ᠦᠪᠦᠷ ᠮᠤᠩᠭᠤᠯ AI ᠵᠠᠭᠪᠤᠷ ᠤ᠋ᠨ ᠨᠢᠭᠡᠨ ᠪᠦᠲᠦᠭᠡᠭᠳᠡᠭᠦᠨ ᠢ᠋ 30 ᠲᠦᠮᠡᠨ ᠲᠦᠭᠦᠷᠢᠭ ᠶ᠋ᠢᠡᠷ ᠠᠷᠠᠯᠵᠢᠶᠠᠯᠠᠪᠠ
2026-06-26 09:40:36
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠡᠴᠡ ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠴᠢᠯᠦᠭᠡᠳᠦ ᠠᠷᠠᠯᠵᠢᠶᠠᠨ ᠤ᠋ ᠲᠤᠷᠰᠢᠯᠳᠠ ᠶ᠋ᠢᠨ ᠤᠷᠤᠨ ᠤ᠋ ᠬᠦᠬᠡᠬᠤᠳᠠ ᠶ᠋ᠢᠨ ᠬᠡᠰᠡᠭ ᠲᠤ᠌ ᠪᠠᠢᠬᠤ ᠦᠪᠦᠷ ᠮᠤᠩᠭᠤᠯ ᠤ᠋ᠨ ᠳ᠋ᠠᠢᠲ᠋ᠠ ᠶ᠋ᠢᠨ ᠠᠷᠠᠯᠵᠢᠶᠠᠨ ᠤ᠋ ᠲᠦᠪ ᠤᠢᠷ᠎ᠠ ᠳ᠋ᠤ AI ᠵᠠᠭᠪᠤᠷ ᠤ᠋ᠨ ᠨᠢᠭᠡᠨ ᠪᠦᠲᠦᠭᠡᠭᠳᠡᠭᠦᠨ ᠢ᠋ 30 ᠲᠦᠮᠡᠨ ᠲᠦᠭᠦᠷᠢᠭ ᠶ᠋ᠢᠡᠷ ᠠᠷᠠᠯᠵᠢᠶᠠᠯᠠᠪᠠ᠃

ᠡᠨᠡ ᠪᠤᠯ ᠦᠪᠦᠷ ᠮᠤᠩᠭᠤᠯ ᠤ᠋ᠨ ᠳ᠋ᠠᠢᠲ᠋ᠠ ᠶ᠋ᠢᠨ ᠠᠷᠠᠯᠵᠢᠶᠠᠨ ᠤ᠋ ᠲᠦᠪ ᠤ᠋ᠨ ᠦᠨᠡᠳᠦ ᠲᠡᠮᠳᠡᠭᠳᠦ ᠶ᠋ᠢᠨ ᠵᠠᠬ᠎ᠠ ᠳᠡᠯᠭᠡᠭᠦᠷ ᠲᠤ᠌ ᠪᠡᠶᠡᠯᠡᠭᠦᠯᠦᠭᠰᠡᠨ ᠠᠩᠬᠠᠳᠠᠭᠴᠢ ᠤᠢᠷ᠎ᠠ ᠤᠭᠳᠠᠷᠭᠤᠢ ᠶ᠋ᠢᠨ ᠠᠵᠤ ᠠᠬᠤᠢ ᠶ᠋ᠢᠨ ᠬᠦᠷᠢᠶᠡᠨ ᠳ᠋ᠡᠬᠢ ᠠᠷᠠᠯᠵᠢᠶ᠎ᠠ ᠪᠤᠯᠤᠨ᠎ᠠ᠃ ᠲᠤᠰ ᠤᠳᠠᠭ᠎ᠠ ᠶ᠋ᠢᠨ ᠠᠷᠠᠯᠵᠢᠶ᠎ᠠ ᠳ᠋ᠤ ᠦᠪᠦᠷ ᠮᠤᠩᠭᠤᠯ ᠤ᠋ᠨ ᠲᠢᠶᠠᠨ ᠵᠢᠶᠠᠩ ᠬᠠᠮᠠᠭᠠᠯᠠᠯᠳᠠ ᠶ᠋ᠢᠨ ᠠᠵᠢᠯ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠳᠦ ᠺᠤᠮᠫᠠᠨᠢ  ᠪᠡᠶ᠎ᠠ ᠪᠡᠨ ᠳᠠᠭᠠᠭᠠᠵᠤ ᠰᠤᠳᠤᠯᠤᠨ ᠨᠡᠭᠡᠭᠡᠭᠰᠡᠨ 《ᠵᠢᠵᠢᠭᠦᠷᠯᠡᠬᠦ ᠬᠦᠮᠦᠨ ᠬᠡᠷᠡᠭᠰᠡᠬᠦ ᠦᠭᠡᠢ ᠪᠡᠷ ᠲᠤᠬᠠᠢ ᠶ᠋ᠢᠨ ᠤᠷᠤᠨ ᠵᠠᠢ ᠶ᠋ᠢᠨ ᠮᠡᠳᠡᠭᠡ ᠵᠠᠩᠬᠢ ᠶ᠋ᠢ ᠴᠠᠭ ᠲᠤᠬᠠᠢ ᠳ᠋ᠤᠨᠢ ᠰᠡᠷᠡᠵᠦ ᠮᠡᠳᠡᠬᠦ ᠵᠠᠭᠪᠤᠷ》 ᠤ᠋ᠨ AI ᠮᠡᠷᠭᠡᠵᠢᠯ ᠤ᠋ᠨ ᠪᠦᠲᠦᠭᠡᠭᠳᠡᠭᠦᠨ ᠶ᠋ᠢᠡᠨ ᠦᠪᠦᠷ ᠮᠤᠩᠭᠤᠯ ᠤ᠋ᠨ ᠳ᠋ᠠᠢᠲ᠋ᠠ ᠶ᠋ᠢᠨ ᠠᠷᠠᠯᠵᠢᠶᠠᠨ ᠤ᠋ ᠲᠦᠪ ᠶ᠋ᠢᠡᠷ ᠳᠠᠮᠵᠢᠨ ᠦᠪᠦᠷ ᠮᠤᠩᠭᠤᠯ ᠤ᠋ᠨ ᠬᠤᠶᠠᠭᠳᠤ ᠬᠢᠶ᠎ᠠ ᠠᠮᠤᠷ ᠢ᠋ ᠬᠠᠮᠠᠭᠠᠯᠠᠬᠤ ᠦᠢᠯᠡᠴᠢᠯᠡᠭᠡᠨ ᠤ᠋ ᠬᠢᠵᠠᠭᠠᠷᠳᠦ ᠺᠤᠮᠫᠠᠨᠢ ᠳ᠋ᠤ ᠬᠤᠳᠠᠯᠳᠤᠵᠠᠢ᠃ ᠡᠨᠡ ᠬᠦ᠌ AI ᠵᠠᠭᠪᠤᠷ ᠤ᠋ᠨ ᠪᠦᠲᠦᠭᠡᠭᠳᠡᠭᠦᠨ ᠨᠢ ᠤᠯᠠᠨ ᠡᠬᠢᠳᠤ ᠠᠯᠤᠰ ᠰᠡᠷᠡᠯ ᠤ᠋ᠨ ᠳ᠋ᠠᠢᠲ᠋ᠠ ᠶ᠋ᠢ ᠨᠡᠢᠳᠭᠡᠵᠦ᠂ ᠤᠢᠷ᠎ᠠ ᠤᠭᠳᠠᠷᠭᠤᠢ ᠶ᠋ᠢᠨ ᠤᠷᠤᠨ ᠪᠦᠰᠡ ᠳ᠋ᠤ ᠪᠦᠬᠦᠢᠯᠡ ᠤᠷᠤᠨ ᠪᠦᠰᠡ ᠶ᠋ᠢ ᠤᠭᠳᠠᠷᠭᠤᠢ ᠡᠴᠡ ᠴᠠᠭᠳᠠᠨ ᠪᠠᠢᠴᠠᠭᠠᠬᠤ᠂ ᠬᠡᠪ ᠤ᠋ᠨ ᠪᠤᠰᠤ ᠬᠠᠷᠠᠯᠳᠠ ᠶ᠋ᠢ ᠤᠶᠤᠨᠴᠢ ᠪᠡᠷ ᠢᠯᠭᠠᠨ ᠲᠠᠨᠢᠵᠤ ᠮᠦᠷᠳᠡᠬᠦ᠂ ᠤᠷᠤᠨ ᠪᠦᠰᠡ ᠶ᠋ᠢ ᠬᠦᠳᠡᠯᠦᠩᠭᠦᠢ ᠪᠡᠷ ᠬᠢᠨᠠᠨ ᠰᠢᠯᠭᠠᠵᠤ ᠰᠡᠷᠡᠮᠵᠢᠯᠡᠭᠦᠯᠬᠦ᠂ ᠲᠤᠬᠠᠢ ᠶ᠋ᠢᠨ ᠤᠷᠤᠨ ᠵᠠᠢ ᠶ᠋ᠢᠨ ᠮᠡᠳᠡᠭᠡ ᠵᠠᠩᠬᠢ ᠶ᠋ᠢ ᠴᠠᠭ ᠲᠤᠬᠠᠢ ᠳ᠋ᠤᠨᠢ ᠵᠠᠳᠠᠯᠬᠤ ᠵᠡᠷᠭᠡ ᠴᠢᠳᠠᠮᠵᠢ ᠲᠠᠢ ᠪᠠᠢᠵᠤ᠂ ᠠᠮᠦᠷ ᠢ᠋ ᠬᠠᠮᠠᠭᠠᠯᠠᠬᠤ ᠴᠠᠭᠳᠠᠨ ᠪᠠᠢᠴᠠᠭᠠᠬᠤ ᠠᠵᠢᠯ ᠢ᠋ ᠤᠯᠠᠮᠵᠢᠯᠠᠯᠳᠦ ᠬᠦᠮᠦᠨ ᠤ᠋ ᠬᠦᠴᠦ ᠪᠡᠷ ᠵᠢᠵᠢᠭᠦᠷᠯᠡᠬᠦ ᠡᠴᠡ ᠵᠢᠵᠢᠭᠦᠷᠯᠡᠬᠦ ᠬᠦᠮᠦᠨ ᠬᠡᠷᠡᠭᠰᠡᠬᠦ ᠦᠭᠡᠢ ᠪᠡᠷ ᠤᠶᠤᠨᠴᠢ ᠪᠡᠷ ᠴᠠᠭᠳᠠᠨ ᠪᠠᠢᠴᠠᠭᠠᠬᠤ ᠳᠡᠢᠰᠢ ᠬᠤᠪᠢᠷᠠᠭᠤᠯᠬᠤ ᠳ᠋ᠤ ᠲᠤᠰᠠᠯᠠᠨ᠂ ᠪᠠᠴᠢᠮ ᠪᠠᠢᠳᠠᠯ ᠢ᠋ ᠠᠷᠭᠠᠴᠠᠭᠠᠨ ᠰᠢᠢᠳᠪᠤᠷᠢᠯᠡᠬᠦ ᠬᠤᠷᠳᠤᠴᠠ ᠶ᠋ᠢ ᠢᠯᠡᠳᠳᠡ ᠳᠡᠭᠡᠭᠰᠢᠯᠡᠭᠦᠯᠬᠦ ᠪᠤᠯᠤᠨ᠎ᠠ᠃

ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠬᠤᠪᠢ ᠡᠵᠡᠮᠳᠡᠭᠰᠡᠨ ᠬᠤᠪᠢᠶᠠᠷᠢ ᠺᠤᠮᠫᠠᠨᠢ ᠪᠤᠯᠬᠤ ᠦᠪᠦᠷ ᠮᠤᠩᠭᠤᠯ ᠤ᠋ᠨ ᠳ᠋ᠠᠢᠲ᠋ᠠ ᠶ᠋ᠢᠨ ᠠᠷᠠᠯᠵᠢᠶᠠᠨ ᠤ᠋ ᠲᠦᠪ ᠪᠤᠯ ᠦᠪᠦᠷ ᠮᠤᠩᠭᠤᠯ ᠤ᠋ᠨ ᠴᠢᠯᠦᠭᠡᠳᠦ ᠠᠷᠠᠯᠵᠢᠶᠠᠨ ᠤ᠋ ᠲᠤᠷᠰᠢᠯᠳᠠ ᠶ᠋ᠢᠨ ᠤᠷᠤᠨ ᠤ᠋ ᠬᠦᠬᠡᠬᠤᠳᠠ ᠶ᠋ᠢᠨ ᠬᠡᠰᠡᠭ ᠤ᠋ᠨ ᠳ᠋ᠠᠢᠲ᠋ᠠ ᠶ᠋ᠢᠨ ᠴᠢᠬᠤᠯᠠ ᠬᠦᠴᠦᠨ ᠵᠦᠢᠯ ᠢ᠋ ᠵᠠᠬ᠎ᠠ ᠳᠡᠯᠭᠡᠭᠦᠷᠴᠢᠯᠡᠨ ᠳᠤᠬᠢᠷᠠᠭᠤᠯᠬᠤ ᠦᠭᠡᠷᠡᠴᠢᠯᠡᠯᠳᠡ ᠶ᠋ᠢ ᠪᠡᠶᠡᠯᠡᠭᠦᠯᠬᠦ ᠭᠤᠤᠯ ᠴᠤᠭᠴᠠ ᠪᠠᠢᠵᠤ᠂ ᠴᠢᠳᠠᠮᠵᠢ ᠲᠡᠭᠦᠯᠳᠡᠷ ᠳ᠋ᠠᠢᠲ᠋ᠠ ᠶ᠋ᠢᠨ ᠠᠷᠠᠯᠵᠢᠶᠠᠨ ᠤ᠋ ᠭᠤᠤᠯ ᠳᠠᠪᠴᠠᠩ ᠢ᠋ ᠪᠠᠢᠭᠤᠯᠤᠨ᠂ 《ᠳᠠᠩᠰᠠᠯᠠᠬᠤ — ᠬᠢᠨᠠᠬᠤ — ᠬᠠᠮᠳᠤᠷᠠᠨ ᠠᠵᠢᠯᠯᠠᠭᠤᠯᠬᠤ — ᠠᠷᠠᠯᠵᠢᠶᠠᠯᠠᠬᠤ — ᠲᠤᠭᠠᠴᠠᠭ᠎ᠠ ᠬᠢᠬᠦ — ᠪᠠᠷᠢᠮᠳᠠ ᠦᠯᠡᠳᠡᠭᠡᠬᠦ》 ᠪᠦᠬᠦ ᠶᠠᠪᠤᠴᠠ ᠶ᠋ᠢᠨ ᠪᠠᠷᠢᠮᠵᠢᠶᠠᠵᠢᠭᠰᠠᠨ ᠲᠤᠬᠠᠢᠯᠠᠭᠰᠠᠨ ᠠᠵᠢᠯ ᠤ᠋ᠨ ᠦᠢᠯᠡᠴᠢᠯᠡᠭᠡ ᠶ᠋ᠢ ᠨᠡᠪᠳᠡᠷᠡᠭᠦᠯᠪᠡ᠃ ᠲᠤᠰ ᠲᠦᠪ ᠨᠢᠬᠡᠨᠳᠡ ᠪᠦᠬᠦ ᠤᠯᠤᠰ ᠤ᠋ᠨ 24 ᠳ᠋ᠠᠢᠲ᠋ᠠ ᠶ᠋ᠢᠨ ᠠᠷᠠᠯᠵᠢᠶᠠᠨ ᠤ᠋ ᠪᠠᠢᠭᠤᠯᠤᠮᠵᠢ ᠲᠠᠢ ᠬᠠᠷᠢᠯᠴᠠᠨ ᠮᠡᠳᠡᠷᠡᠬᠦ ᠵᠦᠪᠯᠡᠯᠴᠡᠭᠡᠷ ᠳᠤᠬᠢᠷᠠᠯᠴᠠᠭᠰᠠᠨ ᠪᠦᠭᠡᠳ ᠪᠦᠬᠦ ᠤᠯᠤᠰ ᠲᠤ᠌ ᠬᠠᠮᠤᠭ ᠤ᠋ᠨ ᠲᠡᠷᠢᠭᠦᠨ ᠳ᠋ᠤ ᠳ᠋ᠠᠢᠲ᠋ᠠ ᠶ᠋ᠢᠨ ᠪᠦᠲᠦᠭᠡᠭᠳᠡᠭᠦᠨ ᠤ᠋ ᠦᠨ᠎ᠠ ᠳᠤᠭᠳᠠᠭᠠᠬᠤ ᠦᠢᠯᠡᠴᠢᠯᠡᠭᠡᠨ ᠤ᠋ ᠵᠢᠯᠤᠭᠤᠳᠤᠮᠵᠢ ᠶ᠋ᠢ ᠰᠦᠪᠡᠭᠴᠢᠯᠡᠨ ᠪᠠᠢᠭᠤᠯᠵᠤ᠂ ᠪᠦᠬᠦ ᠤᠯᠤᠰ ᠤ᠋ᠨ ᠳ᠋ᠠᠢᠲ᠋ᠠ ᠶ᠋ᠢᠨ ᠴᠢᠬᠤᠯᠠ ᠬᠦᠴᠤᠨ ᠵᠦᠢᠯ ᠤ᠋ᠨ ᠦᠨ᠎ᠠ ᠬᠠᠩᠰᠢ ᠪᠦᠷᠢᠯᠳᠦᠬᠦ ᠳᠤᠭᠳᠠᠴᠠ ᠶ᠋ᠢᠨ ᠦᠭᠡᠷᠡᠴᠢᠯᠡᠯᠳᠡ ᠳ᠋ᠤ 《ᠦᠪᠦᠷ ᠮᠤᠩᠭᠤᠯ ᠤ᠋ᠨ ᠦᠢᠯᠡᠳᠦᠯᠭᠡ》 ᠵᠢ ᠬᠠᠩᠭᠠᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号