ᠪᠣᠳᠠᠲᠠᠢ ᠠᠵᠢᠯᠯᠠᠬᠤ ᠪᠠᠷ ᠲᠠᠮᠵᠢᠨ ᠤᠭ ᠰᠠᠨᠠᠭ᠎ᠠ ᠪᠠᠨ ᠦᠢᠯᠡᠳᠦᠯᠭᠡᠵᠢᠭᠦᠯᠵᠦ ᠪᠣᠳᠠᠲᠤ ᠠᠮᠵᠢᠯᠲᠠ᠎ᠪᠠᠷ ᠡᠭᠦᠷᠭᠡᠯᠡᠯ᠎ᠢᠶᠡᠨ ᠪᠢᠴᠢᠭᠯᠡᠵᠦ ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠪᠣᠶ
2026-06-26 09:30:35
ᠵᠣᠬᠢᠶᠠᠭ᠍ᠴᠢ᠄
ᠱᠤᠸᠠᠢ ᠵᠧᠩ ᠵᠸᠩ ᠰᠢᠤᠸᠠᠢ ᠯᠢᠶᠠᠩ ᠭᠦᠸᠧ ᠴᠢ ᠨᠠᠨ
ᠣᠩᠱᠢᠭ᠍ᠰᠠᠨ ᠣᠳᠠᠭ᠎ᠠ᠄
★★★☆☆

ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠰᠤᠷᠤᠯᠴᠠᠵᠥ ᠰᠤᠳᠤᠯᠤᠨ ᠶᠠᠷᠢᠯᠴᠠᠬᠤ ᠳ᠋ᠠᠭᠠᠨ ᠲᠠᠷᠢᠬᠢᠨ᠎ᠳᠠᠭᠠᠨ ᠰᠢᠩᠭᠡᠭᠡᠵᠦ ᠰᠡᠳᠬᠢᠯ᠎ᠳᠡᠭᠡᠨ ᠬᠠᠳᠠᠩᠰᠢᠭᠤᠯᠵᠤ᠂ ᠠᠰᠠᠭᠤᠳᠠᠯ᠎ᠢ ᠪᠠᠢᠴᠠᠭᠠᠨ ᠳᠡᠯᠭᠡᠬᠦ᠎ᠳᠡᠭᠡᠨ ᠦᠨᠡᠨ ᠬᠦ᠌ ᠬᠠᠲᠠᠭᠤ᠎ᠲᠠᠢ ᠨᠢ ᠬᠠᠯᠳᠠᠵᠤ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠳᠠᠭᠠᠨ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ ᠵᠢ ᠠᠬᠢᠭᠤᠯᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠦᠨᠡᠨ ᠬᠦ᠌ ᠦᠢᠯᠡᠳᠦᠯᠭᠡ᠎ᠵᠢ ᠵᠢᠯᠣᠭᠣᠳᠤᠭᠤᠯᠬᠤ᠂ ᠠᠵᠢᠯ᠎ᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠡᠳᠬᠢᠯ ᠲᠠᠯᠪᠢᠨ ᠰᠢᠢᠳᠪᠦᠷᠢᠯᠡᠵᠦ᠂ ᠬᠥᠭᠵᠢᠯᠲᠡ᠎ᠶᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠣᠳᠠᠲᠤ ᠦᠷ᠎ᠡ ᠪᠦᠲᠦᠮᠵᠢ᠎ᠪᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠰᠢᠯᠭᠠᠨ ᠪᠠᠢᠴᠠᠭᠠᠵᠦ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠡᠯ᠎ᠡ ᠵᠦᠢᠯ᠎ᠦᠨ ᠠᠵᠢᠯ᠎ᠢ ᠨᠠᠷᠢᠨ ᠨᠢᠭ᠍ᠲᠠ ᠪᠠᠢᠷᠢᠯᠠᠭᠤᠯᠤᠨ ᠠᠬᠢᠭᠤᠯᠵᠤ᠂ ᠭᠦᠨᠵᠡᠭᠡᠢ ᠰᠤᠷᠤᠯᠴᠠᠨ ᠨᠠᠷᠢᠨ ᠣᠢᠯᠠᠭᠠᠬᠤ ᠳᠤᠮᠳᠠ ᠦᠵᠡᠯ ᠰᠠᠨᠠᠭᠠᠨ᠎ᠤ ᠰᠠᠭᠤᠷᠢ᠎ᠪᠠᠨ ᠪᠡᠬᠢᠵᠢᠭᠦᠯᠵᠦ᠂ ᠪᠠᠷᠢᠮᠵᠢᠶᠠᠯᠠᠨ ᠬᠠᠷᠭᠤᠭᠤᠯᠬᠤ ᠳᠤᠮᠳᠠ ᠲᠠᠨᠢᠯᠲᠠ᠎ᠶᠢᠨ ᠵᠥᠷᠢᠶ᠎ᠡ᠎ᠪᠡᠨ ᠡᠷᠢᠵᠦ᠂ ᠰᠡᠷᠡᠮᠵᠢᠯᠡᠭᠦᠯᠬᠦ ᠬᠥᠮᠦᠵᠢᠯ᠎ᠦᠨ ᠳᠤᠮᠳᠠ ᠰᠠᠬᠢᠯᠭ᠎ᠠ ᠪᠠᠲᠤ ᠶᠣᠰᠣ᠌ ᠳᠦᠷᠢᠮ᠎ᠢ ᠴᠢᠩᠳᠠᠯᠠᠵᠤ᠂ ᠰᠤᠷᠤᠯᠴᠠᠯᠭ᠎ᠠ ᠬᠥᠮᠦᠵᠢᠯ᠎ᠦᠨ ᠲᠠᠰᠤᠷᠠᠯᠲᠠ ᠦᠭᠡᠢ ᠭᠦᠨᠵᠡᠭᠡᠢᠷᠡᠨ ᠪᠣᠳᠠᠲᠠᠢᠵᠢᠵᠤ᠂ ᠪᠣᠳᠠᠳᠤ ᠦᠷ᠎ᠡ ᠪᠦᠲᠦᠮᠵᠢ ᠣᠯᠬᠤ᠎ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠪᠦᠬᠦ ᠨᠠᠮ᠎ᠤᠨ ᠭᠡᠰᠢᠭᠦᠨ ᠺᠠᠳ᠋ᠷ ᠵᠢᠡᠨ ᠤᠯᠤᠰ ᠲᠥᠷᠥ᠎ᠶᠢᠨ ᠥᠨᠳᠥᠷᠴᠡ᠎ᠡᠴᠡ 《ᠬᠡᠨ᠎ᠦ ᠲᠥᠯᠥᠭᠡ ᠵᠠᠰᠠᠭ ᠤ᠋ᠨ ᠠᠵᠢᠯ᠎ᠤᠨ ᠪᠦᠲᠦᠮᠵᠢ᠎ᠶᠢ ᠪᠣᠶ ᠪᠣᠯᠭᠠᠬᠤ》 ᠵᠢ ᠭᠦᠨᠵᠡᠭᠡᠢ ᠣᠢᠯᠠᠭᠠᠵᠤ᠂ ᠤᠯᠤᠰ ᠲᠥᠷᠥ᠎ᠶᠢᠨ ᠱᠠᠭᠠᠷᠳᠠᠯᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠤᠭᠰᠠᠨ ᠡᠰᠡᠬᠦ᠎ᠶᠢ ᠪᠠᠢᠴᠠᠭᠠᠨ ᠦᠵᠡᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠪᠠ᠃ ᠡᠭᠦᠨ᠎ᠦ ᠬᠠᠮᠲᠤ᠂ ᠡᠯ᠎ᠡ ᠰᠠᠯᠠᠭ᠎ᠠ ᠮᠥᠴᠢᠷ᠎ᠦᠨ ᠬᠢᠨ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ 《ᠶᠠᠭᠤᠨ᠎ᠳᠤ ᠲᠦᠰᠢᠭᠯᠡᠨ ᠵᠠᠰᠠᠭ ᠤ᠋ᠨ ᠠᠵᠢᠯ᠎ᠤᠨ ᠪᠦᠲᠦᠮᠵᠢ᠎ᠶᠢ ᠪᠤᠢ ᠪᠣᠯᠭᠠᠬᠤ》 ᠶ᠋ᠢ ᠨᠠᠢᠳᠠᠪᠤᠷᠢᠵᠢᠭᠤᠯᠵᠤ᠂ ᠴᠡᠭᠴᠡᠯᠡᠨ ᠵᠠᠰᠠᠵᠤ ᠴᠡᠭᠴᠡᠯᠡᠨ ᠰᠠᠢᠵᠢᠷᠠᠭᠤᠯᠬᠤ᠎ᠳᠤ ᠵᠣᠷᠢᠭ᠍ᠲᠠᠢ᠎ᠪᠠᠷ 《ᠬᠦᠴᠢᠷ ᠠᠰᠠᠭᠤᠳᠠᠯ᠎ᠢ ᠰᠢᠢᠳᠪᠦᠷᠢᠯᠡᠵᠦ》᠂ ᠴᠢᠳᠠᠮᠠᠭᠠᠢ᠎ᠪᠠᠷ 《ᠦᠨᠡᠨ ᠰᠡᠳᠬᠢᠯ᠎ᠦᠨ ᠦᠭᠡ᠎ᠶᠢ ᠰᠣᠨᠣᠰᠴᠤ》᠂ ᠳᠦᠷᠢᠮ ᠲᠣᠭᠲᠠᠭᠠᠯ ᠲᠣᠭᠲᠠᠭᠠᠬᠤ᠎ᠳᠠᠭᠠᠨ 《ᠤᠷᠳᠤ ᠬᠤᠭᠤᠴᠠᠭ᠎ᠠ᠎ᠲᠤᠰᠠᠳᠠᠢ ᠪᠠᠢᠬᠤ》 ᠵᠢ ᠴᠢᠬᠤᠯᠠᠴᠢᠯᠠᠵᠦ᠂ ᠬᠠᠲᠠᠭᠤ᠎ᠲᠠᠢ ᠨᠢ ᠬᠠᠯᠳᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ ᠣᠯᠬᠤ᠎ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ᠎ᠡᠴᠡ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠡᠷ᠎ᠪᠡᠶ᠎ᠡ᠎ᠵᠢᠨ ᠬᠤᠪᠢᠰᠬᠠᠯ ᠬᠢᠬᠦ ᠵᠣᠷᠢᠭ᠋ ᠰᠠᠨᠠᠭ᠎ᠠ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠵᠤ᠂ ᠰᠤᠷᠤᠯᠴᠠᠯᠭ᠎ᠠ ᠬᠥᠮᠦᠵᠢᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠠᠷᠢᠭᠤᠨ ᠴᠢᠬᠡᠴᠢ᠎ᠶᠢᠨ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠨᠣᠮᠢᠨ ᠤᠰᠤ ᠬᠦᠬᠡᠮᠳᠦᠭ ᠠᠭᠤᠯᠠ᠎ᠶᠢ ᠰᠠᠬᠢᠨ ᠬᠠᠮᠠᠭᠠᠯᠠᠭᠰᠠᠨ ᠪᠣᠳᠠᠲᠤ ᠦᠷ᠎ᠡ ᠪᠦᠲᠦᠮᠵᠢ᠎ᠪᠡᠷ ᠥᠪᠥᠷ ᠮᠣᠩᠭᠣᠯ᠎ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ᠎ᠶᠢᠨ ᠬᠠᠭᠤᠳᠠᠰᠤ ᠲᠤᠰᠢᠶᠠᠬᠤ ᠵᠢ ᠱᠠᠭᠠᠷᠳᠠᠪᠠ᠃

ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠨᠠᠮ᠎ᠤᠨ ᠬᠣᠷᠢᠶ᠎ᠠ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ 2026 ᠣᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠪᠣᠯᠭᠠᠵᠤ᠂ 《1 + 1 + 4 + N》 ᠠᠵᠢᠯ᠎ᠤᠨ ᠰᠢᠰᠲᠧᠮ ᠢ᠋ ᠪᠠᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠪᠦᠬᠦ ᠲᠠᠯ᠎ᠠ᠎ᠶᠢᠨ ᠪᠠᠢᠯᠳᠤᠭᠠᠨ᠎ᠢ ᠵᠢᠯᠣᠭᠣᠳᠬᠤ ᠵᠢᠷᠤᠭ᠎ᠢ ᠨᠠᠢᠷᠠᠭᠤᠯᠤᠨ ᠵᠣᠬᠢᠶᠠᠵᠤ᠂ 13 ᠲᠠᠯ᠎ᠠ᠎ᠶᠢᠨ 59 ᠵᠦᠢᠯ᠎ᠦᠨ ᠪᠣᠳᠠᠲᠠᠢ ᠠᠵᠢᠯᠯᠠᠬᠤ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠬᠤ᠂ 《ᠶᠠᠭᠤ ᠬᠢᠬᠦ᠂ ᠶᠠᠭᠠᠬᠢᠵᠤ ᠬᠢᠬᠦ᠂ ᠶᠠᠮᠠᠷ ᠪᠠᠷᠢᠮᠵᠢᠶ᠎ᠠ᠎ᠳ᠋ᠤ ᠬᠦᠷᠳᠡᠯ᠎ᠡ ᠬᠢᠬᠦ》᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠣᠨᠴᠠᠭᠠᠢᠯᠠᠨ ᠬᠠᠲᠠᠭᠤ᠎ᠲᠠᠢ ᠨᠢ ᠬᠠᠯᠳᠠᠵᠤ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠶᠢ ᠪᠣᠳᠠᠲᠠᠢ ᠠᠳᠬᠤᠵᠤ᠂ ᠲᠤᠭᠤᠷᠢᠬ᠎ᠤᠨ ᠳᠡᠰ᠂ ᠰᠠᠯᠠᠭᠠᠨ᠎ᠤ ᠲᠡᠰ᠎ᠤᠨ ᠤᠳᠤᠷᠢᠳᠬᠤ ᠪᠠᠭ ᠵᠢᠴᠢ ᠺᠠᠳ᠋ᠷ᠎ᠤᠨ ᠰᠤᠯᠠ ᠲᠠᠯᠪᠢᠭ᠍ᠳᠠᠵᠤ ᠪᠠᠢᠭ᠎ᠠ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠵᠦ ᠠᠮᠢᠳᠤᠯᠢᠭᠵᠢᠭᠤᠯᠬᠤ᠂ ᠠᠵᠤ ᠠᠬᠤᠢᠯᠠᠯ᠎ᠳᠤ ᠥᠷᠢᠲᠦᠵᠦ ᠪᠠᠢᠭ᠎ᠠ ᠦᠷᠢ ᠰᠢᠷᠢ ᠵᠢ ᠪᠤᠴᠠᠭᠠᠬᠤ᠂ ᠵᠠᠬᠢᠳᠠᠯ ᠰᠣᠷᠪᠤᠯᠵᠢᠯᠠᠯ ᠤ᠋ᠨ ᠳᠠᠷᠤᠭᠳᠠᠮᠠᠯ ᠬᠡᠷᠡᠭ᠎ᠢ ᠰᠢᠢᠳᠪᠦᠷᠢᠯᠡᠬᠦ ᠵᠡᠷᠭᠡ ᠲᠣᠭᠣᠷᠢᠨ᠎ᠳᠤ ᠨᠡᠶ᠋ᠢᠲᠡ 1759 ᠠᠰᠠᠭᠤᠳᠠᠯ᠎ᠢ ᠪᠠᠢᠴᠠᠭᠠᠨ ᠢᠯᠡᠷᠡᠭᠦᠯᠵᠦ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ 3546 ᠲᠣᠭᠲᠠᠭᠠᠪᠠ᠃ ᠪᠥᠬᠥ ᠤᠯᠤᠰ᠎ᠤᠨ ᠴᠢᠨᠠᠷᠲᠠᠢ 4ᠲᠤᠰᠬᠠᠢ ᠵᠦᠢᠯ᠎ᠢᠶᠡᠷ ᠲᠥᠪᠯᠡᠷᠡᠭᠦᠯᠦᠨ ᠴᠡᠭᠴᠡᠯᠡᠨ ᠵᠠᠰᠠᠬᠤ᠎ᠲᠠᠢ ᠤᠶᠠᠯᠳᠤᠭᠤᠯᠤᠨ᠂ 154 ᠲᠥᠪᠯᠡᠷᠡᠭᠦᠯᠦᠨ ᠴᠡᠭᠴᠡᠯᠡᠨ ᠵᠠᠰᠠᠬᠤ ᠲᠥᠷᠥᠯ ᠵᠦᠢᠯ᠎ᠢ ᠲᠣᠭᠲᠠᠭᠠᠬᠤ᠎ᠶᠢᠨ ᠬᠠᠮᠲᠤ 《ᠨᠢᠭᠡ ᠲᠥᠷᠥᠯ ᠵᠦᠢᠯ ᠳ᠋ᠤ ᠨᠢᠭᠡ ᠲᠥᠰᠥᠯ》᠎ᠵᠢᠡᠷ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠶᠢ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠣᠯᠠᠨ ᠲᠦᠮᠡᠨ᠎ᠳᠦ ᠮᠡᠳᠡᠷᠡᠭᠦᠯᠬᠦ᠎ᠶᠢ ᠠᠬᠢᠭᠤᠯᠪᠠ᠃ 《ᠡᠷᠦᠬᠡ᠎ᠳᠦ ᠣᠷᠣᠵᠤ ᠶᠡᠬᠡ᠎ᠪᠡᠷ ᠰᠤᠷᠪᠤᠯᠵᠢᠯᠠᠬᠤ᠂ ᠣᠷᠴᠢᠨ ᠲᠣᠭᠣᠷᠢᠨ᠎ᠢ ᠶᠡᠬᠡ᠎ᠪᠡᠷ ᠴᠡᠪᠡᠷᠯᠡᠬᠦ᠂ ᠠᠮᠤᠷ ᠲᠦᠪᠰᠢᠨ᠎ᠢ ᠶᠡᠬᠡ᠎ᠪᠡᠷ ᠵᠢᠭ᠍ᠰᠠᠭᠠᠨ ᠪᠠᠢᠴᠠᠭᠠᠬᠤ》 ᠭᠤᠷᠪᠠᠨ ᠶᠡᠬᠡ ᠲᠤᠰᠬᠠᠢ ᠠᠵᠢᠯᠯᠠᠭ᠎ᠠ᠎ᠶᠢ ᠰᠢᠨ᠎ᠡ᠎ᠵᠢ ᠡᠭᠦᠳᠦᠨ ᠥᠷᠨᠢᠭᠦᠯᠵᠦ᠂ ᠨᠡᠢᠲᠡ 51 ᠲᠦᠮᠡ ᠭᠠᠷᠤᠢ ᠡᠷᠦᠬᠡ᠎ᠳᠦ ᠣᠷᠣᠵᠤ᠂ 5068 ᠠᠮᠤᠷ ᠲᠦᠪᠰᠢᠨ᠎ᠦ ᠬᠡᠮ ᠰᠣᠭᠣᠭ᠎ᠢ ᠴᠡᠭᠴᠡᠯᠡᠨ ᠠᠷᠢᠯᠭᠠᠪᠠ; ᠰᠠᠭᠤᠭᠠᠯᠢ ᠠᠷᠠᠳ᠎ᠤᠨ ᠲᠣᠭᠣᠷᠢᠭ᠋᠎ᠤᠨ ᠠᠳᠠᠯ ᠠᠬᠤᠢ᠎ᠶᠢᠨ ᠦᠢᠯᠡᠴᠢᠯᠡᠭᠡᠨ᠎ᠦ ᠰᠢᠰᠲᠧᠮ᠎ᠢ ᠰᠢᠯᠢᠳᠡᠭᠵᠢᠭᠦᠯᠵᠦ᠂ 《ᠳᠥᠷᠪᠡᠨ ᠨᠢᠭᠡ ᠪᠦᠯᠦᠭ》᠂ ᠠᠷᠪᠠᠨ ᠭᠤᠷᠪᠠᠨ ᠵᠦᠢᠯ᠎ᠦᠨ ᠣᠷᠳᠣ᠌ ᠬᠤᠭᠤᠴᠠᠭᠠᠨ᠎ᠤ ᠪᠦᠲᠦᠮᠵᠢᠲᠤ ᠲᠣᠭᠲᠠᠴᠠ᠎ᠳᠤ ᠲᠦᠰᠢᠭᠯᠡᠨ᠂ 33 ᠲᠠᠷᠠᠬᠠᠢ ᠪᠤᠲᠠᠷᠬᠠᠢ ᠰᠠᠭᠤᠭᠠᠯᠢ ᠠᠷᠠᠳ᠎ᠤᠨ ᠲᠣᠭᠣᠷᠢᠭ᠋ ᠎ᠢ᠋ 4 ᠶᠡᠬᠡ ᠬᠡᠰᠡᠭ ᠲᠣᠭᠣᠷᠢᠭ᠋ ᠪᠣᠯᠭᠠᠨ ᠨᠡᠢᠳᠬᠡᠵᠦ᠂ 4 ᠰᠢᠯᠢᠳᠡᠭ ᠠᠳᠠᠯ ᠠᠬᠤᠢ᠎ᠶᠢ ᠣᠷᠣᠭᠤᠯᠤᠨ ᠠᠪᠴᠢᠷᠠᠪᠠ; ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠵᠦ ᠬᠠᠮᠲᠤ ᠪᠡᠷ ᠡᠳ᠋ᠯᠡᠬᠦ ᠲᠡᠷᠭᠡᠨ ᠵᠣᠭᠰᠣᠭᠠᠯ᠎ᠢ 7000 ᠭᠠᠷᠤᠢ ᠰᠢᠨ᠎ᠡ᠎ᠪᠡᠷ ᠨᠡᠮᠡᠭᠳᠡᠭᠦᠯᠪᠡ; ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ ᠤᠯᠠᠨ ᠲᠦᠮᠡᠨ᠎ᠳᠦ  1968 ᠪᠣᠳᠠᠲᠤ ᠶᠠᠪᠤᠳᠠᠯ ᠬᠢᠵᠦ ᠬᠦᠴᠢᠷ ᠶᠠᠪᠤᠳᠠᠯ᠎ᠢ ᠰᠢᠢᠳᠪᠦᠷᠢᠯᠡᠪᠠ; ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠠᠵᠢᠯ ᠣᠯᠭᠣᠯᠲᠠ ᠵᠡᠷᠭᠡ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠶᠠᠰᠤ ᠴᠢᠨᠠᠷ ᠦᠷᠭᠦᠯᠵᠢᠯᠡᠨ ᠳᠡᠭᠡᠭᠰᠢᠯᠡᠵᠦ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠲᠣᠭᠲᠠᠭᠤᠨ᠎ᠢᠶᠠᠷ ᠳᠡᠭᠡᠭᠰᠢᠯᠡᠪᠡ᠃

ᠤᠯᠠᠭᠠᠨᠴᠠᠪ ᠬᠤᠳᠠ᠎ᠶᠢᠨ ᠰᠢᠩ ᠡᡁᠸ ᠰᠢᠶᠠᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ 《ᠦᠨᠡᠨ᠎ᠢ ᠪᠠᠷᠢᠮᠲᠠᠯᠠᠬᠤ》 ᠲᠠᠯ᠎ᠠ᠎ᠪᠠᠷ ᠤᠨᠢᠨ ᠳᠡᠭᠡᠷ᠎ᠡ ᠨᠢ ᠬᠦᠴᠦᠯᠡᠵᠦ᠂ 《ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠣᠮ ᠤᠩᠰᠢᠬᠤ ᠠᠩᠭᠢ᠂ ᠤᠨᠤᠯ ᠰᠤᠷᠤᠯᠴᠠᠬᠤ ᠭᠣᠣᠯ ᠳᠤᠭᠤᠢᠯᠠᠩ ᠵᠡᠷᠭᠡ ᠬᠡᠯᠪᠡᠷᠢ᠎ᠪᠡᠷ 1300 ᠭᠠᠷᠤᠢ ᠤᠳᠠᠭ᠎ᠠ᠎ᠶᠢᠨ ᠲᠥᠪᠯᠡᠷᠡᠩᠭᠦᠢ ᠰᠤᠷᠤᠯᠴᠠᠯᠭ᠎ᠠ᠎ᠶᠢ ᠥᠷᠨᠢᠭᠦᠯᠪᠡ; ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢᠯᠠᠩ᠎ᠢ 80 ᠪᠠᠢᠭᠤᠯᠵᠤ᠂ ᠰᠣᠯᠢᠯᠴᠠᠭ᠎ᠠ ᠥᠷᠨᠢᠭᠦᠯᠵᠦ᠂ 1000 ᠭᠠᠷᠤᠢ ᠵᠠᠯᠠᠭᠤ ᠺᠠᠳ᠋ᠷ᠎ᠢ ᠬᠠᠮᠤᠷᠪᠠ᠃ 《ᠪᠣᠳᠠᠲᠠᠢ᠎ᠶᠢ ᠡᠷᠬᠢᠮᠯᠡᠬᠦ》ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠡᠭᠦᠷᠭᠡ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠬᠣᠯᠪᠣᠭᠳᠠᠯ ᠪᠦᠬᠦᠢ ᠠᠭᠤᠯᠭ᠎ᠠ᠎ᠶᠢ ᠨᠠᠮ᠎ᠤᠨ ᠰᠤᠷᠭᠠᠭᠤᠯᠢ᠎ᠶᠢᠨ ᠵᠠᠪᠠᠯ ᠰᠤᠷᠬᠤ ᠬᠢᠴᠢᠶᠡᠯ᠎ᠳᠦ ᠣᠷᠣᠭᠤᠯᠪᠠ; 《ᠰᠦᠯᠵᠢᠶᠡᠨ ᠳᠡᠭᠡᠷ᠎ᠡ + ᠠᠬᠤᠢ ᠲᠠᠯᠠᠪᠠᠢ》 ᠵᠢ ᠤᠶᠠᠯᠳᠤᠭᠤᠯᠬᠤ᠎ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠳᠤ ᠨᠢᠭᠡ ᠬᠥᠮᠥᠨ᠎ᠢ ᠴᠤ᠌ ᠣᠷᠬᠢᠭ᠍ᠳᠠᠭᠤᠯᠬᠤ ᠦᠭᠡᠢ᠂ ᠪᠦᠬᠦᠨ᠎ᠢ ᠬᠠᠮᠤᠷᠬᠤ᠎ᠶᠢ ᠦᠨᠡᠨ ᠬᠦ᠌ ᠪᠠᠲᠤᠯᠠᠪᠠ; 《3 ᠪᠠᠷᠢᠮᠵᠢᠶᠠᠯᠠᠯ + 3 ᠠᠷᠭ᠎ᠠ ᠵᠠᠮ》᠎ᠢ᠋ ᠴᠢᠩᠭ᠎ᠠ ᠨᠠᠢᠳᠠᠪᠤᠷᠢᠵᠢᠭᠤᠯᠵᠤ᠂ ᠠᠰᠠᠭᠤᠳᠠᠯ᠎ᠢ ᠭᠦᠨᠵᠡᠭᠡᠢ ᠪᠠᠢᠴᠠᠭᠠᠨ ᠳᠡᠯᠭᠡᠪᠡ᠃ 《ᠪᠣᠳᠠᠲᠠᠢᠵᠢᠭᠤᠯᠬᠤ》 ᠳᠡᠭᠡᠷ᠎ᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ᠎ᠶᠢ ᠪᠠᠷᠢᠮᠲᠠᠯᠠᠵᠤ᠂ ᠡᠭᠦᠳᠡ᠎ᠪᠡᠨ ᠨᠡᠭᠡᠭᠡᠨ ᠠᠷᠠᠳ᠎ᠤᠨ ᠰᠠᠨᠠᠭ᠎ᠠ᠎ᠶᠢ ᠰᠣᠨᠣᠰᠴᠤ᠂ ᠠᠷᠠᠳ᠎ᠤᠨ ᠰᠡᠳᠬᠢᠯ᠎ᠦᠨ ᠶᠠᠷᠢᠯᠴᠠᠭ᠎ᠠ᠂ 12345 ᠬᠠᠯᠠᠮᠰᠢᠯ ᠤᠲᠠᠰᠤ ᠵᠡᠷᠭᠡ ᠠᠷᠭ᠎ᠠ ᠵᠠᠮ᠎ᠢᠶᠠᠷ ᠳᠠᠮᠵᠢᠨ 542 ᠵᠤᠷᠪᠤᠰ ᠰᠠᠨᠠᠯ ᠰᠠᠨᠠᠭᠤᠯᠭ᠎ᠠ᠎ᠶᠢ ᠬᠦᠯᠢᠶᠡᠨ ᠠᠪᠴᠤ᠂ 315 ᠵᠤᠷᠪᠤᠰ᠎ᠢ ᠰᠢᠢᠳᠪᠦᠷᠢᠯᠡᠵᠦ ᠳᠠᠭᠤᠰᠬᠠᠪᠠ; 《ᠳᠥᠷᠪᠡ᠎ᠶᠢ ᠬᠦᠳᠡᠭᠡ᠎ᠳᠤ ᠪᠠᠭᠤᠯᠭᠠᠬᠤ》 ᠵᠡᠷᠭᠡ ᠳᠦᠷᠢᠮ᠎ᠢ ᠨᠠᠢᠳᠠᠪᠤᠷᠢᠵᠢᠭᠤᠯᠵᠤ᠂ ᠨᠢᠭᠡᠳᠦᠭᠡᠷ ᠹᠷᠣᠨᠲ᠎ᠲᠤ ᠭᠦᠨᠵᠡᠭᠡᠢᠷᠡᠨ 29 ᠰᠠᠨᠠᠯ ᠬᠤᠷᠢᠶᠠᠬᠤ᠎ᠶᠢᠨ ᠬᠠᠮᠲᠤ 20 ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ᠎ᠪᠡᠷ ᠣᠯᠠᠨ ᠲᠦᠮᠡᠨ᠎ᠦ ᠵᠢᠷᠭᠠᠯᠲᠤ ᠲᠥᠷᠥᠭᠳᠡᠯ᠎ᠢ ᠨᠡᠮᠡᠭᠳᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号