ᠦᠪᠤᠷ ᠮᠤᠩᠭᠤᠯ ᠤ᠋ᠨ ᠤᠯᠠᠨ ᠭᠠᠵᠠᠷ ᠲᠦ᠍ ᠶᠡᠬᠡ ᠪᠤᠷᠤᠭᠠᠨ ᠪᠤᠶᠤ ᠰᠢᠷᠤᠬᠦᠨ ᠪᠤᠷᠤᠭᠠᠨ ᠤᠷᠤᠨ᠎ᠠ
2026-06-26 10:11:01
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠵᠢᠡᠷ᠂ ᠢᠷᠡᠬᠦ ᠬᠡᠳᠤᠨ ᠡᠳᠤᠷ ᠮᠠᠨ ᠤ᠋ ᠤᠷᠤᠨ ᠤ᠋ ᠶᠡᠬᠡᠩᠬᠢ ᠭᠠᠵᠠᠷ ᠲᠦ᠍ ᠪᠠᠭ᠎ᠠ ᠪᠤᠷᠤᠭᠠᠨ ᠪᠤᠶᠤ ᠵᠢᠷᠪᠢᠰᠬᠢᠨ ᠪᠤᠷᠤᠭᠠᠨ ᠤᠷᠤᠵᠤ᠂ ᠵᠡᠬᠦᠨ ᠪᠠᠶ᠎ᠠ ᠵᠢᠨ ᠤᠯᠠᠨ ᠭᠠᠵᠠᠷ ᠲᠦ᠍ ᠶᠡᠬᠡ ᠪᠤᠷᠤᠭᠠᠨ ᠪᠤᠶᠤ ᠰᠢᠷᠤᠬᠦᠨ ᠪᠤᠷᠤᠭᠠᠨ ᠤᠷᠤᠨ᠎ᠠ᠃

6 ᠰᠠᠷ᠎ᠠ ᠵᠢᠨ 26 ᠤ᠋ ᠤᠷᠤᠢ ᠡᠴᠡ 29 ᠤ᠋ ᠡᠳᠤᠷ ᠪᠤᠯᠳᠠᠯ᠎ᠠ᠂ ᠪᠤᠭᠤᠳᠤ ᠬᠤᠳᠠ ᠵᠢᠨ ᠵᠡᠬᠦᠨ ᠪᠠᠶ᠎ᠠ᠂ ᠬᠦᠬᠡᠬᠤᠳᠠ ᠵᠢᠨ ᠬᠤᠢᠳᠤ ᠪᠠᠶ᠎ᠠ᠂ ᠤᠯᠠᠭᠠᠨᠴᠠᠪ ᠬᠤᠳᠠ ᠵᠢᠨ ᠡᠮᠤᠨ᠎ᠠ ᠪᠠᠶ᠎ᠠ ᠵᠢᠨ ᠡᠮᠤᠨ᠎ᠠ ᠬᠡᠰᠡᠭ᠂ ᠰᠢᠯᠢ ᠵᠢᠨ ᠭᠤᠤᠯ ᠠᠢᠮᠠᠭ ᠤ᠋ᠨ ᠡᠮᠤᠨ᠎ᠠ ᠪᠠᠶ᠎ᠠ ᠪᠤᠯᠤᠨ ᠵᠡᠬᠦᠨ ᠬᠤᠢᠳᠤ ᠪᠠᠶ᠎ᠠ᠂ ᠤᠯᠠᠭᠠᠨᠬᠠᠳᠠ ᠬᠤᠳᠠ ᠵᠢᠨ ᠶᠡᠬᠡᠩᠬᠢ ᠭᠠᠵᠠᠷ᠂ ᠲᠦᠩᠯᠢᠶᠤᠤ ᠬᠤᠳᠠ ᠵᠢᠨ ᠶᠡᠬᠡᠩᠬᠢ ᠭᠠᠵᠠᠷ᠂ ᠬᠢᠩᠭᠠᠨ ᠠᠢᠮᠠᠭ ᠤ᠋ᠨ ᠶᠡᠬᠡᠩᠬᠢ ᠭᠠᠵᠠᠷ᠂ ᠬᠦᠯᠦᠨ ᠪᠤᠢᠷ ᠬᠤᠳᠠ ᠵᠢᠨ ᠪᠠᠷᠠᠭᠤᠨ ᠪᠠᠶ᠎ᠠ ᠪᠤᠯᠤᠨ ᠡᠮᠤᠨ᠎ᠠ ᠪᠠᠶ᠎ᠠ ᠳ᠋ᠤ ᠲᠤᠮᠳᠠ ᠡᠴᠡ ᠶᠡᠬᠡ ᠪᠤᠷᠤᠭᠠᠨ ᠤᠷᠤᠵᠤ᠂ ᠬᠡᠰᠡᠭ ᠭᠠᠵᠠᠷ ᠲᠦ᠍ ᠰᠢᠷᠤᠬᠦᠨ ᠪᠤᠷᠤᠭᠠᠨ ᠤᠷᠤᠵᠤ᠂ ᠵᠠᠷᠢᠮ ᠭᠠᠵᠠᠷ ᠲᠦ᠍ ᠤᠬᠤᠷ ᠬᠤᠭᠤᠴᠠᠭᠠᠨ ᠤ᠋ ᠰᠢᠷᠤᠬᠦᠨ ᠪᠤᠷᠤᠭᠠᠨ᠂ ᠠᠶᠤᠩᠭᠠᠳᠤ ᠪᠤᠷᠤᠭᠠᠨ ᠶᠡᠬᠡ ᠰᠠᠯᠬᠢ ᠪᠠ ᠮᠦᠨᠳᠤᠷ ᠵᠡᠷᠬᠡ ᠴᠢᠩᠭ᠎ᠠ ᠰᠤᠯᠢᠭ ᠤᠷᠤᠰᠬᠠᠯᠳᠤ ᠴᠠᠭ ᠠᠭᠤᠷ ᠲᠠᠭᠠᠯᠳᠤᠵᠤ᠂ ᠬᠠᠮᠤᠭ ᠤ᠋ᠨ ᠶᠡᠬᠡ ᠬᠤᠷ᠎ᠠ ᠲᠤᠨᠳᠠᠰᠤ ᠵᠢᠨ ᠬᠤᠷᠠᠮᠳᠤᠯ ᠤ᠋ᠨ ᠬᠡᠮᠵᠢᠶ᠎ᠠ 25 — 60 ᠮᠢᠯᠢᠮᠸᠲᠷ ᠬᠦᠷᠤᠨ᠎ᠠ᠃ 28 — 29 ᠤ᠋ ᠡᠳᠤᠷ᠂ ᠦᠪᠤᠷ ᠮᠤᠩᠭᠤᠯ ᠤ᠋ᠨ ᠵᠡᠬᠦᠨ ᠪᠠᠶ᠎ᠠ ᠵᠢᠨ ᠤᠯᠠᠨ ᠭᠠᠵᠠᠷ ᠲᠦ᠍ ᠶᠡᠬᠡ ᠪᠤᠷᠤᠭᠠᠨ ᠪᠤᠶᠤ ᠰᠢᠷᠤᠬᠦᠨ ᠪᠤᠷᠤᠭᠠᠨ ᠤᠷᠤᠨ᠎ᠠ᠃



ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号