ᠲᠦᠷᠦᠭᠦᠦ 5 ᠰᠠᠷ᠎ᠠ ᠳ᠋ᠤ ᠥᠪᠥᠷ ᠮᠣᠩᠭᠣᠯ 1148.41 ᠲᠦᠮᠡᠨ ᠮᠥ᠍ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠶ᠋ᠢ ᠪᠡᠶᠡᠯᠡᠭᠦᠯᠪᠡ
2026-06-26 09:58:31
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠪᠥᠬᠥ᠌ ᠬᠦᠴᠦᠨ ᠵᠢᠡᠷ ᠵᠢᠡᠨ ᠰᠠᠢᠲᠤᠷ ᠬᠢᠵᠦ᠍᠂ 2026 ᠣᠨ ᠡᠴᠡ ᠨᠠᠭᠠᠰᠢ ᠬᠠᠲᠤᠨ ᠭᠤᠤᠯ ᠤ᠋ᠨ ᠶᠡᠬᠡ ᠲᠤᠬᠤᠢ ᠵᠡᠷᠭᠡ ᠭᠤᠤᠯᠳᠠᠯᠭ᠎ᠠ᠎ᠲᠠᠶ ᠵᠠᠰᠠᠯᠲᠠ ᠶ᠋ᠢᠨ ᠣᠷᠣᠨ ᠳ᠋ᠤ ᠨᠢᠭᠡ ᠪᠦᠯᠦᠭ ᠭᠤᠤᠯᠳᠠᠯᠭ᠎ᠠ᠎ᠲᠠᠶ ᠢᠨᠵᠧᠨᠧᠷᠢᠩ ᠢ᠋ ᠬᠡᠷᠡᠭ᠌ᠵᠢᠭᠦᠯᠵᠦ᠍᠂ ᠲᠦᠷᠦᠭᠦᠦ 5 ᠰᠠᠷ᠎ᠠ ᠳ᠋ᠤ ᠪᠥᠬᠥ᠌ ᠣᠷᠣᠨ ᠨᠢᠭᠡᠨᠲᠡ 1148.41 ᠲᠦᠮᠡᠨ ᠮᠥ᠍ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠶ᠋ᠢ ᠪᠡᠶᠡᠯᠡᠭᠦᠯᠵᠦ᠍᠂ ᠡᠳᠦᠷ ᠪᠦᠷᠢ ᠳᠤᠮᠳᠠᠴᠢ ᠪᠡᠷ 7.6 ᠲᠦᠮᠡᠨ ᠮᠥ᠍ ᠪᠡᠶᠡᠯᠡᠭᠦᠯᠪᠡ᠃

ᠥᠪᠥᠷ ᠮᠣᠩᠭᠣᠯ ᠪᠣᠯ ᠮᠠᠨ᠎ᠤ ᠤᠯᠤᠰ ᠤ᠋ᠨ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ ᠭᠣᠣᠯ ᠲᠠᠢ᠌ᠨ᠎ᠦ ᠲᠠᠯᠠᠪᠤᠷ᠂ ᠡᠯᠡᠰᠦᠨ ᠱᠢᠭᠤᠷᠭ᠎ᠠ ᠶ᠋ᠢ ᠰᠡᠷᠭᠡᠢᠯᠡᠬᠦ᠌ ᠭᠣᠣᠯ ᠰᠡᠷᠭᠡᠢᠯᠡᠯᠲᠡ ᠶ᠋ᠢᠨ ᠱᠤᠭᠤᠮ ᠪᠠᠢᠵᠤ᠂ ᠪᠦᠬᠦ᠌ ᠤᠯᠤᠰ ᠤ᠋ᠨ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ᠎ᠤ 44%  ᠵᠢᠨ ᠠᠮᠢ ᠠᠬᠤᠢ ᠶ᠋ᠢᠨ ᠪᠦᠳᠦᠭᠡᠨ ᠪᠠᠢᠭᠤᠯᠤᠯᠲᠠ ᠶ᠋ᠢᠨ ᠡᠭᠦᠷᠭᠡ ᠪᠣᠯᠤᠨ 60%  ᠵᠢᠨ ᠡᠯᠡᠰᠦᠷᠬᠡᠭ᠌ᠵᠢᠭ᠌ᠰᠡᠨ ᠭᠠᠵᠠᠷ ᠱᠢᠷᠣᠢ ᠶ᠋ᠢ ᠶᠡᠷᠦᠩᠬᠡᠢᠯᠡᠨ ᠵᠠᠰᠠᠬᠤ ᠡᠭᠦᠷᠭᠡ ᠶ᠋ᠢ ᠡᠭᠦᠷᠭᠡᠯᠡᠵᠦ᠍ ᠪᠤᠢ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠡᠬᠢᠯᠡᠭ᠌ᠰᠡᠨ 3 ᠵᠢᠯ ᠤ᠋ᠨ ᠲᠤᠷᠰᠢ᠂ ᠥᠪᠥᠷ ᠮᠣᠩᠭᠣᠯ ᠰᠠᠨᠠᠭᠠᠴᠢᠯᠠᠭ᠎ᠠ ᠡᠴᠡ ᠪᠡᠨ ᠭᠣᠣᠯ ᠳᠠᠭᠠᠷᠢᠯᠳᠠ ᠬᠢᠵᠦ᠍᠂ ᠠᠮᠢ ᠠᠬᠤᠢ ᠶ᠋ᠢᠨ ᠪᠦᠳᠦᠭᠡᠨ ᠪᠠᠢᠭᠤᠯᠤᠯᠲᠠ ᠶ᠋ᠢᠨ ᠡᠭᠦᠷᠭᠡ ᠶ᠋ᠢ ᠨᠡᠢ᠌ᠳᠡ 1.07 ᠳ᠋ᠦᠩᠱᠢᠭᠤᠷ ᠮᠦ᠍ ᠪᠡᠶᠡᠯᠡᠭᠦᠯᠵᠦ᠍᠂ ᠪᠦᠬᠦ᠌ ᠤᠯᠤᠰ ᠤ᠋ᠨ ᠲᠡᠷᠢᠭᠦᠨ᠎ᠳᠦ ᠵᠢᠭᠰᠠᠭᠠᠭᠳᠠᠨ᠂ ᠪᠡᠶᠡᠯᠡᠭᠦᠯᠦᠭ᠌ᠰᠡᠨ ᠬᠡᠮᠵᠢᠶ᠎ᠡ ᠨᠢ ᠥᠪᠥᠷ ᠮᠣᠩᠭᠣᠯ ᠤ᠋ᠨ《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠲᠦᠷᠦᠭᠦᠦ ᠲᠠᠪᠤᠨ ᠬᠤᠭᠤᠴᠠᠭᠠᠨ᠎ᠤ ᠪᠦᠳᠦᠭᠡᠨ ᠪᠠᠢᠭᠤᠯᠤᠯᠲᠠ ᠶ᠋ᠢᠨ ᠶᠡᠷᠦᠩᠬᠡᠢ ᠬᠡᠮᠵᠢᠶᠡᠨ᠎ᠦ ᠭᠤᠷᠪᠠᠨ᠎ᠤ ᠬᠣᠶᠠᠷ ᠬᠤᠪᠢ᠎ᠲᠠᠶ ᠲᠡᠩᠴᠡᠵᠦ᠍᠂ ᠭᠤᠷᠪᠠᠨ ᠶᠡᠬᠡ ᠪᠡᠯᠭᠡ ᠳᠡᠮᠳᠡᠭ ᠤ᠋ᠨ ᠴᠢᠨᠠᠷᠲᠠᠢ ᠳᠠᠢᠯᠠᠯᠳᠤᠭᠠᠨ ᠴᠢᠬᠤᠯᠠ ᠶᠡᠬᠡ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠠᠢ᠃

2026 ᠣᠨ ᠳ᠋ᠤ ᠥᠪᠥᠷ ᠮᠣᠩᠭᠣᠯ ᠪᠥᠬᠥ᠌ ᠵᠢᠯ᠎ᠳᠦ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠶ᠋ᠢᠨ ᠡᠭᠦᠷᠭᠡ ᠶ᠋ᠢ 4000 ᠲᠦᠮᠡᠨ ᠮᠤ᠌᠎ᠡᠴᠡ ᠳᠡᠭᠡᠭ᠌ᠰᠢ ᠪᠡᠶᠡᠯᠡᠭᠦᠯᠬᠦ ᠪᠤᠯᠤᠨ᠎ᠠ᠂ ᠡᠭᠦᠨ᠎ᠦ ᠳᠣᠲᠣᠷ᠎ᠠ 1500 ᠲᠦᠮᠡᠨ ᠮᠤ᠌᠎ᠡᠴᠡ ᠳᠡᠭᠡᠭ᠌ᠰᠢ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠨ᠎ᠠ᠃ ᠬᠠᠲᠤᠨ ᠭᠤᠤᠯ ᠤ᠋ᠨ ᠶᠡᠬᠡ ᠲᠤᠬᠤᠢ ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠂ ᠬᠣᠷᠴᠢᠨ᠂ ᠬᠤᠯᠠᠨ ᠱᠢᠷᠭ᠎ᠠ ᠲᠠᠭ᠎ᠠ ᠶ᠋ᠢᠨ ᠬᠣᠶᠠᠷ ᠶᠡᠬᠡ ᠡᠯᠡᠰᠦᠷᠬᠡᠭ ᠭᠠᠵᠠᠷ ᠢ᠋ ᠰᠥᠨᠥᠭᠡᠬᠦ᠌ ᠳᠠᠢᠯᠠᠯᠳᠤᠭᠠᠨ᠂ ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠵᠠᠬ᠎ᠠ ᠵᠢᠨ ᠬᠤᠷᠢᠭᠯᠠᠯᠲᠠ ᠵᠢᠨ ᠳᠠᠢᠯᠠᠯᠳᠤᠭᠠᠨ ᠵᠡᠷᠭᠡ ᠭᠤᠷᠪᠠᠨ ᠶᠡᠬᠡ ᠳᠠᠢᠯᠠᠯᠳᠤᠭᠠᠨ᠎ᠤ ᠲᠣᠭᠣᠷᠢᠭ ᠲᠤ᠌ ᠲᠣᠰ ᠲᠣᠰ ᠨᠢᠭᠡ ᠪᠦᠯᠦᠭ ᠵᠢᠱ᠌ᠢᠶ᠎ᠡ ᠦᠵᠡᠭᠦᠯᠬᠦ᠌ ᠢᠨᠵᠧᠨᠧᠷᠢᠩ ᠢ᠋ ᠪᠠᠢᠭᠤᠯᠵᠤ᠂ ᠭᠤᠤᠯᠳᠠᠯᠭ᠎ᠠ᠎ᠲᠠᠶ ᠵᠠᠰᠠᠯᠲᠠ ᠶ᠋ᠢᠨ ᠣᠷᠣᠨ ᠳ᠋ᠤ ᠡᠯᠡᠰᠦ ᠵᠠᠰᠠᠬᠤ ᠠᠵᠢᠯ ᠥᠷᠨᠢᠭᠦᠯᠪᠡ᠃

ᠣᠯᠠᠨ ᠵᠢᠯ ᠤ᠋ᠨ ᠲᠤᠷᠰᠢ ᠥᠪᠥᠷ ᠮᠣᠩᠭᠣᠯ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠠᠵᠢᠯ ᠢ᠋᠎ᠮᠠᠨ᠎ᠤ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ᠎ᠦ ᠬᠠᠯᠬᠠᠪᠴᠢ ᠶ᠋ᠢ ᠪᠠᠲᠤ ᠴᠣᠭ᠍ᠴᠠᠯᠠᠬᠤ ᠭᠤᠤᠯᠳᠠᠯᠭ᠎ᠠ᠎ᠲᠠᠶ ᠠᠵᠢᠯ ᠪᠣᠯᠭᠠᠵᠤ᠂ ᠢᠨᠵᠧᠨᠧᠷᠢᠩ ᠢ᠋ ᠠᠭᠤᠰᠤᠯᠴᠠᠭᠤᠯᠬᠤ᠂ ᠨᠡᠢᠭᠡᠮ ᠨᠡᠢᠲᠡ ᠶ᠋ᠢ᠎ᠣᠷᠣᠯᠴᠠᠭᠤᠯᠬᠤ᠂ ᠬᠠᠮᠲᠤᠷᠠᠨ ᠰᠡᠷᠭᠡᠢᠯᠡᠵᠦ᠍ ᠬᠠᠮᠲᠤᠷᠠᠨ ᠵᠠᠰᠠᠬᠤ᠂ ᠠᠵᠤ ᠦᠶ᠋ᠯᠡᠰ ᠵᠢᠡᠷ ᠳᠠᠢᠴᠢᠯᠠᠬᠤ ᠵᠡᠷᠭᠡ ᠲᠠᠯ᠎ᠠ ᠪᠡᠷ ᠲᠠᠰᠤᠷᠠᠯᠲᠠ ᠥᠬᠡᠶ ᠲᠣᠭ᠍ᠲᠠᠴᠠ ᠶ᠋ᠢᠨ ᠱᠢᠨ᠎ᠡ ᠶ᠋ᠢ ᠡᠭᠦᠳᠪᠡ᠃ 2026 ᠣᠨ ᠳ᠋ᠤ ᠥᠪᠥᠷ ᠮᠣᠩᠭᠣᠯ ᠬᠡᠷᠡᠯᠴᠢ ᠴᠡᠨᠡᠭ ᠵᠢᠡᠷ ᠡᠯᠡᠰᠤ ᠶ᠋ᠢ ᠵᠠᠰᠠᠬᠤ᠂ ᠵᠠᠮ ᠵᠢᠡᠷ ᠡᠯᠡᠰᠦ ᠶ᠋ᠢ ᠵᠠᠰᠠᠬᠤ ᠵᠡᠷᠭᠡ ᠵᠠᠭ᠍ᠪᠤᠷ ᠢ᠋ ᠦᠷᠭᠦᠯᠵᠢᠯᠡᠨ ᠳᠡᠯᠭᠡᠷᠡᠭᠦᠯᠵᠦ᠍᠂ ᠣᠷᠣᠨ ᠪᠦᠰᠡ ᠶ᠋ᠢᠨ ᠬᠠᠮᠲᠤᠷᠠᠨ ᠰᠡᠷᠭᠡᠢᠯᠡᠵᠦ᠍ ᠬᠠᠮᠲᠤᠷᠠᠨ ᠵᠠᠰᠠᠬᠤ ᠶ᠋ᠢ ᠭᠦᠨᠵᠡᠭᠡᠢᠷᠡᠭᠦᠯᠤᠨ᠂ ᠮᠣᠳᠣ ᠳᠠᠷᠢᠬᠤ ᠣᠶᠤᠨᠴᠢ ᠮᠠᠱᠢᠨ ᠬᠥᠮᠦᠨ᠂ ᠡᠯᠡᠰᠦᠨ᠎ᠦ ᠬᠠᠯᠬᠠᠪᠴᠢ ᠳᠡᠪᠢᠰᠭᠦ ᠮᠠᠱᠢᠨ ᠵᠡᠷᠭᠡ ᠡᠯᠡᠰᠦ ᠶ᠋ᠢ ᠵᠠᠰᠠᠬᠤ ᠲᠡᠷᠢᠭᠦᠨ᠎ᠦ ᠮᠠᠱᠢᠨ ᠲᠦᠬᠦᠭᠡᠷᠦᠮᠵᠢ ᠶ᠋ᠢ ᠳᠡᠯᠭᠡᠷᠡᠭᠦᠯᠦᠨ ᠬᠡᠷᠡᠭ᠌ᠯᠡᠬᠦ᠌ ᠡᠷᠴᠢᠮ ᠵᠢᠡᠨ ᠴᠢᠩᠭᠠᠷᠠᠭᠤᠯᠵᠤ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠶᠠᠰᠤ ᠴᠢᠨᠠᠷ ᠪᠠ ᠦᠷ᠎ᠡ ᠪᠦᠲᠦᠮᠵᠢ ᠶ᠋ᠢ ᠤᠯᠠᠮ  ᠳᠡᠭᠡᠭ᠌ᠰᠢᠯᠡᠭᠦᠯᠦᠭᠰᠡᠨ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号