6 ᠰᠠᠷ᠎ᠠ ᠶ᠋ᠢᠨ 24 ᠤ᠋ ᠡᠳᠦᠷ᠂ ᠪᠤᠭᠤᠲᠤ ᠶ᠋ᠢᠨ ᠬᠣᠪᠣᠷ ᠰᠢᠷᠣᠶ ᠶ᠋ᠢᠨ ᠳᠡᠭᠡᠳᠦ ᠰᠢᠨ᠎ᠡ ᠮᠡᠷᠭᠡᠵᠢᠯ ᠤ᠋ᠨ ᠲᠣᠭᠣᠷᠢᠭ ᠤ᠋ᠨ ᠬᠣᠲᠠ ᠶ᠋ᠢᠨ ᠬᠠᠮᠢᠶᠠᠷᠤᠯᠲᠠ ᠶ᠋ᠢᠨ ᠶᠡᠷᠦᠩᠬᠡᠶ᠋ᠢᠯᠡᠭᠰᠡᠨ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ᠌ ᠶᠡᠬᠡ ᠠᠩᠭᠢ ᠵᠢᠨ ᠬᠢᠨ ᠲᠣᠰ ᠰᠠᠷ᠎ᠠ ᠶ᠋ᠢᠨ ᠭᠤᠷᠪᠠᠳᠤᠭᠠᠷ ᠤᠳᠠᠭ᠎ᠠ ᠶ᠋ᠢᠨ ᠭᠠᠷᠠᠭ ᠤ᠋ᠨ ᠡᠭᠡᠯᠵᠢᠲᠦ᠍ ᠬᠤᠷᠠᠯ ᠵᠢᠡᠨ ᠮᠥᠨ ᠬᠦ᠌ ᠲᠣᠭᠲᠠᠮᠠᠯ ᠪᠤᠰᠤ ᠲᠤᠬᠠᠢ ᠶ᠋ᠢᠨ ᠲᠠᠯᠠᠪᠠᠢ ᠵᠢ ᠰᠤᠩᠭᠤᠨ ᠵᠠᠮ ᠤ᠋ᠨ ᠬᠠᠵᠠᠭᠤ ᠳ᠋ᠤ ᠬᠢᠪᠡ᠃ ᠡᠨᠡ ᠪᠣᠯ ᠡᠨᠡ ᠵᠢᠯ ᠤ᠋ᠨ 4 ᠰᠠᠷ᠎ᠠ ᠳ᠋ᠦ ᠬᠤᠲᠠ ᠶ᠋ᠢᠨ ᠣᠷᠴᠢᠨ ᠨᠦᠬᠦᠴᠡᠯ ᠢ᠋ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠰᠡᠨ ᠡᠴᠡ ᠨᠠᠭᠠᠰᠢ᠂ ᠲᠤᠰ ᠶᠡᠬᠡ ᠠᠩᠭᠢ ᠠᠷᠪᠠᠳᠤᠭᠠᠷ ᠤᠳᠠᠭ᠎ᠠ ᠵᠠᠮ ᠤ᠋ᠨ ᠬᠠᠵᠠᠭᠤ ᠳ᠋ᠤ ᠠᠵᠢᠯ ᠤ᠋ᠨ ᠬᠤᠷᠠᠯ ᠬᠢᠵᠤ ᠪᠠᠶ᠋ᠢᠭ᠎ᠠ ᠶᠠᠪᠤᠳᠠᠯ ᠪᠣᠯᠤᠨ᠎ᠠ᠃
ᠴᠠᠢ ᠤᠰᠤ ᠪᠠᠶ᠋ᠢᠬᠤ ᠦᠭᠡᠢ᠂ ᠠᠯᠪᠠᠨ ᠤ᠋ ᠰᠢᠷᠡᠭᠡ ᠰᠠᠨᠳᠠᠯᠢ ᠪᠠᠶ᠋ᠢᠬᠤ ᠦᠭᠡᠢ᠂ ᠬᠠᠷᠢᠭᠤ ᠮᠡᠳᠡᠭᠦᠯᠦᠯᠲᠡ ᠪᠠᠶ᠋ᠢᠬᠤ ᠦᠭᠡᠢ᠂ ᠨᠡᠡᠭ ᠴᠦ᠍ ᠰᠤᠨᠵᠢᠷᠠᠭᠤᠯᠤᠭᠰᠠᠠ ᠤᠷᠳᠤ ᠬᠤᠷᠠᠯ ᠤ᠋ᠨ ᠶᠠᠪᠤᠴᠠ ᠪᠠᠶ᠋ᠢᠬᠤ ᠦᠭᠡᠢ᠂ ᠪᠠᠢᠬᠤ ᠨᠢ ᠵᠦᠪᠬᠡᠨ ᠲᠣᠳᠣᠷᠬᠠᠢ ᠬᠠᠷᠠᠭᠳᠠᠬᠤ ᠠᠰᠠᠭᠤᠳᠠᠯ ᠤ᠋ᠨ ᠠᠬᠤᠢ ᠲᠠᠯᠠᠪᠠᠢ ᠪᠤᠯᠤᠨ ᠠᠰᠠᠭᠤᠳᠠᠯ ᠢ᠋ ᠰᠢᠢᠳᠪᠦᠷᠢᠯᠡᠬᠦ ᠬᠠᠷᠢᠭᠤᠴᠠᠯᠭ᠎ᠠ ᠡᠭᠦᠷᠭᠡᠯᠡᠯ ᠪᠠ ᠰᠥᠰᠥ᠍ ᠵᠣᠷᠢᠭ ᠶᠤᠮ᠃
ᠭᠠᠯ ᠪᠠᠮᠪᠠᠷ ᠵᠠᠮ ᠪᠣᠯᠤᠨ ᠪᠦᠦ ᠬᠠ ᠵᠠᠮ ᠤ᠋ᠨ ᠠᠭᠤᠯᠵᠠᠷ ᠂ ᠪᠢᠨ ᠾᠧ ᠹᠸᠡᠭ ᠵᠢᠡᠭ ᠰᠠᠭᠤᠭᠠᠯᠢ ᠲᠣᠭᠣᠷᠢᠭ ᠤ᠋ᠨ ᠵᠡᠭᠦᠨ ᠲᠠᠯ᠎ᠠ ᠶ᠋ᠢᠨ ᠬᠣᠶᠠᠷ ᠴᠡᠭ ᠲᠦ᠍ ᠲᠡᠦᠬᠡᠨ ᠡᠴᠡ ᠦᠯᠡᠳᠡᠭᠳᠡᠵᠦ᠍ ᠢᠷᠡᠭᠰᠡᠨ ᠣᠷᠴᠢᠨ ᠨᠦᠬᠦᠴᠡᠯ ᠡᠮᠬᠢ ᠵᠠᠮᠪᠠᠷᠠᠭ᠎ᠠ ᠦᠭᠡᠢ ᠠᠷᠬᠠᠭ ᠭᠡᠮ ᠳ᠋ᠤ ᠴᠢᠭᠯᠡᠭᠦᠯᠦᠨ᠂ ᠬᠣᠪᠣᠷ ᠰᠢᠷᠣᠶ ᠶ᠋ᠢᠨ ᠳᠡᠭᠡᠳᠦ ᠰᠢᠨ᠎ᠡ ᠮᠡᠷᠭᠡᠵᠢᠯ ᠤ᠋ᠨ ᠲᠣᠭᠣᠷᠢᠭ ᠤ᠋ᠨ ᠬᠣᠲᠠ ᠶ᠋ᠢᠨ ᠬᠠᠮᠢᠶᠠᠷᠤᠯᠲᠠ ᠶ᠋ᠢᠨ ᠶᠡᠷᠦᠩᠬᠡᠶ᠋ᠢᠯᠡᠭᠰᠡᠨ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ᠌ ᠶᠡᠬᠡ ᠠᠩᠭᠢ ᠶ᠋ᠢᠨ ᠪᠥᠬᠥ᠌ ᠳᠤᠮᠳᠠ ᠱᠠᠳᠤᠨ ᠡᠴᠡ ᠳᠡᠭᠡᠭᠰᠢᠬᠢ ᠺᠠᠳ᠋ᠷᠴᠤᠳ ᠲᠤᠬᠠᠶ ᠶ᠋ᠢᠨ ᠲᠠᠯᠠᠪᠠᠶ ᠳ᠋ᠦ ᠠᠰᠠᠭᠤᠳᠠᠯ ᠤ᠋ᠨ ᠵᠠᠩᠭᠢᠯᠠᠭ᠎ᠠ ᠵᠢ ᠰᠤᠳᠤᠯᠤᠨ ᠮᠠᠭᠠᠳᠯᠠᠬᠤ᠂ ᠴᠡᠪᠡᠷᠯᠡᠨ ᠲᠡᠭᠡᠭᠡᠪᠦᠷᠢᠯᠡᠬᠦ᠌ ᠴᠠᠭ ᠬᠤᠭᠤᠴᠠᠭ᠎ᠠ᠂ ᠠᠵᠢᠯᠯᠠᠬᠤ ᠵᠠᠭᠪᠤᠷ᠂ ᠠᠵᠢᠯᠲᠠᠨ ᠤ᠋ ᠲᠣᠬᠢᠷᠠᠭᠤᠯᠤᠯᠳᠠ ᠵᠡᠷᠭᠡ ᠪᠣᠳᠠᠲᠠᠶ ᠠᠷᠭ᠎ᠠ ᠬᠡᠮᠵᠢᠶ᠎ᠠ ᠵᠢ ᠶᠠᠷᠢᠯᠴᠠᠨ ᠰᠦᠪᠡᠭᠴᠢᠯᠡᠵᠦ᠂ 10 ᠮᠢᠨᠦ᠋ᠲ ᠤ᠋ᠨ ᠳᠤᠲᠤᠷ᠎ᠠ ᠲᠤᠰᠬᠠᠶ ᠴᠡᠭᠴᠡᠯᠡᠨ ᠵᠠᠰᠠᠬᠤ ᠲᠥᠰᠦᠯ ᠢ᠋ ᠲᠣᠭᠲᠠᠭᠠᠭᠠᠳ ᠳᠠᠷᠤᠶ᠋ᠢᠬᠠᠨ ᠰᠢᠢᠳᠪᠦᠷᠢᠯᠡᠵᠤ ᠡᠬᠢᠯᠡᠪᠡ᠃
《ᠪᠢᠳᠡ 〈ᠵᠠᠮ ᠤ᠋ᠨ ᠬᠠᠵᠠᠭᠤᠳᠡᠬᠢ ᠠᠵᠢᠯ ᠤ᠋ᠨ ᠬᠤᠷᠠᠯ〉 ᠤ᠋ᠨ ᠠᠵᠢᠯᠯᠠᠬᠤ ᠲᠤᠭᠲᠠᠴᠠ ᠵᠢ ᠰᠢᠨ᠎ᠡ ᠵᠢ ᠡᠭᠦᠳᠦᠨ ᠬᠡᠷᠡᠭᠵᠢᠭᠦᠯᠦᠭᠰᠡᠨ ᠨᠢ ᠳᠠᠷᠤᠶ ᠠᠰᠠᠭᠤᠳᠠᠯ ᠢ᠋ ᠨᠢᠭᠡᠳᠦᠭᠡᠷ ᠹᠷᠣᠨᠲ ᠲᠦ᠍ ᠢᠯᠡᠷᠡᠭᠦᠯᠵᠦ᠍᠂ ᠲᠥᠰᠦᠯ ᠢ᠋ ᠨᠢᠭᠡᠳᠦᠭᠡᠷ ᠹᠷᠣᠨᠲ ᠲᠦ᠍ ᠲᠣᠭᠲᠠᠭᠠᠨ᠂ ᠠᠵᠢᠯ ᠢ᠋ ᠨᠢᠭᠡᠳᠦᠭᠡᠷ ᠹᠷᠣᠨᠲ ᠲᠦ᠍ ᠨᠠᠶ᠋ᠢᠳᠠᠪᠤᠷᠢᠵᠢᠭᠤᠯᠵᠤ᠂ ᠰᠢᠢᠳᠪᠦᠷᠢᠯᠡᠬᠦ ᠶᠠᠪᠤᠴᠠ ᠵᠢ ᠶᠡᠬᠡ ᠬᠡᠮᠵᠢᠶ᠎ᠡ ᠪᠡᠷ ᠪᠠᠭᠠᠰᠬᠠᠨ᠂ ᠬᠣᠲᠠ ᠶ᠋ᠢᠨ ᠬᠠᠮᠢᠶᠠᠷᠤᠯᠲᠠ ᠶ᠋ᠢᠨ ᠲᠦᠭᠵᠢᠷᠡᠯ ᠤ᠋ᠨ ᠠᠰᠠᠭᠤᠳᠠᠯ ᠪᠠ ᠬᠦᠴᠢᠷ ᠠᠰᠠᠭᠤᠳᠠᠯ ᠢ᠋ ᠥᠨᠳᠥᠷ ᠪᠦᠲᠦᠮᠵᠢᠲᠡᠶᠪᠡᠷ ᠰᠢᠢᠳᠪᠦᠷᠢᠯᠡᠵᠦ᠂ ᠠᠷᠠᠳ ᠣᠯᠠᠨ ᠳ᠋ᠦ ᠦᠨᠡᠨ ᠬᠦ᠌ ᠪᠣᠳᠠᠲᠤ᠌ ᠶᠠᠪᠤᠳᠠᠯ ᠬᠢᠵᠦ᠍ ᠦᠭᠬᠦ ᠵᠢ ᠵᠤᠷᠢᠪᠠ》 ᠭᠡᠵᠦ᠍ ᠬᠣᠪᠣᠷ ᠰᠢᠷᠣᠶ ᠶ᠋ᠢᠨ ᠳᠡᠭᠡᠳᠦ ᠰᠢᠨ᠎ᠡ ᠮᠡᠷᠭᠡᠵᠢᠯ ᠤ᠋ᠨ ᠲᠣᠭᠣᠷᠢᠭ ᠤ᠋ᠨ ᠬᠣᠲᠠ ᠶ᠋ᠢᠨ ᠬᠠᠮᠢᠶᠠᠷᠤᠯᠲᠠ ᠶ᠋ᠢᠨ ᠶᠡᠷᠦᠩᠬᠡᠶ᠋ᠢᠯᠡᠭᠰᠡᠨ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ᠌ ᠶᠡᠬᠡ ᠠᠩᠭᠢ ᠶ᠋ᠢᠨ ᠳᠠᠷᠤᠭ᠎ᠠ ᠸᠠᠩ ᠮᠠᠨ ᠼᠠᠩ ᠬᠡᠯᠡᠨ᠎ᠡ᠃
ᠡᠷᠬᠢᠨ ᠲᠣᠭᠣᠷᠢᠨ ᠤ᠋ ᠤᠷᠴᠢᠨ ᠨᠦᠬᠦᠴᠡᠯ ᠤ᠋ᠨ ᠵᠢᠡᠨ ᠯᠤᠲᠤ᠌ ᠶᠡᠬᠡ ᠬᠤᠪᠢᠷᠠᠯᠲᠠ ᠵᠢ ᠬᠠᠷᠠᠭᠰᠠᠨ ᠪᠢᠨ ᠡᡁᠸ ᠹᠸᠡᠭ ᠵᠢᠡᠭ ᠨᠡᠢᠬᠡᠮ ᠲᠤᠭᠤᠷᠢᠭ ᠤ᠋ᠨ ᠰᠠᠭᠤᠭᠠᠯᠢ ᠠᠷᠠᠳ ᠯᠢᠦ ᠶᠠᠩ᠄ 《ᠤᠳᠤ ᠨᠠᠮ ᠤ᠋ᠨ ᠭᠡᠰᠢᠭᠦᠨ ᠺᠠᠳ᠋ᠷ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠦᠵᠡᠯᠲᠡ ᠦᠨᠡᠬᠡᠷ ᠬᠤᠪᠢᠷᠠᠴᠢᠬᠠᠵᠠᠢ᠂ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠵᠦ᠂ ᠯᠠᠷᠵᠢᠶ᠎ᠠ ᠶᠠᠮᠪᠠ ᠲᠠᠲᠠᠬᠤ ᠦᠬᠡᠢ᠂ ᠯᠠᠪᠳᠠᠭᠤᠨ ᠪᠠᠲᠤᠲᠠᠢ ᠪᠡᠷ ᠤᠯᠠᠨ ᠲᠦᠮᠡᠨ ᠤ᠋ ᠬᠦᠴᠢᠷ ᠵᠣᠪᠠᠭᠤᠷᠢ ᠵᠢ ᠰᠢ᠌ᠳᠪᠦᠷᠢᠯᠡᠨ ᠥᠭᠴᠦ᠍ ᠪᠠᠶ᠋ᠢᠨ᠎ᠠ᠂ ᠡᠶ᠋ᠢᠮᠦᠷᠬᠦᠦ ᠠᠵᠢᠯ ᠤ᠋ᠨ ᠰᠤᠷᠲᠠᠯ ᠪᠣᠯᠤᠨ ᠠᠵᠢᠯ ᠤ᠋ᠨ ᠦᠷ᠎ᠡ ᠪᠦᠲᠦᠮᠵᠢ ᠵᠢ ᠮᠠᠭᠲᠠᠨ ᠰᠠᠶ᠋ᠢᠰᠢᠶᠠᠭᠤᠰᠢᠲᠠᠢ ᠶᠤᠮ》 ᠭᠡᠵᠦ ᠬᠡᠯᠡᠵᠤ ᠪᠠᠢᠯ᠎ᠠ᠃
ᠬᠤᠪᠢᠷᠠᠴᠢᠬᠠᠵᠠᠢ᠂ ᠪᠦᠷᠢᠮᠦᠰᠦᠨ ᠬᠤᠪᠢᠷᠠᠴᠢᠬᠠᠵᠠᠢ! ᠣᠷᠴᠢᠨ ᠨᠦᠬᠦᠴᠡᠯ ᠢ᠋ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠡᠬᠢᠯᠡᠭᠰᠡᠨ ᠡᠴᠡ ᠨᠠᠭᠠᠰᠢ᠂ ᠪᠤᠭᠤᠳᠤ ᠵᠢᠨ ᠬᠣᠪᠣᠷ ᠰᠢᠷᠣᠶ ᠶ᠋ᠢᠨ ᠳᠡᠭᠡᠳᠦ ᠰᠢᠨ᠎ᠡ ᠮᠡᠷᠭᠡᠵᠢᠯ ᠤ᠋ᠨ ᠲᠣᠭᠣᠷᠢᠭ ᠨᠢ ᠬᠠᠭᠤᠴᠢᠷᠠᠵᠤ ᠬᠠᠶᠠᠭᠳᠠᠭᠰᠠᠠ ᠮᠠᠰᠢᠨ ᠲᠡᠷᠭᠡ ᠵᠢ ᠴᠡᠪᠡᠷᠯᠡᠬᠦ᠌᠂ ᠬᠠᠮᠲᠤ ᠪᠡᠷ ᠡᠳ᠋ᠯᠡᠬᠦ᠌ ᠳᠤᠭᠤᠶ ᠲᠡᠷᠭᠡ ᠵᠢ ᠬᠠᠮᠢᠶᠠᠷᠤᠨ ᠡᠵᠡᠮᠳᠡᠬᠦ᠌᠂ ᠠᠷᠠᠳ ᠲᠦ᠍ ᠲᠥᠬᠥᠮ ᠦᠵᠡᠭᠦᠯᠬᠦ᠌ ᠵᠠᠬ᠎ᠠ ᠳᠡᠯᠭᠡᠭᠦᠷ ᠢ᠋ ᠳᠦᠷᠢᠮᠵᠢᠭᠦᠯᠬᠦ᠂ ᠵᠢᠵᠢᠭ ᠵᠠᠷ ᠮᠡᠳᠡᠭᠡ ᠵᠢ ᠪᠦᠷᠢᠮᠦᠰᠤᠨ ᠠᠷᠢᠯᠭᠠᠬᠤ᠂ ᠡᠭᠦᠳᠡᠨ ᠡᠮᠦᠨᠡᠬᠢ ᠣᠷᠴᠢᠨ ᠨᠦᠬᠦᠴᠡᠯ ᠢ᠋ ᠴᠡᠭᠴᠡᠯᠡᠨ ᠵᠠᠰᠠᠬᠤ᠂ ᠵᠠᠮ ᠡᠵᠡᠯᠡᠵᠤ ᠡᠵᠡᠡᠭᠨᠡᠯᠲᠡ ᠬᠢᠬᠦ ᠵᠢ ᠵᠠᠰᠠᠬᠤ᠂ ᠪᠠᠷᠢᠯᠭ᠎ᠠ ᠶ᠋ᠢᠨ ᠬᠠᠰᠢᠯᠭ᠎ᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠬᠦ᠌᠂ ᠪᠠᠷᠢᠯᠭ᠎ᠠ ᠶ᠋ᠢᠨ ᠬᠣᠭ ᠨᠣᠪᠰᠢ ᠵᠢ ᠴᠡᠪᠡᠷᠯᠡᠨ ᠲᠡᠭᠡᠭᠡᠪᠦᠷᠢᠯᠡᠬᠦ᠌᠂ ᠲᠡᠷᠭᠡᠨ ᠵᠤᠭᠰᠤᠭᠠᠯ ᠤ᠋ᠨ ᠡᠮᠬᠢ ᠵᠢᠷᠤᠮ ᠢ᠋ ᠰᠢᠯᠢᠳᠡᠭᠵᠢᠭᠦᠯᠬᠦ᠌ ᠵᠡᠷᠭᠡ 9 ᠶᠡᠬᠡ ᠭᠤᠤᠯᠳᠠᠯᠭ᠎ᠠ ᠲᠠᠶ ᠬᠦᠷᠢᠶ᠎ᠡ ᠴᠠᠷᠠᠭ᠎ᠠ ᠶ᠋ᠢᠨ ᠲᠣᠭᠣᠷᠢᠨ ᠳ᠋ᠦ ᠪᠦᠬᠦᠨ ᠢ᠋ ᠬᠠᠮᠤᠷᠤᠭᠰᠠᠨ᠂ ᠪᠠᠶ᠋ᠢᠩᠭᠤᠵᠢᠭᠤᠯᠤᠭᠰᠠᠨ᠂ ᠭᠦᠨᠵᠡᠭᠡᠢᠷᠡᠭᠦᠯᠦᠭᠰᠡᠨ ᠣᠷᠴᠢᠨ ᠨᠦᠬᠦᠴᠡᠯ ᠢ᠋ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠪᠡ᠃
《ᠥᠩᠭᠡᠷᠡᠭᠰᠡᠨ ᠳ᠋ᠤ ᠰᠠᠭᠤᠭᠠᠯᠢ ᠠᠷᠠᠳ ᠤ᠋ᠨ ᠲᠣᠭᠣᠷᠢᠭ ᠤ᠋ᠨ ᠡᠭᠦᠳᠡᠨ ᠡᠮᠦᠨ᠎ᠡ ᠵᠢᠵᠢᠭ ᠫᠠᠨᠽᠠᠴᠢᠳ ᠣᠪᠣᠭᠠᠷᠠᠵᠤ᠂ ᠲᠡᠷᠭᠡ ᠬᠥᠰᠬᠡ ᠣᠷᠣᠵᠤ ᠭᠠᠷᠬᠤ ᠳ᠋ᠦ ᠳᠥᠭᠥᠮ ᠦᠭᠡᠢ ᠪᠥᠭᠡᠳ ᠠᠮᠤᠷ ᠲᠦᠪᠰᠢᠨ ᠤ᠋ ᠭᠡᠮ ᠰᠤᠭᠤᠭ ᠴᠦ᠍ ᠤᠷᠤᠰᠢᠵᠤ ᠪᠠᠢᠵᠠᠢ᠃ ᠤᠳᠤ ᠲᠤᠰᠬᠠᠶ ᠡᠵᠡᠩᠨᠡᠯᠲᠡ ᠶ᠋ᠢᠨ ᠭᠠᠵᠠᠷ ᠲᠤᠭᠲᠠᠭᠠᠵᠤ ᠦᠭᠭᠦᠭᠰᠡᠨ ᠡᠴᠡ ᠶᠠᠪᠤᠵᠤ ᠰᠠᠭᠤᠬᠤ ᠳ᠋ᠦ ᠰᠠᠭᠠᠳ ᠦᠭᠡᠢ ᠪᠣᠯᠪᠠ》 ᠭᠡᠵᠦ ᠮᠢᠨ ᠰᠢᠨ ᠨᠡᠢᠬᠡᠮ ᠲᠤᠭᠤᠷᠢᠭ ᠤ᠋ᠨ ᠰᠠᠭᠤᠭᠠᠯᠢ ᠠᠷᠠᠳ ᠸᠠᠩ ᠠᠪᠤᠭᠠᠢ ᠪᠠᠶᠠᠷᠲᠠᠢᠬᠠᠨ ᠶᠡᠷᠢᠨ᠎ᠠ᠃
ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠦᠭᠰᠡᠨ 2 ᠰᠠᠷ᠎ᠠ ᠭᠠᠷᠤᠶ ᠶ᠋ᠢᠨ ᠬᠤᠭᠤᠴᠠᠭᠠᠨ ᠳ᠋ᠦ᠂ ᠪᠤᠭᠤᠳᠤ ᠵᠢᠨ ᠬᠣᠪᠣᠷ ᠰᠢᠷᠣᠶ ᠶ᠋ᠢᠨ ᠳᠡᠭᠡᠳᠦ ᠰᠢᠨ᠎ᠡ ᠮᠡᠷᠭᠡᠵᠢᠯ ᠤ᠋ᠨ ᠲᠣᠭᠣᠷᠢᠭ ᠤ᠋ᠨ ᠬᠢᠨ ᠨᠡᠶ᠋ᠢᠲᠡ 228 ᠬᠠᠭᠤᠴᠢᠷᠠᠵᠤ ᠬᠠᠶᠠᠭᠳᠠᠭᠰᠠᠠ ᠮᠠᠰᠢᠨ ᠲᠡᠷᠭᠡ ᠵᠢ ᠰᠢᠢᠳᠪᠦᠷᠢᠯᠡᠵᠦ᠂ ᠵᠠᠬ᠎ᠠ ᠳᠡᠯᠭᠡᠭᠦᠷ ᠤ᠋ᠨ ᠡᠵᠡᠡᠭᠨᠡᠯᠲᠡ ᠶ᠋ᠢᠨ ᠲᠠᠯᠠᠪᠠᠢ ᠪᠠᠨ ᠳᠤᠷ᠎ᠠ ᠪᠡᠷ ᠦᠷᠭᠡᠳᠭᠡᠵᠦ ᠪᠠᠢᠭ᠎ᠠ ᠦᠵᠡᠭᠳᠡᠯ ᠢ᠋ 400 ᠭᠠᠷᠤᠢ ᠤᠳᠠᠭ᠎ᠠ ᠴᠡᠭᠴᠡᠯᠡᠨ ᠵᠠᠰᠠᠵᠤ᠂ 2200 ᠭᠠᠷᠤᠢ ᠭᠠᠵᠠᠷ ᠲᠦ᠍ ᠨᠠᠭᠠᠭᠰᠠᠨ ᠡᠯ᠎ᠡ ᠲᠥᠷᠥᠯ ᠤ᠋ᠨ ᠲᠣᠭᠲᠠᠭᠠᠯ ᠡᠴᠡ ᠵᠥᠷᠢᠴᠡᠭᠰᠡᠨ ᠵᠢᠵᠢᠭ ᠵᠠᠷ ᠮᠡᠳᠡᠭᠡ ᠵᠢ ᠠᠷᠢᠯᠭᠠᠪᠠ᠃ ᠡᠭᠦᠨ ᠤ᠋ ᠬᠠᠮᠲᠤ᠌᠂ 2500 ᠭᠠᠷᠤᠢ ᠭᠠᠵᠠᠷ ᠤ᠋ᠨ ᠡᠭᠦᠳᠡᠨ ᠡᠮᠦᠨ᠎ᠡ ᠪᠠᠨ ᠡᠷᠦᠢ ᠬᠤᠷᠤᠢ ᠦᠭᠡᠢ ᠳᠤᠷ᠎ᠠ ᠪᠡᠷ ᠤᠪᠤᠭᠠᠯᠠᠭᠰᠠᠨ ᠲᠤᠷ᠎ᠠ ᠪᠠᠨ ᠲᠠᠯᠪᠢᠭᠰᠠᠨ ᠵᠦᠢᠯᠡᠰ ᠢ᠋ ᠰᠢᠢᠳᠪᠦᠷᠢᠯᠡᠵᠦ᠂ ᠡᠮᠬᠢ ᠵᠠᠮᠪᠠᠷᠠᠭ᠎ᠠ ᠦᠭᠡᠢ ᠡᠨᠳᠡ ᠲᠡᠨᠳᠡ ᠵᠤᠭᠰᠤᠭᠠᠭᠰᠠᠨ 2470 ᠭᠠᠷᠤᠶ ᠬᠠᠮᠲᠤ ᠪᠡᠷ ᠡᠳ᠋ᠯᠡᠬᠦ ᠳᠤᠭᠤᠢ ᠲᠡᠷᠭᠡ ᠵᠢ ᠲᠡᠭᠰᠢᠯᠡᠵᠤ ᠲᠠᠯᠪᠢᠭᠰᠠᠨ ᠪᠤᠶᠤ ᠬᠤᠷᠢᠶᠠᠨ ᠠᠪᠴᠤ᠂ ᠲᠤᠭᠲᠠᠭᠠᠯ ᠢ᠋ ᠵᠦᠷᠢᠴᠡᠨ ᠵᠠᠮ ᠡᠵᠡᠯᠡᠵᠤ ᠡᠵᠡᠡᠭᠨᠡᠯᠳᠡ ᠬᠢᠵᠤ ᠪᠠᠢᠭ᠎ᠠ ᠦᠵᠡᠭᠳᠡᠯ ᠢ᠋ 3000 ᠭᠠᠷᠤᠢ ᠤᠳᠠᠭ᠎ᠠ ᠴᠡᠭᠴᠡᠯᠡᠨ ᠵᠠᠰᠠᠵᠤ᠂ 9000 ᠭᠠᠷᠤᠢ ᠮᠸᠲ᠋ᠷ ᠤᠷᠳᠤ ᠪᠠᠷᠢᠯᠭ᠎ᠠ ᠶ᠋ᠢᠨ ᠬᠠᠰᠢᠯᠭ᠎ᠠ ᠶ᠋ᠢᠨ ᠴᠢᠨᠠᠷ ᠢ᠋ ᠳᠡᠭᠡᠭᠰᠢᠯᠡᠭᠦᠯᠦᠨ ᠥᠭᠡᠷᠡᠴᠢᠯᠡᠨ ᠵᠠᠰᠠᠵᠤ᠂ 1.34 ᠲᠦᠮᠡ ᠭᠠᠷᠤᠶ ᠪᠤᠰᠤᠭ᠎ᠠ ᠲᠦᠷᠪᠡᠯᠵᠢᠨ ᠮᠸᠲᠷ ᠪᠠᠷᠢᠯᠭ᠎ᠠ ᠶ᠋ᠢᠨ ᠬᠣᠭ ᠨᠣᠪᠰᠢ ᠵᠢ ᠴᠡᠪᠡᠷᠯᠡᠨ ᠰᠢᠢᠳᠪᠦᠷᠢᠯᠡᠵᠤ᠂ 1800 ᠲᠡᠷᠭᠡᠨ ᠵᠤᠭᠰᠤᠭᠠᠯ ᠤ᠋ᠨ ᠤᠷᠤᠨ ᠵᠠᠢ ᠵᠢ ᠰᠢᠨ᠎ᠡ ᠪᠡᠷ ᠨᠡᠮᠡᠵᠦ ᠵᠢᠷᠤᠪᠠ᠃
ᠡᠯ᠎ᠡ ᠱᠠᠲᠤᠨ ᠤ᠋ ᠨᠠᠮ ᠤ᠋ᠨ ᠭᠡᠰᠢᠭᠦᠨ ᠺᠠᠳ᠋ᠷᠴᠤᠳ ᠤ᠋ᠨ ᠵᠠᠰᠠᠭ ᠪᠠᠷᠢᠬᠤ ᠣᠶ᠋ᠢᠯᠠᠭᠠᠭᠳᠠᠬᠤᠨ ᠤ᠋ ᠶᠡᠬᠡ ᠬᠤᠪᠢᠷᠠᠯᠲᠠ ᠵᠢ ᠬᠠᠷᠠᠭᠰᠠᠨ ᠬᠣᠲᠠ ᠶ᠋ᠢᠨ ᠠᠷᠠᠳ ᠫᠠᠩ ᠸᠧᠶ᠄ 《〈ᠵᠠᠮ ᠤ᠋ᠨ ᠬᠠᠵᠠᠭᠤᠳᠡᠬᠢ ᠠᠵᠢᠯ ᠤ᠋ᠨ ᠬᠤᠷᠠᠯ〉 ᠢ᠋ ᠪᠠᠢᠡᠭᠭᠤᠵᠢᠭᠤᠯᠤᠨ ᠥᠷᠨᠢᠭᠦᠯᠵᠦ᠍᠂ ᠨᠠᠮ ᠤ᠋ᠨ ᠭᠡᠰᠢᠭᠦᠨ ᠺᠠᠳ᠋ᠷᠴᠤᠳ ᠢ᠋ ᠣᠯᠠᠨ ᠲᠦᠮᠡᠨ ᠡᠴᠡ ᠨᠡᠩ ᠣᠶ᠋ᠢᠷᠠᠬᠠᠨ᠂ ᠠᠰᠠᠭᠤᠳᠠᠯ ᠡᠴᠡ ᠨᠡᠩ ᠣᠶ᠋ᠢᠷᠠᠬᠠᠨ᠂ ᠪᠣᠳᠠᠲᠤ᠌ ᠦᠷ᠎ᠡ ᠪᠦᠲᠦᠮᠵᠢ ᠡᠴᠡ ᠨᠡᠩ ᠣᠶ᠋ᠢᠷᠠᠬᠠᠨ ᠪᠠᠶ᠋ᠢᠯᠭᠠᠬᠤ ᠵᠢ ᠬᠦᠰᠡᠵᠦ᠍ ᠪᠠᠶ᠋ᠢᠨ᠎ᠠ》 ᠭᠡᠵᠦ᠍ ᠬᠡᠯᠡᠵᠦ ᠪᠠᠢᠯ᠎ᠠ᠃
ᠡᠳᠦᠭᠡ ᠵᠡᠭᠡᠯᠢ ᠭᠤᠳᠤᠮᠵᠢ ᠶ᠋ᠢᠨ ᠣᠷᠴᠢᠨ ᠨᠦᠬᠦᠴᠡᠯ ᠢᠯᠡᠳᠲᠡ ᠴᠡᠪᠡᠷ ᠲᠡᠭᠰᠢ ᠪᠤᠯᠵᠥ᠍᠂ ᠤᠯᠠᠨ ᠨᠡᠶ᠋ᠢᠲᠡ ᠶ᠋ᠢᠨ ᠡᠮᠬᠢ ᠳᠢᠭᠯᠢᠮ ᠶᠡᠬᠡ ᠵᠢᠷᠤᠮᠵᠢᠯ ᠲᠠᠶ ᠪᠤᠯᠵᠥ᠍᠂ ᠨᠠᠮ ᠤ᠋ᠨ ᠭᠡᠰᠢᠭᠦᠨ ᠬᠢᠭᠡᠳ ᠤᠯᠠᠨ ᠲᠦᠮᠡᠨ᠂ ᠺᠠᠳ᠋ᠷ ᠠᠵᠢᠯᠳᠠᠨ ᠬᠢᠭᠡᠳ ᠤᠯᠠᠨ ᠲᠦᠮᠡᠨ ᠤ᠋ ᠬᠠᠷᠢᠴᠠᠭ᠎ᠠ ᠨᠡᠩ ᠡᠶ᠎ᠡ ᠵᠣᠬᠢᠴᠠᠩᠭᠤᠢ ᠪᠤᠯᠵᠥ᠍᠂ ᠤᠯᠠᠨ ᠲᠦᠮᠡᠨ ᠤ᠋ ᠬᠦᠷᠲᠡᠮᠵᠢ ᠶ᠋ᠢᠨ ᠲᠦᠷᠦᠭᠳᠡᠯ ᠪᠣᠯᠤᠨ ᠵᠢᠷᠭᠠᠯᠲᠤ᠌ ᠲᠦᠷᠦᠭᠳᠡᠯ ᠶᠡᠬᠡ ᠪᠡᠷ ᠳᠡᠭᠡᠭᠰᠢᠯᠡᠪᠡ᠃
《ᠡᠳᠡᠬᠡᠷ ᠪᠣᠯ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠮᠵᠢ ᠪᠣᠯᠤᠨ᠎ᠠ᠂ ᠮᠦᠨ ᠴᠦ᠍ ᠳᠡᠭᠡᠳᠦ ᠰᠢᠨ᠎ᠡ ᠮᠡᠷᠭᠡᠵᠢᠯ ᠤ᠋ᠨ ᠲᠣᠭᠣᠷᠢᠭ ᠤ᠋ᠨ ᠨᠠᠮ ᠤ᠋ᠨ ᠭᠡᠰᠢᠭᠦᠨ ᠺᠠᠳ᠋ᠷ ᠤ᠋ᠨ ᠠᠷᠠᠳ ᠤ᠋ᠨ ᠲᠥᠯᠥᠭᠡ ᠲᠦᠷᠦ᠍ ᠪᠠᠷᠢᠭᠰᠠᠨ ᠤ᠋ ᠬᠤᠷᠢᠶᠠᠩᠭᠤᠢ ᠳᠦᠷᠰᠦ ᠪᠣᠯᠤᠨ᠎ᠠ᠃ ᠬᠣᠶ᠋ᠢᠰᠢᠳᠠ ᠪᠢᠳᠡ ᠤᠳᠠᠭ᠎ᠠ ᠪᠦᠷᠢ ᠶ᠋ᠢᠨ〈ᠵᠠᠮ ᠤ᠋ᠨ ᠬᠠᠵᠠᠭᠤᠳᠡᠬᠢ ᠠᠵᠢᠯ ᠤ᠋ᠨ ᠬᠤᠷᠠᠯ〉 ᠢ᠋ ᠬᠤᠳᠠ ᠶ᠋ᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶ᠋ᠢᠨ ᠭᠣᠭᠴᠣᠭ᠎ᠠ ᠪᠣᠯᠭᠠᠨ ᠳ᠋ᠦ ᠠᠭᠤᠰᠤᠯᠴᠠᠭᠤᠯᠵᠦ᠍᠂ ᠤᠯᠠᠨ ᠲᠦᠮᠡᠨ ᠢ᠋ ᠬᠠᠨᠤᠮᠵᠢᠲᠠᠢ ᠪᠠᠢᠯᠭᠠᠨ᠂ ᠤᠯᠠᠨ ᠲᠦᠮᠡᠨ ᠳ᠋ᠤ ᠠᠰᠢᠭ ᠬᠦᠷᠲᠡᠭᠡᠨ᠎ᠡ》 ᠭᠡᠵᠦ᠍ ᠪᠤᠭᠤᠳᠤ ᠵᠢᠨ ᠬᠣᠪᠣᠷ ᠰᠢᠷᠣᠶ ᠶ᠋ᠢᠨ ᠳᠡᠭᠡᠳᠦ ᠰᠢᠨ᠎ᠡ ᠮᠡᠷᠭᠡᠵᠢᠯ ᠤ᠋ᠨ ᠲᠣᠭᠣᠷᠢᠭ ᠤ᠋ᠨ ᠪᠥᠲᠥᠭᠡᠨ ᠪᠠᠶ᠋ᠢᠭᠤᠯᠤᠯᠲᠠ ᠶ᠋ᠢᠨ ᠬᠠᠮᠢᠶᠠᠷᠤᠯᠲᠠ ᠶ᠋ᠢᠨ ᠲᠤᠪᠴᠢᠶ᠎ᠠ ᠵᠢᠨ ᠳᠠᠷᠤᠭ᠎ᠠ ᠦ᠋ ᠵᠢᠶᠠᠨ ᠭᠦᠸᠧ ᠶᠠᠷᠢᠵᠤ ᠪᠠᠢᠯ᠎ᠠ᠃
【ᠰᠤᠷᠪᠤᠯᠵᠢᠯᠠᠭᠴᠢ ᠶ᠋ᠢᠨ ᠡᠪᠦᠷ ᠲᠡᠮᠳᠡᠭᠯᠡᠯ】
ᠰᠤᠷᠪᠤᠯᠵᠢᠯᠠᠭᠴᠢ ᠪᠤᠭᠤᠲᠤ ᠶ᠋ᠢᠨ ᠬᠣᠪᠣᠷ ᠰᠢᠷᠣᠢ ᠶ᠋ᠢᠨ ᠳᠡᠭᠡᠳᠦ ᠰᠢᠨ᠎ᠡ ᠮᠡᠷᠭᠡᠵᠢᠯ ᠤ᠋ᠨ ᠲᠣᠭᠣᠷᠢᠭ ᠤ᠋ᠨ ᠬᠤᠳᠠ ᠶ᠋ᠢᠨ ᠬᠠᠮᠢᠶᠠᠷᠤᠯᠲᠠ ᠶ᠋ᠢᠨ ᠶᠡᠷᠦᠩᠬᠡᠶ᠋ᠢᠯᠡᠭᠰᠡᠨ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ᠌ ᠶᠡᠬᠡ ᠠᠩᠬᠢ ᠶ᠋ᠢᠨ 《ᠵᠠᠮ ᠤ᠋ᠨ ᠬᠠᠵᠠᠭᠤᠳᠡᠬᠢ ᠠᠵᠢᠯ ᠤ᠋ᠨ ᠬᠤᠷᠠᠯ》 ᠡᠴᠡ ᠬᠤᠳᠠ ᠶ᠋ᠢᠨ ᠵᠠᠰᠠᠯᠲᠠ ᠶ᠋ᠢᠨ ᠰᠤᠷᠲᠠᠯ ᠤ᠋ᠨ ᠪᠤᠳᠠᠳᠤ ᠬᠤᠪᠢᠷᠠᠯᠲᠠ ᠵᠢ ᠣᠯᠵᠤ ᠬᠠᠷᠠᠯ᠎ᠠ᠃
ᠥᠩᠭᠡᠷᠡᠭᠰᠡᠨ ᠳ᠋ᠤ ᠴᠥᠭᠡᠨ ᠪᠤᠰᠤ ᠵᠠᠰᠠᠯᠲᠠ ᠶ᠋ᠢᠨ ᠠᠵᠢᠯ ᠢ᠋ ᠬᠤᠷᠠᠯ ᠤ᠋ᠨ ᠭᠡᠷ ᠲᠦ᠍ ᠶᠠᠷᠢᠯᠴᠠᠵᠤ᠂ ᠲᠦᠰᠦᠯ ᠶ᠋ᠢᠡᠨ ᠴᠠᠭᠠᠰᠤᠨ ᠳᠡᠭᠡᠷ᠎ᠡ ᠦᠯᠡᠳᠡᠭᠡᠵᠦ᠂ ᠠᠰᠠᠭᠤᠳᠠᠯ ᠢ᠋ ᠳᠠᠬᠢᠨ ᠳᠠᠪᠲᠠᠨ ᠳᠤᠷᠠᠳᠴᠤ᠂ ᠠᠵᠢᠯ ᠤ᠋ᠨ ᠠᠬᠢᠴᠠ ᠤᠳᠠᠭᠠᠨ ᠰᠤᠨᠵᠢᠷᠠᠭᠤᠨ ᠪᠠᠢᠵᠤ᠂ ᠤᠯᠠᠨ ᠲᠦᠮᠡᠨ ᠤ᠋ ᠬᠦᠰᠡᠯ ᠱᠠᠭᠠᠷᠳᠠᠯᠭ᠎ᠠ ᠵᠢ ᠪᠡᠶᠡᠯᠡᠬᠦᠯᠬᠦ ᠳ᠋ᠦ ᠬᠦᠴᠢᠷ ᠪᠠᠢᠵᠠᠢ᠃ ᠪᠤᠭᠤᠲᠤ ᠶ᠋ᠢᠨ ᠬᠣᠪᠣᠷ ᠰᠢᠷᠣᠢ ᠶ᠋ᠢᠨ ᠳᠡᠭᠡᠳᠦ ᠰᠢᠨ᠎ᠡ ᠮᠡᠷᠭᠡᠵᠢᠯ ᠤ᠋ᠨ ᠲᠣᠭᠣᠷᠢᠭ ᠤ᠋ᠨ ᠲᠤᠰ ᠤᠳᠠᠭ᠎ᠠ ᠵᠢᠨ ᠲᠤᠰᠬᠠᠢ ᠴᠡᠭᠴᠡᠯᠡᠨ ᠵᠠᠰᠠᠬᠤ ᠠᠵᠢᠯ ᠳᠤᠮᠳᠠ᠂ ᠺᠠᠳ᠋ᠷᠴᠤᠳ ᠠᠯᠪᠠᠨ ᠬᠡᠷ ᠡᠴᠡ ᠪᠠᠨ ᠭᠠᠷᠴᠤ᠌ ᠡᠮᠦᠨ᠎ᠡ ᠹᠷᠣᠨᠲ ᠲᠦ᠍ ᠭᠦᠨᠵᠡᠭᠡᠢᠷᠡᠨ᠂ ᠬᠣᠭ ᠨᠣᠪᠰᠢ ᠣᠪᠣᠭᠠᠷᠠᠭᠰᠠᠨ᠂ ᠳᠡᠯᠭᠡᠭᠦᠷ ᠫᠦᠰᠡ ᠡᠮᠬᠢ ᠵᠠᠮᠪᠠᠷᠠᠭ᠎ᠠ ᠦᠭᠡᠢ᠂ ᠲᠡᠷᠭᠡ ᠬᠥᠰᠬᠡ ᠵᠢ ᠳᠤᠷ᠎ᠠ ᠪᠡᠷ ᠵᠣᠭᠰᠣᠭᠠᠭᠰᠠᠨ ᠵᠡᠷᠭᠡ ᠠᠷᠠᠳ ᠤ᠋ᠨ ᠠᠮᠢᠳᠤᠷᠠᠯ ᠤ᠋ᠨ ᠠᠷᠬᠠᠭ ᠭᠡᠮ ᠳ᠋ᠤ ᠴᠢᠭᠯᠡᠭᠦᠯᠵᠤ᠂ 10 ᠮᠢᠨᠦᠢ᠍ᠲ ᠤ᠋ᠨ ᠳᠣᠲᠣᠷ᠎ᠠ ᠴᠡᠭᠴᠡᠯᠡᠨ ᠵᠠᠰᠠᠬᠤ ᠲᠥᠰᠦᠯ ᠢ᠋ ᠲᠣᠭᠲᠠᠭᠠᠨ᠂ ᠲᠤᠬᠠᠢ ᠶ᠋ᠢᠨ ᠲᠠᠯᠠᠪᠤᠷ ᠲᠤᠨᠢ ᠠᠵᠢᠯ ᠤ᠋ᠨ ᠨᠠᠶ᠋ᠢᠳᠠᠪᠤᠷᠢᠵᠢᠭᠤᠯᠤᠯᠲᠠ ᠵᠢ ᠪᠠᠶ᠋ᠢᠷᠢᠯᠠᠭᠤᠯᠵᠤ᠂ ᠶᠠᠷᠰᠢᠭ ᠲᠦᠪᠡᠭᠲᠡᠢ ᠶᠠᠪᠤᠴᠠ ᠵᠢ ᠦᠭᠡᠶ᠋ᠢᠰᠬᠡᠨ᠂ ᠰᠢᠯᠲᠠᠭᠯᠠᠨ ᠤᠳᠠᠭᠠᠰᠢᠷᠠᠭᠤᠯᠬᠤ ᠵᠢ ᠲᠡᠪᠴᠢᠵᠦ᠍᠂ ᠥᠨᠳᠥᠷ ᠪᠦᠲᠦᠮᠵᠢᠲᠡᠢ ᠪᠣᠳᠠᠲᠠᠢ ᠠᠵᠢᠯ ᠵᠢᠡᠷ ᠴᠠᠭᠠᠰᠤᠨ ᠳᠡᠭᠡᠷ᠎ᠡ ᠴᠡᠷᠢᠭ ᠬᠡᠷᠡᠭᠯᠡᠬᠦ ᠵᠢ ᠣᠷᠣᠯᠠᠭᠤᠯᠪᠠ᠃
ᠠᠵᠢᠯ ᠤ᠋ᠨ ᠬᠤᠷᠠᠯ ᠤ᠋ᠨ ᠲᠠᠯᠠᠪᠠᠢ ᠵᠢ ᠤᠷᠤᠭᠰᠢ ᠨᠢᠭᠡ ᠠᠯᠬᠤᠮ ᠰᠢᠯᠵᠢᠬᠦᠯᠪᠠᠯ ᠠᠷᠠᠳ ᠤ᠋ᠨ ᠰᠡᠳᠬᠢᠯ ᠲᠠᠢ ᠤᠯᠠᠮ ᠨᠢᠬᠡ ᠠᠯᠬᠤᠮ ᠣᠶ᠋ᠢᠷᠠᠲᠤᠨᠠ᠃ 《ᠵᠠᠮ ᠤ᠋ᠨ ᠬᠠᠵᠠᠭᠤᠳᠡᠬᠢ ᠠᠵᠢᠯ ᠤ᠋ᠨ ᠬᠤᠷᠠᠯ》 ᠨᠢ ᠬᠤᠷᠠᠯ ᠤ᠋ᠨ ᠬᠡᠯᠪᠡᠷᠢ ᠶ᠋ᠢᠨ ᠬᠤᠪᠢᠷᠠᠯᠲᠠ ᠪᠣᠯᠬᠤ ᠪᠡᠷ ᠪᠠᠷᠠᠬᠤ ᠦᠭᠡᠶ ᠨᠡᠩ ᠴᠤ᠌ ᠨᠠᠮ ᠤ᠋ᠨ ᠭᠡᠰᠢᠭᠦᠨ ᠺᠠᠳ᠋ᠷᠴᠤᠳ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠶ ᠵᠥᠪ ᠦᠵᠡᠯᠲᠡ ᠶ᠋ᠢᠨ ᠠᠮᠢᠳᠤᠯᠢᠭ ᠢᠯᠡᠷᠡᠯ ᠪᠣᠯᠬᠤ ᠶᠤᠮ᠃ ᠡᠨᠡ ᠬᠦ᠌ ᠡᠮᠦᠨ᠎ᠡ ᠹᠷᠣᠨᠲ ᠲᠦ᠍ ᠭᠦᠨᠵᠡᠭᠡᠶ᠋ᠢᠷᠡᠨ᠂ ᠠᠰᠠᠭᠤᠳᠠᠯ ᠳ᠋ᠦ ᠰᠢᠭᠤᠳ ᠬᠠᠨᠳᠤᠵᠤ᠂ ᠠᠷᠠᠳ ᠤ᠋ᠨ ᠲᠥᠯᠥᠭᠡ ᠪᠣᠳᠠᠲᠠᠢ ᠠᠵᠢᠯᠯᠠᠬᠤ ᠰᠤᠷᠲᠠᠯ ᠢ᠋ ᠤᠷᠳᠤ ᠬᠤᠭᠤᠴᠠᠭ᠎ᠠ ᠪᠡᠷ ᠪᠦᠲᠦᠮᠵᠢᠲᠡᠢ ᠪᠠᠶ᠋ᠢᠯᠭᠠᠬᠤ ᠪᠤᠯᠳᠤᠭᠠᠢ᠃