— ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶᠠᠶᠢᠨᠨᠠᠮᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ᠎ᠢ ᠰᠤᠷᠪᠤᠯᠵᠢᠯᠠᠭ᠍ᠰᠠᠨ᠎ᠨᠢ
ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠴᠢᠳᠡᠮᠵᠢ ᠵᠢ ᠳᠡᠭᠡᠭ᠌ᠰᠢᠯᠡᠭᠦᠯᠦᠨ᠎ᠡ᠃
— 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠢ ᠲᠥᠰᠦᠯ》 ᠡᠴᠡ ᠰᠡᠢᠷᠡᠭᠦᠯᠪᠠ
4 ᠰᠠᠷ᠎ᠠ᠎ᠶ᠋ᠢᠨ 11᠎ᠤ᠋ ᠡᠳᠦᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ (ᠳᠣᠷᠣᠭ᠍ᠰᠢ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠭᠡᠵᠦ᠍ ᠲᠣᠪᠴᠢᠯᠠᠨ᠎ᠠ) ᠫᠠᠢᠰᠠ ᠡᠯᠭᠦᠯᠠ᠃ ᠡᠨᠡ ᠪᠣᠯ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌ ᠴᠢᠬᠤᠯᠠ ᠪᠠᠢᠷᠢᠯᠠᠭᠤᠯᠤᠯᠲᠠ ᠪᠣᠯᠤᠨ᠎ᠠ᠂ ᠮᠥᠨ ᠴᠦ᠍ ᠱᠢᠨ᠎ᠡ ᠴᠠᠭ ᠦᠶ᠎ᠡ᠎ᠶ᠋ᠢᠨ ᠥᠨᠳᠥᠷ ᠬᠢᠷᠢ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠬᠡᠷᠬᠢᠨ ᠠᠬᠢᠭᠤᠯᠵᠤ ᠡᠯ᠎ᠡ ᠵᠦᠢᠯ᠎ᠦᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠲᠤᠬᠠᠢ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ᠎ᠢ ᠰᠤᠷᠪᠤᠯᠵᠢᠯᠠᠪᠠ᠃
ᠼᠤᠤ ᠰᠧ ᠶᠠᠩ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠵᠥᠪᠱᠢᠶᠡᠷᠡᠨ ᠪᠠᠢᠭᠤᠯᠤᠭ᠍ᠰᠠᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ ᠡᠨᠧᠷᠭᠢ᠎ᠶ᠋ᠢᠨ ᠳᠠᠪᠠᠭᠤᠯᠢᠭ᠂ ᠠᠵᠤ ᠦᠢᠯᠡᠰ᠎ᠦᠨ ᠰᠠᠭᠤᠷᠢ᠂ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢᠨ ᠲᠣᠭᠣᠷᠢᠨ᠎ᠳᠤ᠂ ᠲᠦᠷᠢᠮ᠎ᠦᠨ ᠱᠢᠨ᠎ᠡ᠎ᠶ᠋ᠢ ᠡᠭᠦᠳᠬᠦ᠌ ᠭᠣᠣᠯ ᠡᠭᠦᠷᠭᠡ᠎ᠲᠠᠢ ᠨᠢᠭᠳᠠ ᠤᠶᠠᠯᠳᠤᠭᠤᠯᠤᠨ᠂ ᠡᠨᠧᠷᠭᠢ᠎ᠶ᠋ᠢᠨ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠪᠣᠯᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠨᠡᠬᠡᠬᠡᠯᠳᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢ ᠠᠭᠤᠰᠤᠯᠴᠠᠭᠤᠯᠵᠤ᠂ ᠥᠭᠡᠷᠡᠴᠢᠯᠡᠯᠲᠡ᠎ᠪᠡᠷ ᠬᠡᠪᠰᠢᠮᠠᠯ ᠪᠠᠢᠳᠠᠯ᠎ᠢ ᠡᠪᠳᠡᠵᠦ᠍᠂ ᠨᠡᠭᠡᠭᠡᠯᠳᠠ ᠬᠢᠬᠦ᠎ᠪᠡᠷ ᠡᠨᠧᠷᠭᠢ ᠣᠯᠭᠣᠵᠤ᠂ ᠠᠵᠤ ᠦᠢᠯᠡᠰ᠎ᠢᠶᠡᠷ ᠰᠠᠭᠤᠷᠢ ᠪᠣᠯᠭᠠᠵᠤ᠂ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠠᠬᠢᠭᠤᠯᠤᠬᠰᠠᠨ ᠪᠠᠢᠨ᠎ᠠ ᠭᠡᠵᠦ ᠢᠯᠡᠳᠭᠡᠪᠡ᠃
ᠡᠨᠧᠷᠭᠢ᠎ᠶ᠋ᠢᠨ ᠡᠬᠢ ᠪᠠᠶᠠᠯᠢᠭ᠎ᠤᠨ ᠲᠠᠪᠠᠭᠤᠯᠢᠭ ᠲᠠᠶ ᠤᠶᠠᠯᠳᠤᠭᠤᠯᠤᠨ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠡᠷᠴᠢᠮ᠎ᠢ ᠱᠢᠰᠲ᠋ᠧᠮ᠎ᠲᠡᠶ᠎ᠪᠡᠷ ᠪᠠᠢᠭᠤᠯᠤᠨ᠎ᠠ᠃ ᠥᠪᠥᠷ ᠮᠣᠩᠭᠣᠯ᠎ᠤᠨ ᠡᠨᠧᠷᠭᠢ᠎ᠶ᠋ᠢᠨ ᠡᠬᠢ ᠪᠠᠶᠠᠯᠢᠭ ᠡᠯᠪᠡᠭ ᠪᠠᠢᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠲᠥᠷᠥ᠎ᠶ᠋ᠢᠨ ᠪᠣᠳᠣᠯᠭ᠎ᠠ᠎ᠳᠤ ᠲᠦᠱᠢᠭ᠌ᠯᠡᠨ ᠡᠨᠧᠷᠭᠢ ᠣᠯᠭᠣᠵᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠨᠢ ᠡᠨᠧᠷᠭᠢ ᠲᠤᠤᠷ ᠳᠠᠭᠠᠭᠠᠴᠠ ᠨᠥᠭᠡᠴᠡ᠎ᠶ᠋ᠢ ᠨᠢᠭᠡ ᠴᠣᠭ᠍ᠴᠠᠵᠢᠭᠤᠯᠬᠤ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ᠂ ᠬᠥᠪᠴᠢ ᠵᠢᠨ ᠡᠯᠡᠰᠦ᠂ ᠲᠩᠷᠢ ᠡᠯᠡᠰᠦ ᠵᠡᠷᠭᠡ 《ᠡᠯᠡᠰᠦᠨ ᠴᠦᠯ ᠭᠤᠪᠢ ᠴᠦᠯᠯᠡᠷᠬᠡᠭ ᠭᠠᠵᠠᠷ》 ᠤ᠋ᠨ ᠲᠣᠮᠣ ᠬᠡᠯᠪᠡᠷᠢ᠎ᠶ᠋ᠢᠨ ᠰᠠᠯᠬᠢᠨ ᠬᠦᠴᠦᠨ ᠭᠡᠷᠡᠯᠴᠢ ᠴᠡᠨᠡᠭ᠎ᠦᠨ ᠰᠠᠭᠤᠷᠢᠨ ᠤ᠋ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ 《ᠪᠤᠬᠢᠷᠳᠤᠯ ᠦᠭᠡᠢ ᠴᠠᠬᠢᠯᠭᠠᠨ᠎ᠢ ᠪᠡᠭᠡᠵᠢᠩ᠎ᠳᠦ ᠣᠷᠣᠭᠤᠯᠬᠤ》 ᠵᠡᠷᠭᠡ ᠮᠤᠵᠢ ᠣᠷᠣᠨ ᠠᠯᠤᠰᠯᠠᠨ ᠴᠠᠬᠢᠯᠭᠠᠨ ᠬᠦᠷᠭᠡᠬᠦ᠌ ᠢᠨᠵᠧᠨᠧᠷᠢᠩ᠎ᠢ ᠲᠥᠯᠥᠪᠵᠢᠭᠦᠯᠦᠨ ᠨᠠᠢᠳᠠᠪᠤᠷᠢᠵᠢᠭᠤᠯᠵᠤ᠂ 《ᠬᠣᠶᠠᠷ ᠣᠨᠴᠠ ᠥᠨᠳᠥᠷ ᠬᠦᠴᠦᠳᠡᠯᠲᠦ ᠬᠤᠪᠢᠰᠤᠮᠠᠯ ᠭᠦᠶᠦᠳᠡᠯᠳᠤ ᠴᠠᠬᠢᠯᠭᠠᠨ ᠭᠤᠷᠪᠠᠨ ᠣᠨᠴᠠ ᠥᠨᠳᠥᠷ ᠬᠦᠴᠦᠳᠡᠯᠲᠦ ᠲᠣᠭ᠍ᠲᠠᠮᠠᠯ ᠭᠦᠶᠦᠳᠡᠯᠳᠤ ᠴᠠᠬᠢᠯᠭᠠᠨ》 ᠤ᠋ ᠭᠠᠳᠠᠭ᠍ᠰᠢ ᠬᠦᠷᠭᠡᠬᠦ᠌ ᠨᠡᠪᠲᠡᠷᠡᠬᠦ ᠵᠠᠮ᠎ᠤᠨ ᠲᠤᠤᠷ ᠰᠦᠯᠵᠢᠶ᠎ᠡ᠎ᠶ᠋ᠢ ᠲᠡᠭᠦᠯᠳᠡᠷᠵᠢᠭᠦᠯᠦᠨ᠎ᠡ; ᠬᠣᠷᠢᠨᠭᠡᠷ᠎ᠦᠨ ᠪᠤᠳᠤᠯᠳᠠ ᠵᠢᠨ ᠬᠦᠴᠦᠨ ᠤ᠋ ᠳᠠᠭᠠᠭᠠᠴᠠ᠎ᠶ᠋ᠢᠨ ᠬᠠᠨᠳᠤᠰᠢ᠎ᠶ᠋ᠢ ᠵᠠᠳᠠᠯᠤᠨ ᠰᠤᠳᠤᠯᠤᠨ ᠮᠠᠭᠠᠳᠯᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠡᠷᠬᠢᠨ ᠲᠣᠭᠣᠷᠢᠨ᠎ᠤ ᠱᠢᠨ᠎ᠡ ᠡᠨᠧᠷᠭᠢ᠎ᠶ᠋ᠢᠨ ᠡᠬᠢ ᠪᠠᠶᠠᠯᠢᠭ᠎ᠤᠨ ᠨᠥᠬᠥᠴᠡᠯ᠎ᠲᠡᠶ ᠤᠶᠠᠯᠳᠤᠭᠤᠯᠤᠨ᠂ 《ᠪᠣᠬᠢᠷᠲᠤᠯ ᠥᠬᠡᠶ ᠴᠠᠬᠢᠯᠭᠠᠨ᠎ᠢ ᠱᠢᠭᠤᠳ ᠬᠠᠩᠭᠠᠬᠤ + ᠨᠡᠮᠡᠭ᠌ᠳᠡᠯ᠎ᠳᠦ ᠴᠠᠬᠢᠯᠭᠠᠨ ᠲᠦᠭᠡᠭᠡᠬᠦ᠌ ᠲᠤᠤᠷ》 ᠤ᠋ᠨ ᠪᠣᠬᠢᠷᠲᠤᠯ ᠥᠬᠡᠶ ᠴᠠᠬᠢᠯᠭᠠᠨ᠎ᠢ ᠱᠢᠩᠭᠡᠭᠡᠬᠦ᠌ ᠲᠥᠰᠦᠯ᠎ᠢ ᠳᠤᠷᠠᠳᠴᠤ᠌᠂ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ ᠪᠣᠬᠢᠷᠲᠤᠯ ᠥᠬᠡᠶ ᠴᠠᠬᠢᠯᠭᠠᠨ᠎ᠤ ᠶᠡᠷᠦᠩᠬᠡᠶ ᠬᠡᠷᠡᠭ᠌ᠯᠡᠭᠡ᠎ᠨᠢ 100% ᠪᠠᠢᠵᠤ᠂ ᠴᠠᠬᠢᠯᠭᠠᠨ ᠬᠡᠷᠡᠭ᠌ᠯᠡᠬᠦ᠌ ᠦᠨᠡᠨ᠎ᠢ ᠳᠤᠤᠷ᠎ᠠ᠂ ᠲᠥᠯᠥᠪᠵᠢᠭᠦᠯᠦᠨ ᠪᠥᠲᠥᠭᠡᠨ ᠪᠠᠢᠭᠤᠯᠬᠤ᠎ᠨᠢ ᠨᠢᠭᠡᠳᠦᠯᠲᠡᠶ᠂ ᠠᠵᠢᠯᠯᠠᠭᠠᠨ᠎ᠨᠢ ᠨᠠᠢᠳᠠᠪᠤᠷᠢᠲᠤ ᠴᠢᠨᠠᠷ᠎ᠢᠶᠠᠷ ᠥᠨᠳᠥᠷ ᠵᠡᠷᠭᠡ ᠳᠠᠪᠠᠭᠤᠯᠢᠭ᠎ᠲᠠᠶ ᠶᠤᠮ; ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠡᠯ᠎ᠡ ᠲᠣᠭᠣᠷᠢᠭ᠎ᠤᠨ ᠲᠣᠭᠣᠷᠢᠨ᠎ᠳᠤ᠂ ᠤᠰᠤ ᠲᠠᠲᠠᠵᠤ ᠡᠨᠧᠷᠭᠢ ᠬᠠᠳᠠᠭᠠᠯᠠᠬᠤ᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠲᠥᠷᠥᠯ ᠵᠦᠶ᠋ᠯ᠎ᠢ ᠤᠷᠢᠳᠴᠢᠯᠠᠨ ᠪᠠᠢᠷᠢᠱᠢᠭᠤᠯᠵᠤ᠂ ᠣᠷᠣᠨ᠎ᠤ ᠳᠣᠲᠣᠷᠠᠬᠢ ᠭᠤᠤᠯ ᠲᠤᠤᠷ᠎ᠤᠨ ᠪᠦᠷᠢᠯᠳᠦᠴᠡ ᠬᠢᠭᠡᠳ ᠬᠣᠲᠠ ᠬᠥᠳᠡᠭᠡ᠎ᠶ᠋ᠢᠨ ᠴᠠᠬᠢᠯᠭᠠᠨ ᠲᠦᠭᠡᠭᠡᠬᠦ᠌ ᠲᠤᠤᠷ᠎ᠢ ᠲᠠᠰ ᠳᠡᠪᠱᠢᠭᠦᠯᠦᠨ᠂ ᠬᠢᠯᠢ ᠠᠯᠤᠰᠯᠠᠭ᠍ᠰᠠᠨ ᠴᠠᠬᠢᠯᠭᠠᠨ ᠬᠦᠷᠭᠡᠬᠦ᠌ ᠬᠡᠪᠴᠢᠶ᠎ᠡ᠎ᠶ᠋ᠢ ᠥᠷᠭᠡᠳᠭᠡᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠨᠡᠭᠡᠭᠡᠯᠲᠡ ᠬᠢᠬᠦ᠌ ᠳᠠᠪᠠᠭᠤᠯᠢᠭ᠎ᠢᠶᠠᠷ ᠡᠨᠧᠷᠭᠢ ᠣᠯᠭᠣᠬᠤ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠪᠥᠬᠥ᠌ ᠣᠷᠣᠨ ᠪᠦᠰᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠦᠨ᠎ᠡ᠃
ᠪᠤᠬᠢᠷᠲᠦᠯ ᠦᠭᠡᠢ ᠴᠠᠬᠢᠯᠭᠠᠨ᠎ᠢ ᠱᠢᠩᠭᠡᠭᠡᠨ ᠠᠱᠢᠭ᠍ᠯᠠᠬᠤ᠎ᠶ᠋ᠢᠨ ᠲᠣᠭᠣᠷᠢᠨ᠎ᠳᠤ᠂ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠭᠦᠨᠵᠡᠭᠡᠶ ᠠᠬᠢᠭᠤᠯᠤᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠳᠦᠷᠢᠮ᠎ᠳᠦ ᠱᠢᠨ᠎ᠡ᠎ᠶ᠋ᠢ ᠡᠭᠦᠳᠦᠭ᠌ᠰᠡᠨ ᠠᠱᠢᠭ ᠣᠯᠵᠠᠪᠤᠷᠢ᠎ᠳᠤ ᠲᠦᠱᠢᠭ᠌ᠯᠡᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ ᠨᠢ ᠪᠣᠬᠢᠷᠲᠤᠯ ᠦᠭᠡᠢ ᠴᠠᠬᠢᠯᠭᠠᠨ᠎ᠢ ᠱᠢᠩᠭᠡᠭᠡᠬᠦ᠌ ᠱᠢᠨ᠎ᠡ ᠵᠠᠭ᠍ᠪᠤᠷ᠎ᠢ ᠱᠢᠨ᠎ᠡ᠎ᠶ᠋ᠢ ᠡᠭᠦᠳᠦᠨ ᠪᠠᠢᠭᠤᠯᠵᠤ᠂ ᠪᠣᠬᠢᠷᠲᠤᠯ ᠦᠭᠡᠢ ᠴᠠᠬᠢᠯᠭᠠᠨ᠎ᠢ ᠱᠢᠭᠤᠳ ᠬᠠᠨᠭᠭᠠᠬᠤ᠂ ᠨᠡᠮᠡᠭᠳᠡᠯ ᠴᠠᠬᠢᠯᠭᠠᠨ ᠲᠦᠭᠡᠭᠡᠬᠦ᠌ ᠲᠤᠤᠷ᠎ᠤᠨ ᠪᠦᠲᠦᠭᠡᠨ ᠪᠠᠢᠭᠤᠯᠤᠯᠲᠠ᠎ᠶ᠋ᠢ ᠳᠡᠯᠭᠡᠷᠡᠭᠦᠯᠦᠨ᠂ ᠱᠢᠨ᠎ᠡ᠎ᠪᠡᠷ ᠨᠡᠮᠡᠭ᠌ᠳᠡᠭ᠌ᠰᠡᠨ ᠴᠠᠬᠢᠯᠭᠠᠨ ᠬᠡᠷᠡᠭ᠌ᠯᠡᠬᠦ᠌ ᠳᠠᠭᠠᠭᠠᠴᠠ᠂ ᠤᠰᠤᠲᠥ᠋ᠷᠥᠭ᠌ᠴᠢᠲᠦ ᠪᠣᠬᠢᠷᠲᠤᠯ ᠦᠭᠡᠢ ᠲᠦᠯᠡᠰᠢ᠂ ᠨᠡᠭᠦᠷᠡᠰᠦᠲᠥ᠋ᠷᠥᠭ᠌ᠴᠢ ᠪᠠᠭᠠᠰᠭᠠᠬᠤ ᠬᠠᠳᠠᠭᠤ ᠬᠡᠷᠡᠭ᠌ᠴᠡᠭᠡ ᠪᠦᠬᠦᠢ ᠲᠡᠯᠡᠬᠡᠢ ᠵᠢᠨ ᠵᠠᠬ᠎ᠠ ᠲᠡᠯᠬᠡᠬᠦᠷ ᠲᠤ᠌ ᠬᠠᠨᠳᠤᠬᠰᠠᠨ ᠭᠠᠳᠠᠭᠠᠳᠤ ᠭᠠᠷᠭᠠᠯᠲᠠ᠎ᠶ᠋ᠢᠨ ᠠᠵᠤ ᠠᠬᠤᠢᠯᠠᠯ᠂ ᠨᠡᠭᠦᠷᠡᠰᠦ ᠱᠢᠲᠠᠮᠠᠬᠠᠢ ᠬᠡᠢ ᠵᠢ ᠥᠪᠡᠷ᠎ᠵᠢᠡᠨ ᠪᠡᠯᠡᠳᠭᠡᠬᠦ ᠴᠠᠬᠢᠯᠭᠠᠨ ᠦᠢᠯᠡᠳᠪᠦᠷᠢ᠂ ᠤᠯᠤᠰ᠎ᠤᠨ ᠬᠦᠢᠰᠦ ᠵᠠᠩᠭᠢᠯᠠᠭ᠎ᠠ᠎ᠶ᠋ᠢᠨ ᠴᠡᠭ᠎ᠤᠨ ᠳ᠋ᠠᠢᠲ᠋ᠠ᠎ᠶ᠋ᠢᠨ ᠲᠥᠪ᠂ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠠᠵᠢᠯ ᠲᠥᠷᠥᠯ᠂ ᠤᠯᠤᠰ᠎ᠤᠨ ᠳᠡᠰ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ ᠵᠡᠷᠭᠡ ᠴᠠᠬᠢᠯᠭᠠᠨ ᠬᠡᠷᠡᠭ᠌ᠯᠡᠬᠦ᠌ ᠳᠠᠭᠠᠭᠠᠴᠠ᠎ᠶ᠋ᠢ ᠪᠤᠬᠢᠷᠲᠦᠯ ᠦᠭᠡᠢ ᠴᠠᠬᠢᠯᠭᠠᠨ᠎ᠢ ᠱᠢᠭᠤᠳ ᠬᠠᠨᠭᠭᠠᠬᠤ ᠳᠡᠮᠵᠢᠯᠭᠡ᠎ᠶ᠋ᠢᠨ ᠬᠡᠪᠴᠢᠶᠡᠨ᠎ᠳᠦ ᠣᠷᠣᠭᠤᠯᠵᠤ᠂ ᠪᠤᠬᠢᠷᠲᠦᠯ ᠦᠭᠡᠢ ᠴᠠᠬᠢᠯᠭᠠᠨ᠎ᠢᠶᠠᠷ ᠣᠷᠣᠯᠠᠭᠤᠯᠬᠤ᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢ ᠣᠢᠷ᠎ᠠ ᠬᠠᠪᠢ᠎ᠳᠤᠨᠢ ᠱᠢᠩᠭᠡᠭᠡᠨ ᠠᠰᠢᠬᠯᠠᠬᠤ᠎ᠶ᠋ᠢ ᠠᠬᠢᠭᠤᠯᠤᠨ᠎ᠠ᠃
ᠪᠤᠬᠢᠷᠲᠦᠯ ᠦᠭᠡᠢ ᠴᠠᠬᠢᠯᠭᠠᠨ᠎ᠤ ᠵᠠᠬ᠎ᠠ ᠳᠡᠯᠭᠡᠭᠦᠷ᠎ᠦᠨ ᠥᠭᠡᠷᠡᠴᠢᠯᠡᠯᠲᠡ᠎ᠵᠢᠨ ᠲᠤᠭᠤᠷᠢᠨ᠎ᠳᠤ᠂ ᠡᠨᠧᠷᠭᠢ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ ᠡᠨᠧᠷᠭᠢ᠎ᠶ᠋ᠢ ᠦᠷᠭᠦᠯᠵᠢᠯᠡᠨ ᠪᠤᠢ ᠪᠣᠯᠭᠠᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠳᠦᠷᠢᠮ᠎ᠳᠦ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠴᠡᠭ᠎ᠦᠨ ᠳᠠᠪᠠᠭᠤᠯᠢᠭ᠎ᠲᠤ ᠲᠦᠱᠢᠭ᠌ᠯᠡᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ ᠨᠢ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠠᠷᠠᠯᠵᠢᠶᠠᠨ᠎ᠤ ᠲᠥᠪ᠎ᠦᠨ ᠪᠣᠬᠢᠷᠲᠤᠯ ᠦᠭᠡᠶ ᠴᠠᠬᠢᠯᠭᠠᠨ ᠬᠦᠴᠦᠨ᠎ᠦ ᠦᠨᠡᠮᠯᠡᠯ᠎ᠦᠨ ᠠᠷᠠᠯᠵᠢᠶ᠎ᠠ ᠥᠷᠨᠢᠭᠦᠯᠬᠦ᠌ ᠵᠢ ᠢᠳᠡᠪᠬᠢᠳᠠᠢ ᠲᠡᠮᠡᠴᠡᠨ ᠣᠯᠵᠤ᠂ ᠳᠠᠬᠢᠨ ᠡᠭᠦᠰᠴᠦ᠍ ᠪᠣᠯᠬᠤ ᠡᠨᠧᠷᠭᠢ᠎ᠪᠡᠷ ᠴᠠᠬᠢᠯᠭᠠᠨ ᠭᠠᠷᠭᠠᠬᠤ ᠲᠥᠷᠥᠯ ᠵᠦᠢᠯ᠎ᠦᠨ ᠳᠠᠩᠰᠠ ᠡᠪᠬᠡᠮᠡᠯ ᠪᠠᠢᠭᠤᠯᠤᠨ ᠺᠠᠷᠲ ᠵᠣᠬᠢᠶᠠᠵᠤ ᠬᠢᠨᠠᠨ ᠬᠠᠷᠭᠤᠭᠤᠯᠬᠤ᠎ᠶ᠋ᠢ ᠲᠦᠷᠭᠡᠳᠭᠡᠨ᠂ ᠪᠦᠬᠦ᠌ ᠣᠷᠣᠨ᠎ᠤ ᠳᠠᠩᠰᠠ ᠡᠪᠬᠡᠮᠡᠯ ᠪᠠᠢᠭᠤᠯᠤᠨ ᠺᠠᠷᠲ ᠵᠣᠬᠢᠶᠠᠬᠤ᠎ᠶ᠋ᠢ ᠪᠡᠶᠡᠯᠡᠭᠦᠯᠬᠦ᠌ ᠨᠣᠷᠮ᠎ᠠ᠎ᠶ᠋ᠢ 99%᠎ᠡᠴᠡ ᠳᠡᠭᠡᠭ᠌ᠰᠢ᠎ᠳᠦ ᠬᠦᠷᠬᠡᠬᠦ᠌᠎ᠶ᠋ᠢ ᠦᠨᠡᠨ ᠬᠦ᠌ ᠪᠠᠲᠤᠯᠠᠵᠤ᠂ ᠪᠤᠬᠢᠷᠲᠦᠯ ᠦᠭᠡᠢ ᠴᠠᠬᠢᠯᠭᠠᠨ ᠬᠦᠴᠦᠨ᠎ᠤ ᠦᠨᠡᠮᠯᠡᠯ᠎ᠢ ᠬᠠᠷᠭᠤᠭᠤᠯᠤᠨ ᠣᠯᠭᠣᠬᠤ᠎ᠳᠤ ᠰᠠᠭᠤᠷᠢ ᠵᠢ ᠲᠠᠯᠪᠢᠨ᠎ᠠ; ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠱᠢᠰᠲ᠋ᠧᠮ᠎ᠢ ᠦᠷᠭᠦᠯᠵᠢᠯᠡᠨ ᠱᠢᠯᠢᠳᠡᠭ᠌ᠵᠢᠭᠦᠯᠦᠨ᠂ ᠣᠯᠠᠨ ᠵᠢᠯ᠎ᠦᠨ ᠬᠤᠭᠤᠴᠠᠭ᠎ᠠ᠎ᠪᠦᠬᠦᠢ ᠪᠣᠬᠢᠷᠲᠤᠯ ᠥᠬᠡᠶ ᠴᠠᠬᠢᠯᠭᠠᠨ ᠬᠤᠳᠠᠯᠳᠤᠨ ᠠᠪᠬᠤ ᠵᠦᠪᠯᠡᠯᠴᠡᠭᠡᠷ᠎ᠦᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠱᠢᠨ᠎ᠡ ᠡᠨᠧᠷᠭᠢ᠎ᠶ᠋ᠢᠨ ᠪᠥᠬᠥ᠌ ᠴᠠᠬᠢᠯᠭᠠᠨ ᠬᠡᠮᠵᠢᠶ᠎ᠡ᠎ᠶ᠋ᠢ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷᠴᠢᠯᠡᠭ᠌ᠰᠡᠨ ᠠᠷᠠᠯᠵᠢᠶ᠎ᠠ᠎ᠳᠤ ᠣᠷᠣᠯᠴᠠᠭᠤᠯᠬᠤ᠎ᠶ᠋ᠢ ᠠᠬᠢᠭᠤᠯᠤᠨ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠪᠣᠬᠢᠷᠲᠤᠯ ᠥᠬᠡᠶ ᠴᠠᠬᠢᠯᠭᠠᠨ᠎ᠤ ᠠᠷᠠᠯᠵᠢᠶ᠎ᠠ᠎ᠶ᠋ᠢᠨ ᠬᠡᠪᠴᠢᠶ᠎ᠡ᠎ᠶ᠋ᠢ ᠪᠤᠵᠠᠭᠠᠢᠷᠠᠭᠤᠯᠤᠨ᠎ᠠ; ᠬᠡᠢᠰᠪᠦᠷᠢ ᠴᠠᠬᠢᠯᠭᠠᠨ ᠦᠶ᠋ᠯᠡᠳᠪᠦᠷᠢ᠎ᠶ᠋ᠢᠨ ᠠᠷᠠᠯᠵᠢᠶᠠᠨ᠎ᠤ ᠬᠡᠷᠡᠭ᠌ᠵᠢᠭᠦᠯᠬᠦ᠌ ᠨᠠᠷᠢᠨ ᠲᠦᠷᠢᠮ᠎ᠢ ᠲᠣᠭ᠍ᠲᠠᠭᠠᠵᠤ᠂ ᠬᠡᠢᠰᠪᠦᠷᠢ ᠴᠠᠬᠢᠯᠭᠠᠨ ᠦᠶ᠋ᠯᠡᠳᠪᠦᠷᠢ᠎ᠶ᠋ᠢ ᠳᠠᠩᠰᠠᠯᠠᠭᠤᠯᠬᠤ᠂ ᠠᠵᠢᠯᠯᠠᠭᠤᠯᠬᠤ᠂ ᠠᠷᠠᠯᠵᠢᠶᠠᠯᠠᠬᠤ᠂ ᠵᠠᠬ᠎ᠠ ᠲᠡᠯᠬᠡᠬᠦᠷ ᠡᠴᠡ ᠤᠬᠤᠷᠢᠨ ᠭᠠᠷᠬᠤ ᠵᠡᠷᠭᠡ ᠪᠥᠬᠥ᠌ ᠶᠠᠪᠤᠴᠠ᠎ᠳᠤ ᠲᠣᠳᠣᠷᠬᠠᠶ ᠲᠣᠭ᠍ᠲᠠᠭᠠᠯ ᠭᠠᠷᠭᠠᠵᠤ᠂ ᠡᠯ᠎ᠡ ᠲᠥᠷᠥᠯ᠎ᠦᠨ ᠡᠬᠢ ᠪᠠᠶᠠᠯᠢᠭ᠎ᠢ ᠲᠣᠬᠢᠷᠠᠭᠤᠯᠬᠤ ᠴᠢᠳᠠᠪᠤᠷᠢ᠎ᠶ᠋ᠢ ᠭᠦᠶ᠋ᠴᠡᠳ ᠬᠥᠭ᠌ᠵᠢᠭᠡᠵᠦ᠍᠂ ᠡᠬᠢ ᠪᠠᠶᠠᠯᠢᠭ᠎ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ᠎ᠦᠨ ᠱᠢᠶ᠋ᠳᠪᠦᠷᠢᠯᠡᠬᠦ᠌ ᠴᠢᠨᠠᠷᠲᠠᠶ ᠦᠶ᠋ᠯᠡᠳᠦᠯ᠎ᠢ ᠪᠠᠳᠠᠷᠠᠭᠤᠯᠤᠨ᠎ᠠ᠃
ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠵᠢᠨ ᠬᠦᠷᠢᠶᠡᠨ ᠳ᠋ᠡᠬᠢ ᠮᠡᠷᠭᠡᠵᠢᠯ᠎ᠦᠨ ᠲᠣᠭᠣᠷᠢᠨ᠎ᠳᠤ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠲᠦᠷᠭᠡᠳᠭᠡᠨ ᠲᠥᠯᠥᠪᠵᠢᠭᠦᠯᠦᠨ ᠪᠠᠢᠭᠤᠯᠤᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠨᠡᠭᠡᠭᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠭᠠᠷᠳᠠᠴᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ ᠤᠰᠤᠲᠥ᠋ᠷᠥᠭ᠌ᠴᠢ ᠡᠨᠧᠷᠭᠢ᠂ ᠡᠨᠧᠷᠭᠢ ᠨᠥᠭᠡᠴᠡᠯᠡᠬᠦ ᠵᠡᠷᠭᠡ ᠢᠷᠡᠭᠡᠳᠦᠶ᠎ᠶ᠋ᠢᠨ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢ ᠲᠦᠷᠭᠡᠳᠭᠡᠵᠦ᠍᠂ ᠪᠣᠬᠢᠷᠲᠤᠯ ᠥᠬᠡᠶ ᠤᠰᠤᠲᠥ᠋ᠷᠥᠭ᠌ᠴᠢ ᠬᠣᠭᠣᠯᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ 《ᠤᠰᠤᠲᠥ᠋ᠷᠥᠭ᠌ᠴᠢ ᠦᠶ᠋ᠯᠡᠳᠬᠦ᠌ ᠰᠠᠭᠤᠷᠢᠨ + ᠠᠯᠤᠰ ᠵᠠᠶ᠎ᠳᠤ ᠬᠣᠭᠣᠯᠠᠶ᠎ᠪᠠᠷ ᠳᠠᠮᠵᠢᠭᠤᠯᠬᠤ + ᠣᠯᠠᠨ ᠦᠵᠡᠭᠳᠡᠯ ᠪᠠᠢᠳᠠᠯᠪᠦᠬᠦᠢ ᠰᠢᠨᠭᠭᠡᠭᠡᠨ ᠬᠡᠷᠡᠭᠯᠡᠬᠦ ᠬᠡᠯᠪᠡᠷᠢ》ᠵᠢᠨ ᠪᠤᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠭᠤᠯᠵᠤ᠂ ᠪᠥᠬᠥ᠌ ᠤᠯᠤᠰ᠎ᠤᠨ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠠᠵᠤ ᠦᠶ᠋ᠯᠡᠰ᠎ᠦᠨ ᠬᠣᠱᠢᠭᠤᠴᠢ ᠣᠷᠣᠨ᠎ᠢ ᠪᠥᠲᠥᠭᠡᠨ ᠪᠠᠢᠭᠤᠯᠤᠨ᠎ᠠ᠃ ᠱᠢᠨ᠎ᠡ ᠡᠨᠧᠷᠭᠢ ᠬᠢᠭᠡᠳ ᠪᠤᠳᠤᠯᠲᠠ᠎ᠵᠢᠨ ᠬᠦᠴᠦᠨ᠂ ᠲᠠᠯᠠᠰᠲᠤ ᠴᠠᠬᠢᠭᠤᠷ᠂ ᠬᠠᠢᠯᠤᠰᠢ᠎ᠶ᠋ᠢᠨ ᠱᠢᠨ᠎ᠡ ᠮᠠᠲ᠋ᠧᠷᠢᠶᠠᠯ ᠵᠡᠷᠭᠡ ᠲᠡᠷᠢᠭᠦᠨ᠎ᠦ ᠠᠵᠤ ᠦᠶ᠋ᠯᠡᠰᠯᠦᠭᠡ ᠭᠦᠨᠵᠠᠬᠡᠢ ᠠᠭᠤᠰᠤᠯᠴᠠᠬᠤ᠎ᠶ᠋ᠢ ᠠᠬᠢᠭᠤᠯᠵᠤ᠂ 《ᠱᠢᠨ᠎ᠡ ᠡᠨᠧᠷᠭᠢ + ᠪᠤᠳᠤᠯᠲᠠ᠎ᠵᠢᠨ ᠬᠦᠴᠦᠨ》 ᠤ᠋ ᠱᠢᠨ᠎ᠡ ᠡᠵᠡᠩᠨᠡᠯᠲᠡ᠎ᠶ᠋ᠢᠨ ᠪᠠᠢᠳᠠᠯ᠎ᠢ ᠬᠥᠭ᠌ᠵᠢᠭᠦᠯᠦᠨ᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠳ᠋ᠠᠢᠲ᠋ᠠ᠎ᠶ᠋ᠢᠨ ᠲᠥᠪ᠎ᠦᠨ ᠪᠣᠬᠢᠷᠲᠤᠯ ᠥᠬᠡᠶ ᠴᠠᠬᠢᠯᠭᠠᠨ᠎ᠤ ᠬᠠᠩᠭᠠᠯᠭ᠎ᠠ᠎ᠶ᠋ᠢ ᠪᠠᠲᠤᠯᠠᠵᠤ᠂ ᠪᠣᠬᠢᠷᠲᠤᠯ ᠥᠬᠡᠶ ᠡᠨᠧᠷᠭᠢ᠎ᠵᠢ ᠠᠴᠢᠶᠠᠯᠠᠬᠤ ᠬᠡᠮᠵᠢᠶ᠎ᠡ ᠦᠨᠳᠦᠷ ᠠᠵᠤ ᠦᠶ᠋ᠯᠡᠰ᠎ᠢ ᠵᠠᠯᠭᠠᠨ ᠠᠪᠤᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠨᠡᠭᠡᠭᠡᠯᠳᠡ᠎ᠶ᠋ᠢᠨ ᠲᠠᠪᠴᠠᠩ᠎ᠳᠤ ᠲᠦᠱᠢᠭ᠌ᠯᠡᠨ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠷᠢᠭᠦᠨ᠎ᠦ ᠮᠡᠷᠭᠡᠵᠢᠯ᠎ᠢ ᠣᠷᠣᠭᠤᠯᠤᠨ ᠠᠪᠴᠢᠷᠠᠵᠤ᠂ ᠲᠥᠪ ᠪᠠ ᠣᠷᠣᠨ ᠨᠤᠲᠤᠭ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠂ ᠤᠯᠠᠮᠵᠢᠯᠠᠯᠲᠤ ᠡᠨᠧᠷᠭᠢ᠎ᠶ᠋ᠢᠨ ᠤᠶᠤᠨᠴᠢᠯᠠᠯᠳᠠ᠂ ᠴᠡᠪᠡᠷᠵᠢᠭᠦᠯᠬᠦ᠌ ᠥᠭᠡᠷᠡᠴᠢᠯᠡᠯᠲᠡ᠎ᠶ᠋ᠢ ᠠᠬᠢᠭᠤᠯᠵᠤ᠂ ᠡᠨᠧᠷᠭᠢ᠎ᠶ᠋ᠢᠨ ᠠᠵᠤ ᠦᠢᠯᠡᠰ᠎ᠦᠨ ᠳᠡᠭᠡᠳᠦ ᠲᠡᠰᠵᠢᠬᠦ᠌᠂ ᠤᠶᠤᠨᠴᠢᠯᠠᠬᠤ᠂ ᠪᠣᠬᠢᠷᠲᠤᠯ ᠦᠭᠡᠢ᠌ᠵᠢᠬᠦᠯᠦᠨ ᠲᠡᠰ ᠳᠡᠪᠱᠢᠬᠦ᠌᠎ᠶ᠋ᠢ ᠠᠬᠢᠭᠤᠯᠤᠨ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ᠂ ᠠᠮᠤᠷ ᠲᠦᠪᠱᠢᠨ ᠪᠥᠭᠡᠳ ᠥᠨᠳᠥᠷ ᠪᠦᠲᠦᠮᠵᠢᠲᠡᠢ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠲᠦᠷᠭᠡᠪᠴᠢᠯᠡᠨ ᠪᠠᠢᠭᠤᠯᠤᠨ᠎ᠠ᠃