6 ᠰᠠᠷ᠎ᠠ᠎ᠶᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠽᠸᠤ ᠯᠸᠢ᠂ ᠶᠡᠷᠦᠩᠬᠡᠶ ᠳᠠᠭᠠᠭᠠᠮᠠᠯ ᠹᠸᠩ ᠯᠠᠶ ᠹᠠᠲᠠᠢ ᠠᠭᠤᠯᠵᠠᠵᠤ᠂ ᠭᠠᠷᠤᠨ ᠥᠰᠥᠭ ᠵᠢᠷᠤᠬᠤ᠎ᠶᠢ ᠬᠠᠮᠲᠤ᠎ᠪᠠᠷ ᠭᠡᠷᠡᠴᠢᠯᠡᠭᠰᠡᠨ ᠪᠥᠭᠡᠳ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠨᠡᠭᠦᠷᠡᠰᠦᠨ᠎ᠦ ᠠᠵᠤ ᠦᠢᠯᠡᠰ᠎ᠦᠨ ᠰᠤᠳᠤᠯᠭᠠᠨ᠎ᠤ ᠬᠦᠷᠢᠶᠡᠯᠡᠩ᠎ᠦᠨ ᠫᠠᠶ᠋ᠢᠰᠠ ᠰᠡᠬᠦᠬᠦ᠌ ᠶᠣᠰᠣᠯᠠᠯ᠎ᠳᠤ ᠣᠷᠣᠯᠴᠠᠪᠠ᠃

6 ᠰᠠᠷ᠎ᠠ᠎ᠶᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠽᠸᠤ ᠯᠸᠢ᠂ ᠶᠡᠷᠦᠩᠬᠡᠶ ᠳᠠᠭᠠᠭᠠᠮᠠᠯ ᠹᠸᠩ ᠯᠠᠶ ᠹᠠᠲᠠᠢ ᠠᠭᠤᠯᠵᠠᠵᠤ᠂ ᠭᠠᠷᠤᠨ ᠥᠰᠥᠭ ᠵᠢᠷᠤᠬᠤ᠎ᠶᠢ ᠬᠠᠮᠲᠤ᠎ᠪᠠᠷ ᠭᠡᠷᠡᠴᠢᠯᠡᠭᠰᠡᠨ ᠪᠥᠭᠡᠳ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠨᠡᠭᠦᠷᠡᠰᠦᠨ᠎ᠦ ᠠᠵᠤ ᠦᠢᠯᠡᠰ᠎ᠦᠨ ᠰᠤᠳᠤᠯᠭᠠᠨ᠎ᠤ ᠬᠦᠷᠢᠶᠡᠯᠡᠩ᠎ᠦᠨ ᠫᠠᠶ᠋ᠢᠰᠠ ᠰᠡᠬᠦᠬᠦ᠌ ᠶᠣᠰᠣᠯᠠᠯ᠎ᠳᠤ ᠣᠷᠣᠯᠴᠠᠪᠠ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠸᠠᠩ ᠸᠧᠢ ᠵᠦᠩ᠂ ᠽᠸᠤ ᠯᠸᠢ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠨᠡᠭᠦᠷᠡᠰᠦᠨ᠎ᠦ ᠠᠵᠤ ᠦᠢᠯᠡᠰ᠎ᠦᠨ ᠰᠤᠳᠤᠯᠭᠠᠨ᠎ᠤ ᠬᠦᠷᠢᠶᠡᠯᠡᠩ᠎ᠦᠨ ᠫᠠᠶ᠋ᠢᠰᠠ᠎ᠶᠢ ᠰᠡᠬᠦᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠳᠡᠳ᠋ ᠶᠡᠷᠦᠩᠬᠡᠢ ᠳᠠᠭᠠᠭᠠᠮᠠᠯ ᠶᠠᠩ ᠫᠸᠩ ᠬᠣᠶᠠᠷ ᠲᠠᠯ᠎ᠠ᠎ᠶᠢ ᠲᠥᠯᠥᠭᠡᠯᠡᠨ ᠪᠠᠶ᠋ᠢᠯᠳᠤᠬᠤ ᠪᠤᠳᠤᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ᠍ ᠭᠠᠷᠤᠨ ᠦᠰᠦᠭ ᠵᠢᠷᠤᠪᠠ᠃
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠽᠸᠤ ᠯᠸᠢ ᠨᠠᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠬᠢᠨ ᠤ᠋ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠳᠦ ᠦᠵᠡᠭᠦᠯᠦᠭᠰᠡᠨ ᠬᠤᠪᠢ ᠨᠡᠮᠡᠷᠢ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠣᠯᠤᠨ ᠪᠠᠶ᠋ᠢᠯᠳᠤᠬᠤ ᠪᠤᠳᠤᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠤᠯᠤᠰ᠎ᠤᠨ ᠡᠨᠧᠷᠭᠢ᠎ᠶᠢᠨ ᠪᠦᠯᠦᠭᠯᠡᠯ᠎ᠯᠦᠭᠡ ᠭᠦᠨ ᠵᠤᠵᠠᠭᠠᠨ ᠬᠠᠮᠲᠤᠷᠠᠯᠴᠠᠭᠠᠨ᠎ᠤ ᠰᠠᠭᠤᠷᠢ᠎ᠲᠠᠶ ᠶᠤᠮ᠃ ᠣᠳᠣᠬᠠᠨ᠎ᠳᠤ᠂ ᠣᠷᠣᠨ ᠳᠠᠶᠠᠭᠠᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠦ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠬᠠᠷᠢᠭᠤᠴᠠᠯᠭ᠎ᠠ᠎ᠶᠢ ᠡᠷᠡᠰ ᠡᠭᠦᠷᠭᠡᠯᠡᠬᠦ᠌᠎ᠶᠢᠨ ᠬᠠᠮᠲᠤ᠌᠂ ᠰᠠᠯᠬᠢ ᠬᠡᠷᠡᠯ ᠢ᠋ ᠤᠰᠤᠲᠦ᠋ᠷᠥᠭᠴᠢᠵᠢᠬᠥᠯᠤᠨ ᠬᠠᠳᠠᠭᠠᠯᠠᠬᠤ᠂ ᠪᠣᠬᠢᠷᠲᠤᠯ ᠥᠬᠡᠶ ᠤᠰᠤᠲᠦ᠋ᠷᠥᠭᠴᠢ ᠰᠢᠪᠲᠦᠷ᠎ᠦᠨ ᠠᠯᠺᠣᠣᠯ᠂ ᠪᠤᠳᠤᠯᠳᠠ ᠵᠢᠨ ᠬᠦᠴᠦᠨ ᠪᠠ ᠴᠠᠬᠢᠯᠭᠠᠨ ᠬᠦᠴᠦᠨ᠎ᠢ ᠬᠠᠮᠵᠢᠯᠴᠠᠭᠤᠯᠬᠤ ᠵᠡᠷᠭᠡ ᠰᠢᠨ᠎ᠡ ᠮᠡᠷᠭᠡᠵᠢᠯ ᠰᠢᠨ᠎ᠡ ᠵᠠᠭᠪᠤᠷ᠎ᠢ ᠶᠡᠬᠡᠪᠡᠷ ᠬᠥᠭᠵᠢᠭᠦᠯᠵᠦ᠍᠂ ᠤᠯᠠᠮᠵᠢᠯᠠᠯᠲᠤ᠌ ᠡᠨᠧᠷᠭᠢ᠎ᠶᠢ ᠪᠣᠬᠢᠷᠲᠤᠯ ᠥᠬᠡᠶ ᠪᠣᠯᠭᠠᠨ ᠥᠭᠡᠷᠡᠴᠢᠯᠡᠬᠦ᠌᠂ ᠰᠢᠨ᠎ᠡ ᠡᠨᠧᠷᠭᠢ᠎ᠶᠢ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ᠌ ᠵᠢᠴᠢ ᠡᠨᠧᠷᠭᠢ᠎ᠶᠢᠨ ᠠᠵᠤ ᠦᠢᠯᠡᠰ᠎ᠢ ᠳᠡᠭᠡᠳᠦ ᠲᠠᠰᠵᠢᠭᠦᠯᠬᠦᠶᠢ ᠯᠠᠪᠳᠠᠭᠤᠨ ᠪᠠᠲᠤᠲᠠᠶ ᠠᠬᠢᠭᠤᠯᠵᠤ᠂ ᠣᠲᠣ ᠦᠶ᠎ᠡ᠎ᠶᠢᠨ ᠡᠨᠧᠷᠭᠢ᠎ᠶᠢᠨ ᠠᠵᠤ ᠠᠬᠤᠶ᠎ᠶᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠶ᠋ᠢᠲᠤᠷ ᠬᠢᠵᠦ᠍ ᠪᠠᠶ᠋ᠢᠨ᠎ᠠ᠃ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠬᠢᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠡᠨᠧᠷᠭᠢ᠎ᠶᠢ ᠲᠤᠬᠠᠢ᠎ᠶᠢᠨ ᠭᠠᠵᠠᠷ᠎ᠲᠤᠨᠢ ᠰᠢᠩᠭᠡᠭᠡᠬᠦ᠌᠂ ᠨᠡᠭᠦᠷᠡᠰᠦ᠎ᠪᠡᠷ ᠦᠢᠯᠡᠳᠦᠭᠰᠡᠨ ᠲᠤᠰᠤ ᠭᠡᠢ᠎ᠶᠢᠨ ᠬᠡᠯᠬᠢᠶ᠎ᠠ᠎ᠶᠢ ᠤᠷᠲᠤᠳᠬᠠᠨ ᠦᠷᠳᠡᠭ᠎ᠢ ᠨᠡᠮᠡᠭᠳᠡᠭᠦᠯᠬᠦ᠌᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠰᠠᠭᠤᠷᠢᠨ᠎ᠤ ᠪᠦᠳᠦᠭᠡᠨ ᠪᠠᠶ᠋ᠢᠭᠤᠯᠤᠯᠲᠠ ᠵᠡᠷᠭᠡ ᠲᠦᠷᠦᠯ ᠵᠦᠢᠯ᠎ᠢ ᠲᠦᠷᠭᠡᠳᠬᠡᠨ ᠬᠡᠷᠡᠭᠵᠢᠭᠦᠯᠵᠦ᠍᠂ ᠡᠨᠧᠷᠭᠢ᠎ᠶᠢ ᠨᠡᠭᠡᠭᠡᠨ ᠬᠥᠭᠵᠢᠭᠦᠯᠬᠦ᠌ ᠪᠠ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠌᠎ᠶᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ᠌ ᠪᠣᠳᠠᠲᠠᠢ᠎ᠶᠢ ᠡᠷᠬᠢᠮᠯᠡᠬᠦ᠌ ᠬᠠᠮᠲᠤᠷᠠᠯᠴᠠᠭ᠎ᠠ᠎ᠪᠠᠷ ᠥᠪᠥᠷ ᠮᠣᠩᠭᠣᠯ᠎ᠤᠨ ᠴᠢᠨᠠᠷ ᠰᠠᠶ᠋ᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠌᠎ᠶᠢ ᠬᠦᠰᠡᠵᠦ᠍ ᠪᠠᠶ᠋ᠢᠨ᠎ᠠ᠃ ᠠᠶᠤᠯᠭᠦᠢ ᠦᠢᠯᠡᠳᠪᠦᠷᠢᠯᠡᠯ ᠪᠣᠯ ᠣᠷᠣᠨ ᠨᠤᠲᠤᠭ ᠠᠵᠤ ᠠᠬᠤᠶ᠋ᠢᠯᠠᠯ ᠬᠣᠶᠠᠷ ᠲᠠᠯ᠎ᠠ᠎ᠶᠢᠨ ᠬᠠᠮᠲᠤ᠎ᠶᠢᠨ ᠬᠠᠷᠢᠭᠤᠴᠠᠯᠭ᠎ᠠ ᠪᠣᠯᠤᠨ᠎ᠠ᠂ ᠠᠵᠤ ᠠᠬᠤᠶ᠋ᠢᠯᠠᠯ᠎ᠤᠨ ᠬᠢᠨ ᠠᠶᠤᠯᠭᠦᠢ ᠦᠢᠯᠡᠳᠪᠦᠷᠢᠯᠡᠯ᠎ᠦᠨ ᠡᠯ᠎ᠡ ᠵᠦᠢᠯ᠎ᠦᠨ ᠠᠵᠢᠯ᠎ᠢᠶᠠᠨ ᠦᠷᠭᠦᠯᠵᠢᠯᠡᠨ ᠰᠠᠶ᠋ᠢᠲᠤᠷ ᠬᠢᠵᠦ᠍᠂ ᠪᠢᠳᠠᠨ᠎ᠲᠡᠶ ᠬᠠᠮᠲᠤ᠎ᠪᠠᠷ ᠠᠶᠤᠯᠭᠦᠢ ᠦᠢᠯᠡᠳᠪᠦᠷᠢᠯᠡᠯ᠎ᠦᠨ ᠬᠣᠷᠢᠭ᠎ᠠ ᠱᠤᠭᠤᠮ᠎ᠢ ᠰᠠᠶ᠋ᠢᠲᠤᠷ ᠰᠠᠬᠢᠬᠤ᠎ᠶᠢ ᠬᠦᠰᠡᠵᠦ᠍ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ ᠡᠴᠡ ᠬᠤᠳᠠᠯᠳᠤᠭ᠎ᠠ ᠡᠷᠬᠢᠯᠡᠬᠦ ᠲᠡᠷᠢᠭᠦᠨ ᠵᠡᠷᠭᠡ᠎ᠶᠢᠨ ᠣᠷᠴᠢᠨ ᠨᠥᠬᠥᠴᠡᠯ᠎ᠢ ᠦᠷᠭᠦᠯᠵᠢᠯᠡᠨ ᠪᠣᠶ ᠪᠣᠯᠭᠠᠵᠤ᠂ ᠡᠯᠧᠮᠧᠨ᠋ᠲ᠎ᠦᠨ ᠪᠠᠲᠤᠯᠠᠭ᠎ᠠ᠎ᠶᠢ ᠴᠢᠩᠭᠠᠳᠬᠠᠨ᠂ ᠰᠠᠨᠠᠭᠠᠴᠢᠯᠠᠭ᠎ᠠ ᠡᠴᠡ᠎ᠪᠠᠨ ᠢᠳᠡᠪᠬᠢᠳᠠᠢ ᠦᠢᠯᠡᠴᠢᠯᠡᠵᠤ᠂ ᠠᠵᠤ ᠠᠬᠤᠶ᠋ᠢᠯᠠᠯ᠎ᠤᠨ ᠬᠥᠭᠵᠢᠯᠲᠡ᠎ᠶᠢ ᠦᠨᠡᠨ ᠪᠣᠳᠠᠲᠠᠶ ᠳᠡᠮᠵᠢᠬᠦ᠌ ᠪᠣᠯᠤᠨ᠎ᠠ ᠭᠡᠵᠤ ᠬᠡᠯᠡᠪᠡ᠃
ᠽᠸᠤ ᠯᠸᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠤᠯᠤᠰ᠎ᠤᠨ ᠡᠨᠧᠷᠭᠢ᠎ᠶᠢᠨ ᠪᠦᠯᠦᠭᠯᠡᠯ᠎ᠳᠦ ᠬᠦᠴᠦᠲᠡᠢ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠪᠠ᠃ ᠲᠡᠷᠡ᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ ᠣᠨᠴᠠᠭᠠᠢ ᠰᠠᠢ᠌ᠨ᠂ ᠠᠵᠤ ᠦᠢᠯᠡᠰ᠎ᠦᠨ ᠰᠠᠭᠤᠷᠢ ᠪᠠᠲᠤ᠌ ᠪᠡᠬᠢ᠂ ᠬᠥᠭᠵᠢᠯᠲᠡ᠎ᠶᠢᠨ ᠢᠷᠡᠭᠡᠳᠦᠢ ᠰᠠᠢ᠌ᠨ ᠶᠤᠮ᠃ ᠲᠠᠷᠠᠭᠠᠴᠢ᠎ᠶᠢᠨ ᠠᠯᠬᠤᠮ᠎ᠳᠤ᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ᠎ᠬᠢᠨ ᠡᠨᠧᠷᠭᠢ᠎ᠶᠢᠨ ᠪᠥᠬᠥ᠌ ᠠᠵᠤ ᠦᠢᠯᠡᠰ᠎ᠦᠨ ᠬᠡᠯᠬᠢᠶ᠎ᠡ ᠪᠣᠯᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠪᠠᠶ᠋ᠢᠷᠢ ᠲᠣᠭᠲᠠᠭᠠᠯᠲᠠ᠎ᠲᠠᠶ ᠨᠢᠭᠲᠠ ᠤᠶᠠᠯᠳᠤᠭᠤᠯᠤᠨ᠂ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠪᠠᠶ᠋ᠢᠷᠢᠰᠢᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠵᠦ᠍᠂ ᠨᠡᠭᠦᠷᠡᠰᠦ ᠴᠠᠬᠢᠯᠭᠠᠨ ᠬᠢᠮᠢ ᠲᠡᠭᠡᠭᠡᠪᠦᠷᠢ᠎ᠶᠢ ᠨᠢᠭᠡ ᠴᠣᠭᠴᠠᠵᠢᠭᠤᠯᠤᠭᠰᠠᠨ ᠭᠤᠤᠯ ᠵᠢᠭᠰᠠᠭᠠᠯ᠎ᠤᠨ ᠭᠠᠵᠠᠷ᠎ᠲᠤ᠌ ᠰᠠᠭᠤᠷᠢᠯᠠᠨ᠂ ᠨᠦᠬᠡᠴᠡ᠎ᠶᠢᠨ ᠬᠡᠮᠵᠢᠶ᠎ᠡ᠎ᠶᠢ ᠨᠢᠭᠡᠳᠦᠯᠲᠡᠶ ᠲᠥᠯᠥᠪᠵᠢᠭᠦᠯᠦᠨ ᠰᠢᠯᠢᠳᠡᠭᠵᠢᠭᠦᠯᠵᠦ᠍᠂ ᠨᠡᠮᠡᠭᠳᠡᠯ᠎ᠦᠨ ᠬᠡᠮᠵᠢᠶ᠎ᠡ᠎ᠶᠢ ᠶᠡᠬᠡᠰᠭᠡᠵᠤ᠂ ᠥᠪᠥᠷ ᠮᠣᠩᠭᠣᠯ᠎ᠯᠤᠭ᠎ᠠ᠎ᠶᠢᠨ ᠨᠡᠭᠦᠷᠡᠰᠦ᠎ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ᠂ ᠰᠢᠨ᠎ᠡ ᠦᠶ᠎ᠡ᠎ᠶᠢᠨ ᠨᠡᠭᠦᠷᠡᠰᠦ᠎ᠪᠡᠷ ᠲᠣᠰᠣ ᠦᠢᠯᠡᠳᠬᠦ᠂ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲ᠋ᠧᠮ᠂ ᠪᠣᠬᠢᠷᠲᠤᠯ ᠥᠬᠡᠶ ᠤᠰᠤᠲᠦ᠋ᠷᠥᠭᠴᠢ ᠰᠢᠪᠲᠦᠷ᠎ᠦᠨ ᠠᠯᠺᠣᠣᠯ᠂ ᠡᠨᠧᠷᠭᠢ ᠨᠥᠭᠡᠴᠡᠯᠡᠬᠦ᠌ ᠵᠡᠷᠭᠡ ᠬᠦᠷᠢᠶᠡᠨ᠎ᠳᠡᠬᠢ ᠪᠣᠳᠠᠲᠠᠶ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠍᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠡᠨᠧᠷᠭᠢ ᠪᠣᠯᠤᠨ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠶ᠋ᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠤ ᠢᠯᠡᠳᠭᠡᠵᠠᠢ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠰᠢᠨ ᠣᠷᠣᠯᠴᠠᠪᠠ᠃