠠᠩᠭᠢ ᠵᠠᠪᠳᠤᠨ ᠬᠠᠷᠢᠭᠤᠯᠬᠤ ᠭᠣᠭ᠍ᠴᠣᠭ᠎ᠠ᠎ᠳᠤ ᠮᠠᠰᠢ ᠢᠳᠡᠪᠬᠢᠲᠡᠢ ᠤᠷᠤᠯᠴᠠᠵᠦ᠂ ᠲᠡᠳᠡᠨ᠎ᠦ ᠭᠣᠢᠳᠠ ᠰᠠᠢᠬᠠᠨ ᠬᠠᠷᠢᠭᠤᠯᠲᠠ ᠪᠣᠯ ᠡᠩ᠎ᠦᠨ ᠦᠶ᠎ᠡ᠎ᠳᠦ ᠡᠷᠦᠬᠡ᠎ᠪᠡᠷ ᠣᠷᠣᠵᠤ ᠰᠤᠷᠪᠤᠯᠵᠢᠯᠠᠬᠤ ᠦᠶᠡᠰ᠎ᠤᠨ ᠰᠠᠭᠤᠭᠠᠯᠢ ᠠᠷᠠᠳ᠎ᠤᠨ ᠠᠰᠠᠭᠤᠵᠤ ᠥᠩᠭᠡᠷᠡᠭ᠌ᠰᠡᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠪᠣᠯᠤᠨ᠎ᠠ᠃ ᠠᠳᠠᠯᠢ ᠪᠤᠰᠤ ᠬᠦᠷᠢᠶ᠎ᠠ ᠴᠠᠷᠠᠭᠠᠨ᠎ᠦ ᠬᠥᠮᠦᠰ ᠠᠳᠠᠯᠢ ᠨᠢᠭᠡᠨ ᠰᠡᠳᠦᠪ᠎ᠲᠦ ᠬᠠᠨᠳᠤᠬᠤ ᠨᠢ ᠨᠢᠭᠡ ᠤᠳᠠᠭᠠᠨ᠎ᠤ ᠲᠠᠢᠰᠠᠨ᠎ᠠ ᠤᠷᠤᠯᠳᠤᠬᠤ ᠳᠥᠭᠥᠮᠬᠡᠨ ᠤᠷᠤᠯᠳᠤᠭᠠᠨ ᠪᠢᠰᠢ᠂ ᠬᠠᠷᠢᠨ ᠲᠤᠷᠱᠢᠯᠭ᠎ᠠ᠎ᠪᠠᠨ ᠰᠣᠯᠢᠯᠴᠠᠬᠤ ᠠᠵᠢᠯᠯᠠᠭ᠎ᠠ ᠪᠣᠯᠤᠨ᠎ᠠ᠃ ᠡᠯ᠎ᠡ ᠹᠷᠣᠨᠲ᠎ᠤᠨ ᠬᠥᠮᠦᠰ ᠠᠳᠠᠯᠢ ᠨᠢᠭᠡᠨ ᠬᠠᠷᠢᠭᠤᠯᠲᠠ᠎ᠶ᠋ᠢᠨ ᠬᠠᠭᠤᠳᠠᠰᠤᠨ ᠳᠡᠭᠡᠷ᠎ᠡ᠎ᠡᠴᠡ ᠥᠪᠡᠷ᠎ᠦᠨ ᠤᠷᠤᠨ ᠪᠠᠢᠷᠢ᠎ᠪᠠᠨ ᠡᠷᠢᠵᠦ᠍ ᠤᠯᠬᠤ ᠦᠶ᠎ᠡ᠎ᠳᠦ᠂ 《ᠭᠣᠣᠯ ᠰᠢᠵᠢᠮ》 ᠨᠢ ᠴᠦ᠍ ᠦᠨᠡᠨ ᠬᠦ᠌ ᠪᠦᠬᠦ᠌ ᠲᠠᠯ᠎ᠠ᠎ᠳᠤ ᠲᠤᠭᠤᠱᠢᠯᠠᠭ᠍ᠳᠠᠬᠰᠠᠨ ᠪᠠᠢᠳᠠᠭ᠃

ᠡᠨᠡ ᠤᠳᠠᠭᠠᠨ ᠎ᠤ ᠤᠷᠤᠯᠳᠤᠭᠠᠨ᠎ᠤ ᠪᠠᠰᠠ ᠨᠢᠭᠡᠨ ᠠᠴᠢ ᠬᠣᠯᠪᠣᠭ᠍ᠳᠠᠯ ᠬᠡᠪᠡᠯ ᠰᠤᠷᠭᠠᠭᠤᠯᠢ ᠣᠷᠣᠨ ᠨᠤᠲᠤᠭ ᠎ᠤᠨ ᠬᠠᠮᠲᠤᠷᠠᠯᠴᠠᠭᠠᠨ᠎ᠤ ᠪᠣᠷᠣ ᠲᠥᠯᠥᠪ ᠳᠣᠲᠣᠷ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠦᠨ ᠠᠴᠢᠶᠠᠯᠠᠭ᠍ᠴᠢ᠎ᠳᠤ ᠨᠠᠩ ᠶᠡᠬᠡ ᠣᠷᠣᠨ ᠵᠠᠶ ᠨᠡᠭᠡᠭᠡᠵᠦ᠍ ᠥᠭ᠌ᠭᠦᠭ᠌ᠰᠡᠨ ᠶᠠᠪᠤᠳᠠᠯ ᠪᠣᠯᠤᠨ᠎ᠠ᠃ ᠡᠬᠦᠨ᠎ᠳᠤ᠂  ᠬᠥᠬᠡᠬᠣᠲᠠ᠎ᠶ᠋ᠢᠨ ᠦᠨᠳᠦᠰᠦᠲᠡᠨ᠎ᠦ ᠳᠡᠭᠡᠳᠦ ᠰᠤᠷᠭᠠᠭᠤᠯᠢ ᠡᠷᠳᠡᠮ ᠱᠢᠨᠵᠢᠯᠡᠭᠡᠨ᠎ᠦ ᠲᠤᠯᠭᠠᠭᠤᠷᠢᠯᠠᠯ ᠪᠠ ᠲᠠᠯᠠᠪᠤᠷ ᠬᠠᠩᠭᠠᠵᠤ᠂ ᠱᠢᠨ᠎ᠡ ᠬᠤᠳᠠ ᠲᠣᠭᠣᠷᠢᠭ᠎ᠤᠨ ᠡᠯ᠎ᠡ ᠦᠨᠳᠦᠰᠦᠨ ᠱᠠᠲᠤᠨ᠎ᠤ ᠪᠠᠢᠭᠤᠯᠭ᠎ᠠ ᠨᠢᠭᠡᠴᠢ ᠡᠮᠦᠨ᠎ᠡ ᠹᠷᠣᠨᠲ᠎ᠲᠤ ᠬᠦᠷᠴᠦ᠍ ᠦᠢᠯᠡᠳᠦᠯᠭᠡ᠎ᠳ᠋ᠤ ᠤᠷᠤᠯᠴᠠᠨ ᠱᠢᠨ᠎ᠡ ᠰᠣᠷᠭᠣᠭ ᠲᠤᠷᠱᠢᠯᠭ᠎ᠠ᠂ ᠤᠨᠤᠯ᠎ᠤᠨ ᠭᠦᠨᠴᠡ ᠪᠠ ᠦᠢᠯᠡᠳᠦᠯᠭᠡ᠎ᠶ᠋ᠢᠨ ᠥᠷᠭᠡᠴᠡ ᠳ᠋ᠡᠬᠡᠨ ᠲᠦᠰᠢᠭᠯᠡᠵᠦ᠂ ᠤᠷᠤᠯᠳᠤᠭᠠᠨ᠎ᠤ ᠲᠠᠯᠠᠪᠠᠢ᠎ᠶ᠋ᠢᠨ ᠳᠣᠲᠣᠨ᠎ᠠ ᠭᠠᠳᠠᠨᠡᠬᠢ᠎ᠵᠢ ᠵᠣᠯᠭᠠᠭᠤᠯᠪᠠ᠃ ᠤᠷᠤᠯᠳᠤᠭᠠᠨ᠎ᠤ ᠳᠠᠷᠠᠭ᠎ᠠ᠂ ᠨᠢᠭᠡᠨᠲᠡ ᠪᠠᠢᠭ᠎ᠠ ᠨᠢᠭᠡᠴᠢ ᠬᠠᠤᠯᠢ ᠴᠠᠭᠠᠵᠠ᠎ᠶ᠋ᠢᠨ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯ᠎ᠦᠨ ᠪᠠᠭ᠍ᠰᠢ᠎ᠶ᠋ᠢ ᠵᠡᠭᠡᠯᠢ ᠭᠤᠳᠤᠮᠵᠢ᠎ᠶ᠋ᠢᠨ ᠬᠢᠴᠢᠶᠡᠯ᠎ᠦᠨ ᠲᠠᠩᠬᠢᠮ᠎ᠳᠤ ᠤᠷᠢᠵᠦ᠂ ᠨᠡᠢᠭᠡᠮ ᠲᠣᠭᠣᠷᠢᠭ᠎ᠤᠨ ᠺᠠᠳ᠋ᠷ᠎ᠢ ᠶᠡᠬᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠲᠠᠩᠬᠢᠮ᠎ᠳᠤ ᠣᠷᠣᠭᠤᠯᠬᠤ᠎ᠪᠠᠷ ᠲᠥᠯᠥᠪᠯᠡᠵᠦ ᠪᠤᠢ᠃

ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠬᠤ ᠵᠢᠨ ᠵᠣᠭ᠍ᠰᠣᠴᠠ ᠨᠢ《ᠦᠢᠯᠡᠳᠦᠯᠭᠡ》ᠳ᠋ᠤ ᠪᠤᠢ᠃ ᠲᠣᠰ ᠤᠳᠠᠭᠠᠨ ᠎ᠤ ᠤᠷᠤᠯᠳᠤᠭᠠᠨ᠎ᠨᠢ ᠦᠨᠳᠦᠰᠦᠲᠡᠨ᠎ᠨᠦᠭᠦᠳ᠎ᠦᠨ ᠺᠠᠳ᠋ᠷ ᠠᠵᠢᠯᠲᠠᠨ ᠠᠵᠢᠯᠴᠢᠨ᠎ᠤ ᠦᠨᠳᠦᠰᠦᠲᠡᠨ᠎ᠦ ᠠᠵᠢᠯ᠎ᠤᠨ ᠴᠢᠳᠠᠪᠤᠷᠢ ᠬᠡᠪ ᠴᠢᠨᠠᠷ᠎ᠢ ᠱᠢᠯᠭᠠᠨ ᠪᠠᠢᠴᠠᠭᠠᠭ᠍ᠰᠠᠨ ᠪᠥᠭᠡᠳ ᠲᠠᠷᠠᠭᠠᠴᠢ᠎ᠶ᠋ᠢᠨ ᠠᠯᠬᠤᠮ᠎ᠤᠨ ᠠᠵᠢᠯ᠎ᠳᠠᠭᠠᠨ ᠨᠠᠷᠢᠯᠢᠭ ᠣᠨᠣᠴᠠᠲᠠᠶ ᠬᠦᠴᠦᠯᠡᠬᠦ᠎ᠳᠤ ᠣᠷᠣᠨ ᠪᠠᠢᠷᠢ᠎ᠶ᠋ᠢ ᠲᠣᠭ᠍ᠲᠠᠭᠠᠵᠤ ᠥᠭ᠌ᠴᠡᠶ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号