11 ᠳᠠᠪᠠᠭᠤᠯᠢᠭ᠋ ᠠᠵᠤ ᠠᠬᠤᠢᠯᠠᠯ 《6 ᠬᠡᠯᠬᠢᠶ᠎ᠡ 1 ᠦᠵᠡᠭᠦᠯᠭᠡ᠎ᠶᠢᠨ ᠲᠣᠭᠣᠷᠢᠭ᠋》 ᠢ᠋ ᠬᠠᠮᠤᠷᠴᠤ ᠥᠪᠥᠷ ᠮᠣᠩᠭᠣᠯ ᠠᠩᠬ᠎ᠠ ᠤᠳᠠᠭ᠎ᠠ 《ᠪᠦᠷᠢᠨ ᠬᠡᠯᠬᠢᠶ᠎ᠡ》 ᠪᠡᠷ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ ᠳ᠋ᠥ ᠤᠷᠤᠯᠴᠠᠪᠠ
2026-06-26 09:20:25
ᠵᠣᠬᠢᠶᠠᠭ᠍ᠴᠢ᠄
ᠵᠠᠩ ᠬᠤᠢ ᠯᠢᠩ ᠭᠤᠤ ᠬᠤᠢ ᠸᠠᠩ ᠪᠢᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 22 ᠎ᠤ᠋ᠨ ᠡᠳᠦᠷ᠂ 5 ᠡᠳᠦᠷ᠎ᠦᠨ ᠬᠤᠭᠤᠴᠠᠭ᠎ᠠ᠎ᠲᠠᠢ ᠶᠠᠪᠤᠭᠳᠠᠬᠤ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ ᠪᠡᠭᠡᠵᠢᠩ᠎ᠳᠦ ᠡᠬᠢᠯᠡᠪᠡ᠃ ᠡᠨᠡ ᠬᠦ᠌ ᠪᠦᠬᠦ ᠲᠡᠯᠡᠬᠡᠢ ᠵᠢᠨ ᠬᠠᠩᠭᠠᠯᠭ᠎ᠠ᠎ᠶᠢᠨ ᠬᠡᠯᠬᠢᠶ᠎ᠡ᠎ᠶᠢᠨ ᠬᠠᠮᠲᠤᠷᠠᠯᠴᠠᠭᠠᠨ᠎ᠤ ᠲᠡᠷᠢᠭᠦᠨ ᠵᠡᠷᠭᠡ ᠵᠢᠨ ᠲᠠᠪᠴᠠᠩ ᠳᠡᠭᠡᠷ᠎ᠡ ᠥᠪᠥᠷ ᠮᠣᠩᠭᠣᠯ ᠠᠩᠬ᠎ᠠ ᠤᠳᠠᠭ᠎ᠠ 《ᠪᠦᠷᠢᠨ ᠬᠡᠯᠬᠢᠶ᠎ᠡ》 ᠪᠡᠷ ᠦᠵᠡᠰᠬᠦᠯᠡᠩ᠎ᠦᠨ ᠴᠤᠭᠯᠠᠭᠠᠨ ᠳ᠋ᠥ ᠣᠷᠣᠯᠴᠠᠵᠦ ᠪᠠᠢᠭ᠎ᠠ ᠨᠢ ᠡᠨᠡ ᠪᠤᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶᠢ ᠠᠬᠢᠭᠤᠯᠬᠤ ᠵᠦᠪᠯᠡᠯ᠎ᠦᠨ ᠨᠢᠭᠡᠳᠦᠯᠳᠠᠢ ᠲᠦᠯᠦᠪᠵᠢᠭᠦᠯᠤᠯᠳᠠ ᠪᠡᠷ ᠲᠠᠮᠵᠢᠨ᠂ ᠥᠪᠥᠷ ᠮᠣᠩᠭᠣᠯ᠎ᠤᠨ ᠢᠯᠢ ᠠᠵᠤ ᠦᠢᠯᠡᠰ᠎ᠦᠨ ᠪᠦᠯᠦᠭᠯᠡᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠢ᠎ᠲᠠᠢ ᠪᠦᠯᠦᠭᠯᠡᠯ᠎ᠦᠨ ᠬᠢᠵᠠᠭᠠᠷᠲᠤ ᠺᠣᠮᠫᠠᠨᠢ ᠵᠡᠷᠭᠡ 11 ᠳᠠᠭᠠᠭᠤᠯᠤᠭ᠍ᠴᠢ ᠠᠵᠤ ᠠᠬᠤᠢᠯᠠᠯ ᠬᠠᠮᠳᠤ ᠳ᠋ᠠᠭᠠᠨ ᠠᠩᠬ᠎ᠠ ᠤᠳᠠᠭ᠎ᠠ ᠲᠤᠰ ᠦᠵᠡᠰᠬᠦᠯᠡᠩ᠎ᠦᠨ ᠴᠤᠭᠯᠠᠭᠠᠨ ᠳ᠋ᠥ᠎ᠤᠷᠤᠯᠴᠠᠵᠤ᠂ 《6 ᠬᠡᠯᠬᠢᠶ᠎ᠡ 1 ᠦᠵᠡᠭᠦᠯᠭᠡ᠎ᠶᠢᠨ ᠲᠣᠭᠣᠷᠢᠭ᠋》 ᠢ᠋ ᠪᠦᠬᠦᠨ ᠢ᠋ ᠬᠠᠮᠤᠷᠪᠠ᠃

ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ ᠪᠣᠯ ᠠᠩᠬᠠᠳᠠᠭ᠍ᠴᠢ ᠬᠠᠩᠭᠠᠯᠭ᠎ᠠ᠎ᠶᠢᠨ ᠬᠡᠯᠬᠢᠶ᠎ᠡ᠎ᠪᠡᠷ ᠭᠣᠣᠯ ᠰᠡᠳᠦᠪ ᠪᠣᠯᠭᠠᠭᠰᠠᠨ ᠤᠯᠤᠰ᠎ᠤᠨ ᠲᠠᠰ᠎ᠤᠨ ᠦᠵᠡᠰᠬᠦᠯᠡᠩ ᠪᠣᠯᠣᠨ᠎ᠠ᠃ 2023 ᠣᠨ᠎ᠡᠴᠡ ᠨᠠᠭᠠᠰᠢ᠂ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ ᠢ᠋ ᠨᠢᠭᠡᠨᠲᠡ ᠭᠤᠷᠪᠠᠨ ᠬᠤᠭᠤᠴᠠᠭ᠎ᠠ ᠠᠮᠵᠢᠯᠲᠠ᠎ᠲᠠᠢ ᠡᠷᠭᠢᠯᠡᠵᠦ᠂ ᠣᠨᠴᠠᠯᠢᠭ᠋᠎ᠢᠶᠠᠷ ᠢᠯᠡ ᠲᠣᠳᠣ᠌᠂ ᠠᠵᠢᠯᠯᠠᠭ᠎ᠠ᠎ᠶᠢᠨ ᠬᠢᠯᠠᠰ ᠴᠡᠭ ᠣᠯᠠᠨ᠂ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢᠶᠡᠷ ᠪᠠᠶᠠᠯᠢᠭ᠋ ᠪᠥᠬᠥ ᠪᠥᠮᠪᠥᠷᠴᠡᠭ᠎ᠦᠨ ᠠᠵᠤ ᠠᠬᠤᠢ ᠠᠷᠠᠯᠵᠢᠶᠠᠨ᠎ᠤ ᠦᠪᠡᠳᠡᠭᠰᠢ ᠶᠡᠬᠡ ᠴᠤᠭᠯᠠᠭᠠᠨ ᠪᠣᠯᠵᠤ᠂ ᠨᠠᠩ ᠠᠮᠤᠷ ᠲᠦᠪᠰᠢᠨ ᠲᠣᠭᠲᠠᠭᠤᠨ᠂ ᠨᠡᠭᠡᠭᠡᠯᠲᠡᠲᠡᠢ ᠪᠠᠭᠲᠠᠭᠠᠮᠵᠢᠲᠠᠢ ᠪᠥᠬᠥ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠲᠤᠰ ᠬᠤᠭᠤᠴᠠᠭᠠᠨ᠎ᠤ ᠦᠵᠡᠰᠬᠦᠯᠡᠩ᠎ᠦᠨ ᠴᠤᠭᠯᠠᠭᠠᠨ ᠨᠢ 《ᠳᠡᠯᠡᠬᠡᠢ ᠳ᠋ᠠᠬᠢᠨ᠎ᠢ ᠬᠣᠯᠪᠣᠵᠤ᠂ ᠢᠷᠡᠭᠡᠳᠦᠢ᠎ᠪᠠᠨ ᠬᠠᠮᠲᠤ᠎ᠪᠠᠷ ᠴᠣᠭᠴᠠᠯᠠᠶ᠎ᠠ》 ᠭᠡᠬᠥ ᠪᠡᠷ ᠭᠣᠣᠯ ᠰᠡᠳᠦᠪ ᠪᠣᠯᠭᠠᠵᠤ᠂ 《6 ᠬᠡᠯᠬᠢᠶ᠎ᠡ 1 ᠦᠵᠡᠭᠦᠯᠭᠡ᠎ᠶᠢᠨ ᠲᠣᠭᠣᠷᠢᠭ᠋》 ᠢ᠋ ᠲᠣᠬᠢᠷᠠᠭᠤᠯᠪᠠ᠂ ᠲᠤᠬᠠᠢᠯᠠᠪᠠᠯ ᠲᠣᠭᠠᠴᠢᠯᠠᠯᠳᠠ ᠣᠶᠤᠨᠴᠢᠯᠠᠯᠳᠠ ᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠯᠬᠢᠶ᠎ᠡ᠂ ᠲᠡᠷᠢᠭᠦᠨ᠎ᠦ ᠦᠢᠯᠡᠳᠬᠦ ᠬᠡᠯᠬᠢᠶ᠎ᠡ᠂ ᠪᠣᠬᠢᠷᠲᠤᠯ ᠦᠭᠡᠢ ᠬᠥᠳᠡᠭᠡ ᠠᠵᠤ ᠠᠬᠤᠢ᠎ᠶᠢᠨ ᠬᠡᠯᠬᠢᠶ᠎ᠡ᠂ ᠡᠷᠡᠭᠦᠯ ᠮᠡᠨᠳᠦ ᠠᠮᠢᠳᠤᠷᠠᠯ᠎ᠤᠨ ᠬᠡᠯᠬᠢᠶ᠎ᠡ᠂ ᠣᠶᠤᠨᠲᠤ ᠮᠠᠰᠢᠨ ᠲᠡᠷᠭᠡᠨ᠎ᠦ ᠬᠡᠯᠬᠢᠶ᠎ᠡ᠂ ᠴᠡᠪᠡᠷ ᠡᠨᠧᠷᠭᠢ᠎ᠶᠢᠨ ᠬᠡᠯᠬᠢᠶ᠎ᠡ ᠪᠣᠯᠣᠨ ᠬᠠᠩᠭᠠᠯᠭ᠎ᠠ᠎ᠶᠢᠨ ᠬᠡᠯᠬᠢᠶ᠎ᠡ᠎ᠶᠢᠨ ᠦᠢᠯᠡᠴᠢᠯᠡᠭᠡᠨ᠎ᠦ ᠦᠵᠡᠭᠦᠯᠭᠡ᠎ᠶᠢᠨ ᠲᠣᠭᠣᠷᠢᠭ᠋ ᠪᠣᠯᠣᠨ᠎ᠠ᠃ ᠡᠭᠦᠨ᠎ᠳᠦ᠂ 《ᠲᠣᠭᠠᠴᠢᠯᠠᠯᠳᠠ ᠣᠶᠤᠨᠴᠢᠯᠠᠯᠳᠠ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠬᠢᠶ᠎ᠡ》 ᠨᠢ ᠡᠮᠦᠨ᠎ᠡ ᠬᠡᠳᠦᠨ ᠬᠤᠭᠤᠴᠠᠭᠠᠨ᠎ᠤ 《ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠬᠢᠶ᠎ᠡ》 ᠡᠴᠡ ᠲᠠᠰ ᠳᠠᠪᠰᠢᠵᠤ ᠪᠦᠷᠢᠯᠳᠦᠵᠡᠢ᠃

《ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ᠎ᠳᠤ ᠪᠢᠳᠡ ᠨᠢᠭᠡᠨᠲᠡ ᠳᠥᠷᠪᠡᠨ ᠬᠤᠭᠤᠴᠠᠭ᠎ᠠ ᠳᠠᠷᠠᠭᠠᠯᠠᠨ ᠣᠷᠣᠯᠴᠠᠪᠠ᠃ ᠠᠩᠬᠠᠳᠤᠭᠠᠷ ᠬᠤᠭᠤᠴᠠᠭᠠᠨ ᠳ᠋ᠤ ᠤᠷᠤᠯᠴᠠᠮᠠᠬᠴᠠ ᠤᠯᠠᠨ᠎ᠤ ᠠᠩᠬᠠᠷᠤᠯ᠎ᠢ ᠳᠠᠳᠠᠭᠰᠠᠨ᠎ᠡᠴᠡ ᠤᠳᠤᠬᠠᠨ ᠪᠤᠯᠳᠠᠯ᠎ᠠ ᠲᠦᠷᠪᠡ ᠤᠳᠠᠭ᠎ᠠ ᠬᠡᠯᠬᠢᠶ᠎ᠡ ᠵᠢᠨ ᠭᠦᠨᠵᠡᠭᠡᠢ ᠬᠤᠷᠰᠢᠯᠴᠠᠯ ᠢ᠋ ᠪᠦᠷᠢᠯᠳᠦᠭᠦᠯᠦᠭᠰᠡᠨ ᠬᠦᠷᠲᠡᠯ᠎ᠡ᠂ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ ᠨᠢ ᠺᠣᠮᠫᠠᠨᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠦᠲᠦᠭᠡᠭᠳᠡᠬᠦᠨ᠎ᠦ ᠰᠢᠨ᠎ᠡ ᠡᠭᠦᠳᠦᠯᠲᠡ᠎ᠡᠴᠡ ᠣᠷᠣᠨ ᠪᠦᠰᠡ᠎ᠶᠢᠨ ᠰᠢᠨ᠎ᠡ ᠪᠡᠷ ᠪᠣᠶ᠋ᠢᠵᠢᠬᠰᠠᠨ ᠭᠠᠪᠰᠢᠭᠠᠢᠯᠠᠬᠴᠢ ᠵᠢᠴᠢ ᠮᠠᠯ ᠠᠵᠤ ᠠᠬᠤᠢ᠎ᠶᠢᠨ ᠲᠣᠭᠠᠴᠢᠯᠠᠭᠰᠠᠨ ᠠᠵᠤ ᠦᠢᠯᠡᠰ᠎ᠦᠨ ᠬᠡᠯᠬᠢᠶ᠎ᠡ᠎ᠶᠢᠨ ᠵᠠᠩᠭᠢᠯᠠᠭ᠎ᠠ᠎ᠶᠢᠨ ᠭᠣᠭᠴᠣᠭ᠎ᠠ ᠪᠣᠯᠤᠭᠰᠠᠨ ᠪᠦᠬᠦ ᠶᠠᠪᠤᠴᠠ᠎ᠶᠢ ᠭᠡᠷᠡᠴᠢᠯᠡᠪᠡ᠃ 4 ᠵᠢᠯ᠎ᠦᠨ ᠲᠤᠷᠰᠢ᠂ ᠺᠣᠮᠫᠠᠨᠢ ᠨᠢ ᠭᠡᠯᠬᠢᠶ᠎ᠠ ᠵᠢᠨ ᠡᠬᠢᠨ᠎ᠤ ᠪᠠ ᠡᠴᠦᠰ᠎ᠤᠨ ᠭᠡᠯᠬᠢᠶ᠎ᠠ᠎ᠵᠢᠨ ᠬᠡᠳᠦᠨ ᠵᠠᠭᠤᠨ ᠬᠠᠨᠢᠲᠠᠨ᠎ᠲᠠᠢ ᠵᠣᠯᠭᠠᠯᠴᠠᠵᠦ᠂ ᠣᠯᠠᠨ ᠵᠦᠢᠯ᠎ᠦᠨ ᠲᠣᠭᠠᠴᠢᠯᠠᠭᠰᠠᠨ ᠮᠠᠯ ᠠᠵᠤ ᠠᠬᠤᠢ ᠲᠠᠷᠢᠶᠠᠯᠠᠩ᠎ᠤ᠋ᠨ ᠲᠥᠰᠥᠯ ᠡᠭᠦᠨ᠎ᠢᠶᠡᠷ ᠳᠡᠮᠵᠢᠨ ᠪᠥᠬᠥ ᠤᠯᠤᠰ᠎ᠲᠤ ᠭᠠᠷᠪᠠ᠃ 2025 ᠣᠨ᠎ᠳᠤ᠂ ᠪᠢᠳᠡ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ ᠳᠡᠭᠡᠷ᠎ᠡ ᠨᠡᠶ᠋ᠢᠲᠡ 1.2 ᠳ᠋ᠦᠩᠰᠢᠭᠤᠷ ᠲᠥᠭᠥᠷᠢᠭ᠎ᠦᠨ ᠭᠡᠷ᠎ᠡ ᠲᠣᠭᠲᠠᠪᠠ᠂ ᠡᠨᠡ ᠵᠢᠯ ᠪᠠᠰᠠ ᠭᠡᠷ᠎ᠡ ᠲᠣᠭᠲᠠᠬᠤ ᠰᠠᠨᠠᠮᠵᠢ᠎ᠲᠠᠢ᠃ ᠪᠢᠳᠡ ᠦᠷᠭᠦᠯᠵᠢᠯᠡᠨ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ᠎ᠤ ᠲᠠᠪᠴᠠᠩ᠎ᠳᠤ ᠲᠦᠰᠢᠭᠯᠡᠵᠦ᠂ ᠡᠯ᠎ᠡ ᠲᠠᠯ᠎ᠠ᠎ᠶᠢᠨ ᠬᠢᠨ᠎ᠦ ᠬᠡᠯᠬᠢᠶ᠎ᠡ᠎ᠪᠡᠨ ᠤᠷᠲᠤᠳᠬᠠᠬᠤ᠂ ᠬᠡᠯᠬᠢᠶ᠎ᠡ᠎ᠪᠡᠨ ᠨᠥᠬᠥᠪᠦᠷᠢᠯᠡᠬᠦ᠂ ᠬᠡᠯᠬᠢᠶ᠎ᠡ᠎ᠪᠡᠨ ᠬᠦᠴᠦᠷᠬᠡᠭᠵᠢᠭᠦᠯᠬᠦ᠎ᠲᠠᠢ ᠭᠠᠷ ᠬᠣᠯᠪᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠪᠣᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ᠎ᠳᠤ ᠬᠦᠴᠦᠨ ᠨᠡᠮᠡᠷᠢᠯᠡᠵᠦ᠂ ᠣᠶᠤᠨᠲᠦ ᠠᠵᠤ ᠦᠢᠯᠡᠰ᠎ᠦᠨ ᠬᠡᠯᠬᠢᠶ᠎ᠡ᠎ᠶᠢᠨ ᠰᠢᠨ᠎ᠡ ᠢᠷᠡᠭᠡᠳᠦᠢ᠎ᠶᠢ ᠬᠠᠮᠲᠤ᠎ᠪᠠᠷ ᠴᠣᠭᠴᠠᠯᠠᠬᠤ᠎ᠶᠢ ᠬᠦᠰᠡᠵᠦ ᠪᠠᠢᠨ᠎ᠠ》 ᠭᠡᠵᠦ ᠦᠵᠡᠰᠬᠦᠯᠡᠩ᠎ᠳᠦ ᠣᠷᠣᠯᠴᠠᠭᠰᠠᠨ ᠥᠪᠥᠷ ᠮᠣᠩᠭᠣᠯ᠎ᠤᠨ ᠵᠢᠢ ᠱᠦᠸᠸ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠯᠢ ᠰᠢᠶᠠᠨ ᠯᠦᠩ ᠬᠡᠯᠡᠨ᠎ᠠ ᠃

ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ᠎ᠳᠤ ᠠᠩᠬ᠎ᠠ ᠤᠳᠠᠭ᠎ᠠ ᠣᠷᠣᠯᠴᠠᠵᠤ ᠪᠠᠢᠭ᠎ᠠ ᠥᠪᠥᠷ ᠮᠣᠩᠭᠣᠯ᠎ᠤᠨ ᠲᠢᠶᠧ ᠴᠧᠨ ᠣᠶᠤᠨᠳᠤ  ᠲᠣᠨᠣᠭᠯᠠᠯ᠎ᠤᠨ ᠬᠢᠵᠠᠭᠠᠷᠲᠤ ᠺᠣᠮᠫᠠᠨᠢ ᠪᠣᠯ ᠣᠶᠤᠨᠳᠤ ᠮᠠᠰᠢᠨ ᠲᠡᠷᠭᠡᠨ᠎ᠦ ᠬᠡᠯᠬᠢᠶ᠎ᠡ ᠵᠢᠨ ᠦᠵᠡᠬᠦᠯᠭᠡ ᠳ᠋ᠦ ᠤᠷᠤᠯᠴᠠᠵᠦ ᠪᠤᠢ᠃ ᠲᠣᠰ ᠺᠣᠮᠫᠠᠨᠢ᠎ᠶᠢᠨ ᠪᠣᠷᠣᠯᠠᠭᠤᠯᠤᠯᠲᠠ᠎ᠶᠢᠨ ᠶᠡᠷᠦᠩᠬᠡᠢ ᠬᠢᠨᠠᠭ᠍ᠴᠢ ᠭᠤᠤ ᠬᠠᠢ ᠯᠦᠩ᠄ 《ᠮᠠᠨ᠎ᠤ ᠺᠣᠮᠫᠠᠨᠢ ᠪᠣᠯ ᠵᠠᠳᠠᠭᠠᠢ ᠠᠭᠤᠷᠬᠠᠢ᠂ ᠣᠢᠷ᠎ᠠ ᠵᠠᠮ᠎ᠤᠨ ᠪᠠᠷᠠᠭᠠᠨ᠎ᠤ ᠭᠦᠢᠯᠭᠡᠭᠡ ᠵᠡᠷᠭᠡ ᠬᠡᠷᠡᠭᠯᠡᠭᠡᠨ᠎ᠦ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ ᠪᠠᠢᠭ᠎ᠠ ᠪᠣᠬᠢᠷᠲᠤᠯ ᠦᠭᠡᠢ ᠣᠶᠤᠨᠳᠤ ᠠᠭᠤᠷᠬᠠᠢ᠎ᠶᠢᠨ ᠨᠢᠭᠡ ᠴᠣᠭᠴᠠᠵᠢᠭᠤᠯᠤᠨ ᠰᠢᠢᠳᠪᠦᠷᠢᠯᠡᠬᠦ ᠲᠥᠰᠥᠯ᠎ᠢ ᠬᠠᠩᠭᠠᠬᠤ ᠠᠷᠠᠯᠵᠢᠶᠠᠴᠢᠨ ᠪᠠ ᠡᠵᠡᠩᠨᠡᠯᠲᠡ᠎ᠶᠢᠨ ᠦᠢᠯᠡᠴᠢᠯᠡᠭᠡᠨ᠎ᠦ ᠠᠷᠠᠯᠵᠢᠶᠠᠴᠢᠨ ᠪᠣᠯᠣᠨ᠎ᠠ᠂ ᠡᠨᠡ ᠵᠢᠯ᠎ᠦᠨ ᠡᠬᠢ᠎ᠪᠡᠷ ᠨᠢᠭᠡᠨᠲᠡ ᠮᠣᠩᠭᠣᠯ ᠤᠯᠤᠰ᠎ᠲᠤ 45 ᠥᠷᠭᠡᠨ ᠪᠡᠶᠡᠲᠦ ᠠᠭᠤᠷᠬᠠᠢ᠎ᠶᠢᠨ ᠲᠡᠷᠭᠡ ᠭᠠᠷᠭᠠᠵᠤ᠂ ᠬᠡᠪᠴᠢᠶᠡᠵᠢᠭᠦᠯᠦᠨ ᠭᠠᠳᠠᠭᠠᠳᠤ ᠳ᠋ᠤ ᠭᠠᠷᠭᠠᠵᠤ ᠡᠬᠢᠯᠡᠪᠡ᠃ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ᠎ᠤ ᠲᠠᠪᠴᠠᠩ᠎ᠢ ᠠᠰᠢᠭ᠍ᠯᠠᠨ᠂ ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡ᠂ ᠬᠢᠯᠢ ᠠᠯᠤᠰᠯᠠᠭᠰᠠᠨ ᠮᠥᠩᠭᠥᠨ ᠭᠦᠢᠯᠭᠡᠭᠡᠨ᠂ ᠭᠠᠳᠠᠭᠠᠳᠤ᠎ᠶᠢᠨ ᠣᠷᠣᠨ ᠨᠤᠲᠤᠭᠴᠢᠯᠠᠭᠰᠠᠨ ᠠᠷᠠᠴᠢᠯᠠᠨ ᠬᠠᠮᠠᠭᠠᠯᠠᠯᠲᠠ᠎ᠶᠢᠨ ᠬᠠᠮᠲᠤᠷᠠᠯᠴᠠᠭᠠᠨ᠎ᠤ ᠲᠠᠯ᠎ᠠ᠎ᠶᠢᠨ ᠬᠢᠨ᠎ᠲᠠᠢ ᠵᠣᠯᠭᠠᠭᠤᠯᠵᠤ᠂ 〈ᠪᠦᠬᠦᠯᠢ ᠲᠡᠷᠭᠡ᠎ᠪᠡᠷ ᠭᠠᠳᠠᠭᠠᠳᠤ᠎ᠳᠤ ᠭᠠᠷᠭᠠᠬᠤ + ᠰᠢᠯᠵᠢᠬᠡ ᠳ᠋ᠢᠶᠠᠨ ᠤ᠋ᠤᠢ ᠰᠣᠯᠢᠬᠤ ᠢᠵᠢ ᠪᠦᠷᠢᠳᠦᠭᠦᠯᠬᠦ ᠰᠢᠰᠲᠸᠮ + ᠲᠣᠰ ᠭᠠᠵᠠᠷ ᠲᠠᠭᠠᠨ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ + ᠪᠡᠯᠡᠳᠬᠡᠯ ᠲᠣᠨᠣᠭᠯᠠᠯ᠎ᠤᠨ ᠬᠢᠯᠢ ᠠᠯᠤᠰᠯᠠᠭᠰᠠᠨ ᠬᠠᠩᠭᠠᠯᠭ᠎ᠠ᠎ᠶᠢᠨ ᠬᠡᠯᠬᠢᠶ᠎ᠡ〉 ᠵᠢ ᠨᠢᠭᠡ ᠴᠣᠭᠴᠠᠵᠢᠭᠤᠯᠤᠭᠰᠠᠨ ᠭᠠᠳᠠᠭᠠᠳᠦ᠎ᠳᠦ ᠭᠠᠷᠭᠠᠬᠤ ᠰᠢᠰᠲᠧᠮ᠎ᠢ ᠪᠠᠢᠭᠤᠯᠵᠤ᠂ ᠪᠦᠬᠦᠯᠢ ᠲᠡᠷᠭᠡ ᠬᠤᠳᠠᠯᠳᠤᠬᠤ᠎ᠪᠠᠷ ᠪᠠᠷᠠᠬᠤ ᠦᠭᠡᠢ᠂ ᠣᠶᠤᠨᠲᠤ ᠠᠭᠤᠷᠬᠠᠢ᠎ᠶᠢᠨ ᠲᠡᠭᠡᠭᠡᠪᠦᠷᠢ᠎ᠶᠢᠨ ᠰᠢᠢᠳᠪᠦᠷᠢᠯᠡᠬᠦ ᠲᠥᠰᠥᠯ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡ᠎ᠶᠢ ᠨᠠᠩ ᠢᠯᠡᠭᠦᠦ ᠭᠠᠷᠭᠠᠵᠤ᠂ ᠳᠤᠮᠳᠠᠳᠤ ᠤᠯᠤᠰ᠎ᠤᠨ ᠣᠶᠤᠨᠳᠤ ᠠᠭᠤᠷᠬᠠᠢ᠎ᠶᠢᠨ ᠲᠡᠭᠡᠭᠡᠪᠦᠷᠢ᠎ᠶᠢᠨ ᠲᠣᠨᠣᠭᠯᠠᠯ᠎ᠤᠨ ᠪᠥᠬᠥ ᠲᠡᠯᠡᠭᠡᠢ ᠵᠢᠨ ᠬᠠᠩᠭᠠᠯᠭ᠎ᠠ᠎ᠶᠢᠨ ᠬᠡᠯᠬᠢᠶ᠎ᠡ᠎ᠶᠢᠨ ᠲᠦᠷᠦᠯ ᠲᠡᠮᠳᠡᠭ᠎ᠢ ᠴᠤᠬᠴᠠᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠣᠨᠴᠠ ᠲᠥᠷᠥᠯ᠎ᠦᠨ ᠣᠶᠤᠨᠳᠤ ᠦᠢᠯᠡᠳᠬᠦ ᠦᠢᠯᠡᠰ᠎ᠢ  ᠪᠥᠬᠥ ᠲᠡᠯᠡᠭᠡᠢ  ᠵᠢᠨ  ᠠᠭᠤᠷᠬᠠᠢ᠎ᠶᠢᠨ ᠦᠢᠯᠡᠰ᠎ᠦᠨ ᠵᠠᠬ᠎ᠠ ᠳᠡᠯᠭᠡᠭᠦᠷ᠎ᠲᠦ ᠭᠠᠷᠭᠠᠬᠤ᠎ᠶᠢ ᠬᠦᠰᠡᠵᠦ ᠪᠠᠢᠨ᠎ᠠ》 ᠭᠡᠪᠡ᠃

ᠦᠵᠡᠰᠬᠦᠯᠡᠩ᠎ᠳᠦ ᠣᠷᠣᠯᠴᠠᠬᠤ ᠪᠣᠳᠠᠲᠤ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠨᠥᠯᠥᠭᠡᠯᠡᠬᠦ ᠬᠦᠴᠦᠨ᠎ᠢ ᠥᠷᠭᠡᠳᠬᠡᠬᠦ᠎ᠶᠢᠨ ᠲᠥᠯᠥᠭᠡ᠂ ᠲᠤᠬᠠᠢ᠎ᠶᠢᠨ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶᠢ ᠠᠬᠢᠭᠤᠯᠬᠤ ᠵᠦᠪᠯᠡᠯ 《ᠬᠡᠯᠬᠢᠶ᠎ᠡ ᠪᠡᠷ ᠥᠪᠥᠷ ᠮᠣᠩᠭᠣᠯ᠎ᠢ ᠬᠣᠯᠪᠣᠬᠤ》 ᠲᠠᠨᠢᠯᠴᠠᠭᠤᠯᠭ᠎ᠠ᠎ᠶᠢᠨ ᠬᠤᠷᠠᠯ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶᠢ ᠠᠬᠢᠭᠤᠯᠬᠤ ᠵᠦᠪᠯᠡᠯ ᠵᠢᠴᠢ ᠲᠣᠰ ᠤᠳᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ᠎ᠦᠨ ᠴᠤᠭᠯᠠᠭᠠᠨ᠎ᠤ 6 ᠶᠡᠬᠡ ᠠᠵᠤ ᠦᠢᠯᠡᠰ᠎ᠦᠨ ᠬᠡᠯᠬᠢᠶ᠎ᠡ ᠳᠡᠭᠡᠷᠡᠬᠢ ᠥᠪᠥᠷ ᠮᠣᠩᠭᠣᠯ᠎ᠤᠨ 6 ᠠᠵᠤ ᠠᠬᠤᠢᠯᠠᠯ ᠲᠠᠨᠢᠯᠴᠠᠭᠤᠯᠭ᠎ᠠ ᠬᠢᠵᠦ᠂ ᠥᠪᠥᠷ ᠮᠣᠩᠭᠣᠯ᠎ᠤᠨ ᠲᠥᠯᠥᠭᠡᠯᠡᠬᠦ ᠴᠢᠨᠠᠷᠲᠠᠢ ᠠᠵᠤ ᠦᠢᠯᠡᠰ᠎ᠦᠨ ᠬᠥᠭᠵᠢᠯᠲᠡ᠎ᠶᠢᠨ ᠳᠦᠷᠢ ᠲᠥᠷᠬᠦ ᠪᠠ ᠪᠣᠶ᠋ᠢᠵᠢᠯᠲᠠ᠎ᠶᠢᠨ ᠳᠠᠯᠳᠠ ᠬᠦᠴᠦᠨ᠎ᠢ ᠲᠣᠰ ᠲᠣᠰ ᠳᠡᠯᠭᠡᠨ ᠦᠵᠡᠭᠦᠯᠵᠦ᠂ ᠣᠷᠣᠨ ᠪᠦᠰᠡ ᠠᠯᠤᠰᠯᠠᠭᠰᠠᠨ ᠠᠵᠤ ᠦᠢᠯᠡᠰ᠎ᠦᠨ ᠵᠣᠯᠭᠠᠯᠴᠠᠭ᠎ᠠ᠂ ᠬᠠᠩᠭᠠᠯᠭ᠎ᠠ ᠬᠡᠷᠡᠭᠴᠡᠭᠡ᠎ᠶᠢ ᠨᠠᠷᠢᠯᠢᠭ᠋ ᠣᠨᠣᠴᠠᠲᠠᠢ᠎ᠪᠠᠷ ᠵᠣᠬᠢᠴᠠᠭᠤᠯᠬᠤ᠎ᠳᠤ ᠥᠨᠳᠥᠷ ᠪᠦᠲᠦᠮᠵᠢᠲᠡᠶ ᠨᠡᠪᠲᠡᠷᠡᠯᠴᠡᠬᠦ ᠬᠥᠭᠥᠷᠭᠡ ᠲᠠᠯᠪᠢᠵᠤ ᠥᠭᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶᠢ ᠠᠬᠢᠭᠤᠯᠬᠤ ᠵᠦᠪᠯᠡᠯ᠎ᠦᠨ ᠬᠤᠳᠠᠯᠳᠤᠭᠠᠨ᠎ᠤ ᠶᠠᠪᠤᠳᠠᠯ᠎ᠤᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠲᠥᠪ ᠨᠢ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠵᠢᠨ ᠠᠵᠤ ᠠᠬᠤᠢᠯᠠᠯ᠎ᠤᠨ ᠬᠤᠳᠠᠯᠳᠤᠭᠠᠨ᠎ᠤ ᠶᠠᠪᠤᠳᠠᠯ᠎ᠳᠤ ᠬᠠᠤᠯᠢ ᠴᠠᠭᠠᠵᠠ᠎ᠶᠢᠨ ᠭᠡᠷᠡᠴᠢᠯᠡᠯ ᠬᠢᠬᠦ᠂ ᠲᠣᠭᠲᠠᠭᠠᠯ᠎ᠳᠤ ᠨᠡᠢᠴᠡᠭᠦᠯᠦᠨ ᠡᠵᠡᠩᠨᠡᠬᠦ ᠲᠦᠭᠰᠢᠭᠦᠷᠢ᠎ᠶᠢ ᠵᠢᠭ᠍ᠰᠠᠭᠠᠨ ᠪᠠᠢᠴᠠᠭᠠᠬᠤ᠂ ᠠᠵᠤ ᠠᠬᠤᠢ ᠠᠷᠠᠯᠵᠢᠶᠠᠨ᠎ᠤ ᠮᠦᠷᠭᠦᠯᠳᠦᠭᠡᠨ᠎ᠢ ᠤᠷᠢᠳᠴᠢᠯᠠᠨ ᠰᠡᠷᠡᠮᠵᠢᠯᠡᠭᠦᠯᠬᠦ᠂ ᠠᠷᠠᠯᠵᠢᠶᠠᠨ᠎ᠤ ᠬᠥᠨᠳᠡᠯᠡᠨ᠎ᠡᠴᠡ ᠲᠡᠰᠦᠯᠦᠨ ᠡᠶᠡᠳᠡᠭᠦᠯᠬᠦ ᠵᠡᠷᠭᠡ ᠦᠢᠯᠡᠴᠢᠯᠡᠭᠡᠨ᠎ᠦ ᠡᠭᠦᠷᠭᠡ ᠴᠢᠳᠠᠪᠬᠢ᠎ᠶᠢᠨ ᠲᠣᠭᠣᠷᠢᠨ᠎ᠳᠤ ᠲᠠᠨᠢᠯᠴᠠᠭᠤᠯᠭ᠎ᠠ ᠬᠢᠵᠦ᠂ 《ᠥᠪᠥᠷ ᠮᠣᠩᠭᠣᠯ᠎ᠤᠨ ᠠᠷᠠᠯᠵᠢᠶᠠᠴᠢᠨ᠎ᠤ ᠬᠡᠯᠬᠢᠶ᠎ᠡ᠎ᠳᠦ ᠣᠷᠣᠬᠤ》᠂ 《ᠦᠪᠦᠷ ᠮᠣᠩᠭᠣᠯ᠎ᠤᠨ ᠪᠦᠲᠦᠭᠡᠭᠳᠡᠬᠦᠨ᠎ᠢ ᠭᠠᠳᠠᠭᠠᠳᠦ᠎ᠳᠦ ᠭᠠᠷᠭᠠᠬᠤ》᠂ 《ᠥᠪᠥᠷ ᠮᠣᠩᠭᠣᠯ᠎ᠤᠨ ᠠᠵᠤ ᠠᠬᠤᠢᠯᠠᠯ᠎ᠤᠨ ᠡᠷᠬᠡ᠎ᠪᠡᠨ ᠬᠠᠮᠠᠭᠠᠯᠠᠬᠤ》 ᠳ᠋ᠤ᠌ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号