ᠰᠤᠷᠭᠠᠨ ᠬᠥᠮᠦᠵᠢᠯ ᠦᠨ ᠶᠠᠮᠤᠨ ᠣᠢᠷ᠎ᠠ᠎ᠳᠤ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠬᠦᠯᠦᠭᠰᠡᠨ᠎ᠢ ᠬᠢᠨᠠᠨ ᠵᠢᠯᠤᠭᠣᠳᠴᠤ ᠦᠨᠡᠯᠡᠨ ᠵᠢᠱ᠌ᠢᠭᠰᠡᠨ ᠨᠡᠢᠲᠡᠯᠢᠭ ᠵᠢᠱ᠌ᠢᠶ᠎ᠠ ᠵᠢᠨ ᠡᠮᠬᠢᠳᠬᠡᠯ᠎ᠢ ᠳᠠᠷᠤᠮᠠᠯᠯᠠᠨ ᠲᠠᠷᠬᠠᠭᠠᠪᠠ᠂ ᠡᠭᠦᠨ ᠳᠦ ᠦᠬᠠᠢ ᠬᠣᠲᠠ᠎ᠶᠢᠨ 《ᠳᠥᠷᠪᠡᠨ ᠨᠢᠭᠡ》 ᠵᠢᠨ ᠰᠢᠰᠲᠧᠮ ᠵᠢᠡᠷ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠪᠥᠬᠥ ᠤᠷᠤᠨ ᠪᠦᠰᠡ ᠳ᠋ᠤ ᠲᠦᠭᠡᠮᠡᠯᠵᠢᠭᠦᠯᠦᠨ ᠲᠦᠭᠡᠮᠡᠯ ᠬᠠᠷᠠᠭᠠᠯᠵᠠᠯ ᠦᠵᠡᠭᠦᠯᠬᠦ᠎ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠤᠬᠰᠠᠨ᠂ ᠬᠡᠰᠢᠭᠲᠡᠨ ᠬᠤᠰᠢᠭᠤ ᠵᠢᠨ《ᠬᠣᠶᠠᠷ᠎ᠢ ᠲᠦᠭᠡᠮᠡᠯᠵᠢᠭᠦᠯᠬᠦ》 ᠡᠭᠦᠳᠦᠨ ᠪᠠᠶ᠋ᠢᠭᠤᠯᠬᠤ᠎ᠶᠢᠨ 《ᠭᠤᠷᠪᠠᠨ ᠭᠤᠷᠪᠠ 》 ᠭᠣᠣᠯᠳᠠᠯᠭ᠎ᠠ᠂ ᠵᠡᠭᠦᠨᠭᠠᠷ ᠬᠣᠰᠢᠭᠤ ᠵᠢᠨ ᠲᠦᠭᠡᠮᠡᠯ ᠠᠰᠢᠭ᠋ ᠬᠦᠷᠲᠡᠭᠡᠬᠦ ᠪᠡᠷ ᠬᠠᠯᠠᠭᠤᠨ ᠳᠤᠯᠠᠭᠠᠨ ᠰᠤᠷᠭᠠᠨ ᠬᠥᠮᠦᠵᠢᠯ᠎ᠢ ᠲᠦᠭᠡᠮᠡᠯᠵᠢᠭᠦᠯᠦᠭᠰᠡᠨ᠂ ᠡᠵᠡᠨ ᠬᠣᠷᠣᠭ᠎ᠠ ᠬᠤᠰᠢᠭᠤ ᠵᠢᠨ ᠨᠠᠮ᠎ᠤᠨ ᠪᠠᠢᠭᠤᠯᠤᠯᠲᠠ᠎ᠪᠡᠷ ᠬᠥᠲᠥᠯᠥᠨ ᠳᠠᠭᠠᠭᠤᠯᠵᠤ ᠨᠢᠭᠡᠳᠦᠯᠲᠡᠢ ᠲᠦᠯᠦᠪᠵᠢᠬᠦᠯᠦᠨ᠂ ᠪᠢᠲᠡᠭᠦᠦ ᠴᠠᠭᠠᠷᠢᠬ᠎ᠳᠦ ᠬᠢᠨᠠᠨ ᠵᠢᠯᠤᠭᠣᠳᠴᠤ ᠴᠢᠨᠠᠷ ᠰᠠᠢᠲᠠᠢ ᠪᠠᠢᠬᠤ᠎ᠶᠢ ᠠᠬᠢᠭᠤᠯᠤᠬᠰᠠᠨ 4 ᠵᠢᠱ᠌ᠢᠶᠡᠰᠤᠩᠭᠤᠭᠳᠠᠵᠠᠢ᠃
ᠰᠣᠩᠭᠣᠭᠳᠠᠭᠰᠠᠨ ᠨᠡᠢᠲᠡᠯᠢᠭ ᠵᠢᠱ᠌ᠢᠶ᠎ᠡ ᠨᠢ ᠭᠠᠵᠠᠷ ᠨᠤᠲᠤᠭ ᠥᠷᠭᠡᠨ ᠠᠭᠤᠳᠠᠮ᠂ ᠮᠠᠯᠵᠢᠬᠤ ᠲᠠᠷᠢᠶᠠᠯᠠᠬᠤ ᠣᠷᠣᠨ ᠲᠠᠷᠠᠬᠠᠢ ᠪᠤᠲᠠᠷᠬᠠᠢ᠂ ᠬᠣᠲᠠ ᠬᠥᠳᠡᠭᠡ᠎ᠶᠢᠨ ᠬᠡᠦᠬᠡᠳ᠎ᠦᠨ ᠰᠤᠷᠭᠠᠨ ᠬᠥᠮᠦᠵᠢᠯ᠎ᠦᠨ ᠡᠬᠢ ᠪᠠᠶᠠᠯᠢᠭ᠋ ᠲᠡᠭᠰᠢ ᠪᠤᠰᠤ ᠪᠠᠢᠬᠤ ᠪᠠᠢᠳᠠᠯ᠎ᠳᠤ ᠰᠠᠭᠤᠷᠢᠯᠠᠵᠤ᠂ ᠵᠠᠰᠠᠭ᠎ᠤᠨ ᠣᠷᠳᠣᠨ᠎ᠡᠴᠡ ᠨᠢᠭᠡᠳᠦᠯᠲᠡᠢ ᠲᠥᠯᠥᠪᠵᠢᠬᠦᠯᠬᠦ᠂ ᠵᠠᠰᠠᠯᠳᠠ ᠵᠢᠨ ᠰᠢᠨ᠎ᠡ᠎ᠶᠢ ᠡᠭᠦᠳᠬᠦ᠂ ᠠᠰᠠᠷᠠᠨ ᠬᠥᠮᠥᠵᠢᠭᠦᠯᠬᠦᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠬᠢᠨᠠᠨ ᠵᠢᠯᠤᠭᠣᠳᠴᠤ ᠠᠬᠢᠭᠤᠯᠬᠤ ᠵᠡᠷᠭᠡ ᠭᠣᠣᠯᠳᠠᠯᠭ᠎ᠠ᠎ᠲᠠᠢ ᠠᠵᠢᠯ᠎ᠢ᠋ ᠬᠠᠮᠤᠷᠴᠤ᠂ ᠣᠨᠴᠠᠯᠢᠭ᠍ᠲᠤ ᠠᠷᠭ᠎ᠠ ᠬᠢᠳᠡᠯ᠎ᠢ ᠪᠤᠯᠪᠠᠰᠤᠷᠠᠭᠤᠯᠵᠤ᠂ ᠪᠦᠬᠦ ᠤᠷᠤᠨ᠎ᠤ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ᠎ᠢ ᠲᠦᠬᠡᠮᠡᠯᠵᠢᠬᠦᠯᠬᠦ ᠲᠦᠬᠡᠮᠡᠯ ᠬᠠᠷᠠᠭᠠᠯᠵᠠᠯ ᠬᠦᠷᠳᠡᠬᠡᠬᠦ᠎ᠳᠤ ᠲᠤᠷᠰᠢᠯᠭ᠎ᠠ᠎ᠶᠢᠨ ᠰᠡᠳᠬᠢᠴᠡ ᠪᠠ ᠠᠵᠢᠯ᠎ᠤᠨ ᠯᠠᠪᠯᠠᠯᠲᠠ ᠬᠠᠩᠭᠠᠪᠠ᠃
ᠤᠯᠤᠰ᠎ᠤᠨ ᠬᠢᠨᠠᠨ ᠵᠢᠯᠤᠭᠣᠳᠴᠤ ᠦᠨᠡᠯᠡᠨ ᠵᠢᠱ᠌ᠢᠵᠦ ᠬᠢᠨᠠᠨ ᠲᠣᠭᠲᠠᠭᠠᠬᠤ ᠠᠵᠢᠯ᠎ᠢ ᠡᠬᠢᠯᠡᠭᠦᠯᠦᠭᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠬᠠᠩᠭᠠᠯᠭ᠎ᠠ᠎ᠶᠢ ᠥᠷᠭᠡᠳᠬᠡᠬᠦ᠂ ᠬᠡᠦᠬᠡᠳ᠎ᠦᠨ ᠴᠡᠴᠡᠷᠯᠢᠭ ᠡᠷᠭᠢᠯᠡᠬᠦ ᠪᠦᠲᠦᠴᠡ᠎ᠶᠢ ᠰᠢᠯᠢᠳᠡᠭᠵᠢᠭᠦᠯᠬᠦ᠂ ᠣᠷᠣᠭᠤᠯᠤᠯᠲᠠ᠎ᠶᠢᠨ ᠲᠣᠭᠲᠠᠴᠠ᠎ᠶᠢ ᠪᠦᠷᠢᠨᠰᠢᠭᠦᠯᠬᠦ᠂ ᠠᠰᠠᠷᠠᠨ ᠬᠥᠮᠥᠵᠢᠭᠦᠯᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠲᠠᠯ᠎ᠠ᠎ᠪᠠᠷ ᠦᠷᠭᠦᠯᠵᠢᠯᠡᠨ ᠪᠡᠷᠬᠡ ᠰᠡᠳᠦᠪ᠎ᠤᠨ ᠪᠤᠭᠤᠮᠳᠠ ᠰᠢᠪᠳᠤᠯᠬᠤ ᠵᠢ ᠠᠬᠢᠭᠤᠯᠵᠦ ᠪᠤᠢ᠃ ᠣᠯᠠᠨ ᠵᠢᠯ᠎ᠦᠨ ᠠᠬᠢᠭᠤᠯᠤᠯᠲᠠ᠎ᠪᠠᠷ ᠳᠡᠮᠵᠢᠨ᠂ ᠡᠯ᠎ᠡ ᠭᠠᠵᠠᠷ᠎ᠤᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ ᠵᠢ ᠨᠡᠩ ᠲᠡᠩᠴᠡᠭᠦᠷᠢᠲᠡᠢ ᠪᠥᠭᠡᠳ ᠵᠦᠢ ᠵᠣᠬᠢᠰᠲᠠᠢ ᠪᠣᠯᠭᠠᠵᠤ᠂ ᠣᠷᠣᠨ ᠪᠦᠰᠡ᠎ᠶᠢᠨ ᠬᠣᠭᠣᠷᠣᠨᠳᠣᠬᠢ᠂ ᠬᠤᠳᠠ ᠬᠥᠳᠡᠭᠡ᠎ᠶᠢᠨ ᠬᠣᠭᠣᠷᠣᠨᠳᠣᠬᠢ᠂ ᠴᠡᠴᠡᠷᠯᠢᠭ᠎ᠦᠨ ᠬᠣᠭᠣᠷᠣᠨᠳᠣᠬᠢ ᠬᠥᠭᠵᠢᠯᠲᠡ᠎ᠶᠢᠨ ᠵᠥᠷᠢᠶ᠎ᠡ᠎ᠶᠢ ᠦᠷᠭᠦᠯᠵᠢᠯᠡᠨ ᠪᠠᠭᠠᠰᠬᠠᠵᠤ᠂ ᠬᠡᠦᠬᠡᠳ᠎ᠦᠨ ᠴᠡᠴᠡᠷᠯᠢᠭ᠎ᠦᠨ ᠵᠢᠷᠤᠮᠵᠢᠭ᠍ᠰᠠᠨ ᠬᠠᠮᠢᠶᠠᠷᠤᠯᠲᠠ᠎ᠶᠢᠨ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠬᠡᠦᠬᠡᠳ᠎ᠦᠨ ᠴᠡᠴᠡᠷᠯᠢᠭ᠎ᠦᠨ ᠪᠦᠷᠬᠦᠴᠡ᠎ᠶᠢᠨ ᠨᠤᠷᠮ᠎ᠠ᠂ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠦᠨ ᠴᠡᠴᠡᠷᠯᠢᠭ᠎ᠲᠦ ᠪᠠᠢᠭ᠎ᠠ ᠬᠡᠦᠬᠡᠳ᠎ᠦᠨ ᠡᠵᠡᠯᠡᠬᠦ ᠬᠠᠷᠢᠴᠠᠯ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ᠎ᠦ 《ᠴᠡᠴᠡᠷᠯᠢᠭ᠎ᠲᠦ ᠣᠷᠣᠬᠤ᠎ᠳᠤ ᠬᠦᠴᠢᠷᠲᠡᠢ ᠂ ᠴᠡᠴᠡᠷᠯᠢᠭ᠎ᠲᠦ ᠣᠷᠣᠬᠤ᠎ᠳᠤ ᠦᠨ᠎ᠡ᠎ᠲᠠᠢ》 ᠪᠠᠢᠬᠤ ᠠᠰᠠᠭᠤᠳᠠᠯ᠎ᠢ ᠪᠦᠲᠦᠮᠵᠢᠲᠡᠶ ᠨᠠᠮᠳᠠᠭᠤᠯᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ ᠳ᠋ᠡᠬᠢ ᠬᠠᠨᠤᠮᠵᠢ᠎ᠶᠢᠨ ᠬᠡᠮᠵᠢᠶ᠎ᠡ᠎ᠶᠢ ᠢᠳᠡᠭ ᠢᠳᠡᠭ᠎ᠢᠶᠡᠷ ᠳᠡᠭᠡᠭᠰᠢᠯᠡᠭᠦᠯᠪᠡ᠃
ᠲᠠᠷᠠᠭᠠᠴᠢ᠎ᠪᠡᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠪᠥᠬᠥ ᠣᠷᠣᠨ᠎ᠤ ᠬᠡᠪᠴᠢᠶᠡᠨ᠎ᠳᠦ ᠨᠡᠢᠲᠡᠯᠢᠭ ᠵᠢᠱ᠌ᠢᠶ᠎ᠡ᠎ᠶᠢ ᠳᠡᠯᠭᠡᠷᠡᠭᠦᠯᠦᠨ ᠬᠡᠷᠡᠭᠯᠡᠬᠦ ᠡᠷᠴᠢᠮ᠎ᠢᠶᠡᠨ ᠴᠢᠩᠭᠠᠷᠠᠭᠤᠯᠬᠤ᠎ᠶᠢᠨ ᠬᠠᠮᠲᠤ᠂ ᠦᠨᠳᠦᠰᠦᠨ ᠱᠠᠲᠤᠨ᠎ᠤ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ᠎ᠶᠢ ᠦᠷᠭᠦᠯᠵᠢᠯᠡᠨ ᠭᠦᠨᠵᠡᠭᠡᠢ ᠠᠭᠤᠳᠠᠯᠵᠤ᠂ ᠪᠠᠢᠩᠭᠤᠵᠢᠭᠰᠠᠨ ᠬᠢᠨᠠᠨ ᠵᠢᠯᠤᠭᠣᠳᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠲᠠᠰᠤᠷᠠᠯᠲᠠ ᠦᠭᠡᠢ ᠳᠡᠬᠦᠯᠳᠡᠷᠵᠢᠬᠦᠯᠬᠦ ᠪᠤᠯᠤᠨ᠎ᠠ᠃