ᠶᠠᠫᠤᠨ᠎ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ᠎ᠤ ᠲᠠᠷᠠᠭ᠎ᠠ᠂ ᠥᠪᠥᠷ ᠮᠣᠩᠭᠣᠯ ᠣᠷᠣᠨ ᠣᠨᠴᠠᠭᠠᠶ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ᠎ᠲᠠᠢ ᠪᠠᠢᠭᠰᠠᠨ ᠡᠴᠡ ᠭᠣᠮᠢᠨᠳᠠᠩ ᠬᠢᠭᠡᠳ ᠡᠪ ᠬᠠᠮᠲᠤ ᠨᠠᠮ ᠬᠣᠶᠠᠷ ᠨᠠᠮ᠎ᠤᠨ ᠤᠯᠤᠰ ᠲᠦᠷᠤ ᠪᠠ ᠴᠡᠷᠢᠭ᠎ᠦᠨ ᠶᠠᠪᠤᠳᠠᠯ᠎ᠤᠨ ᠲᠠᠯ᠎ᠠ᠎ᠪᠠᠷ ᠰᠢᠷᠦᠭᠦᠨ ᠲᠡᠮᠡᠴᠡᠯ ᠶᠠᠪᠤᠭᠤᠯᠬᠤ ᠴᠢᠬᠤᠯᠠ ᠲᠠᠢ᠍ᠢᠨ᠎ᠦ ᠲᠠᠯᠠᠪᠤᠷ ᠪᠣᠯᠤᠭᠰᠠᠨ ᠪᠠᠢᠨ᠎ᠠ᠃ ᠡᠭᠦᠨ᠎ᠦ ᠬᠠᠮᠲᠤ᠂ ᠥᠪᠥᠷ ᠮᠣᠩᠭᠣᠯ᠎ᠤᠨ ᠬᠡᠰᠡᠭ ᠭᠠᠵᠠᠷ ᠣᠷᠣᠨ᠎ᠳᠤ 《ᠥᠪᠡᠷᠲᠡᠭᠡᠨ ᠵᠠᠰᠠᠬᠤ》 ᠬᠥᠳᠡᠯᠭᠡᠭᠡᠨ ᠡᠬᠦᠰᠴᠦ᠂ 《ᠳᠡᠭᠡᠳᠦ ᠬᠡᠮᠵᠢᠶ᠎ᠡ᠎ᠪᠡᠷ ᠥᠪᠡᠷᠲᠡᠭᠡᠨ ᠵᠠᠰᠠᠬᠤ》 ᠪᠠ 《ᠥᠪᠥᠷ ᠮᠣᠩᠭᠣᠯ ᠢ ᠲᠤᠰᠠᠭᠠᠷ ᠲᠣᠭᠲᠠᠨᠢᠭᠤᠯᠬᠤ》 ᠴᠢᠨᠠᠭᠰᠢᠯᠠᠪᠠᠯ 《ᠦᠪᠦᠷ ᠮᠤᠩᠭᠤᠯ ᠠᠷᠤ ᠮᠤᠩᠭᠤᠯ ᠢ᠋ ᠨᠡᠢᠯᠡᠭᠦᠯᠬᠦ》 ᠭᠡᠰᠡᠨ ᠪᠤᠷᠤᠭᠤ ᠵᠣᠷᠢᠯᠲᠠᠨᠤᠭᠤᠳ ᠬᠤᠳᠬᠤᠯᠳᠤᠨ ᠪᠤᠢ ᠪᠤᠯᠤᠭᠰᠠᠨ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠬᠡᠷᠬᠢᠨ ᠤᠯᠤᠰ ᠣᠷᠣᠨ᠎ᠤ ᠨᠢᠭᠡᠳᠦᠯ᠎ᠢ ᠬᠠᠮᠠᠭᠠᠯᠠᠬᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠬᠡᠷᠬᠢᠨ ᠬᠥᠲᠥᠯᠥᠨ ᠵᠢᠯᠤᠭᠣᠳᠴᠤ ᠵᠥᠪ ᠴᠢᠭᠯᠡᠯ᠎ᠢᠶᠡᠷ ᠬᠥᠭᠵᠢᠭᠦᠯᠬᠦ ᠨᠢ ᠨᠢᠭᠡᠨ ᠴᠢᠬᠤᠯᠠ ᠶᠡᠬᠡ ᠪᠥᠭᠡᠳ ᠪᠡᠷᠬᠡ ᠬᠠᠲᠠᠭᠤᠵᠢᠯᠲᠠᠢ ᠡᠭᠦᠷᠭᠡ ᠪᠤᠯᠵᠠᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 《ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ》 ᠪᠠᠷ ᠥᠪᠥᠷ ᠮᠣᠩᠭᠣᠯ ᠣᠷᠣᠨ᠎ᠤ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠴᠢᠭᠯᠡᠯᠲᠡ᠎ᠶᠢ ᠳᠤᠷᠠᠳᠤᠨ ᠭᠠᠷᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶᠢᠨ ᠲᠦᠯᠦᠭᠡ᠂ ᠲᠥᠪ᠎ᠦᠨ ᠬᠣᠯᠪᠣᠭᠳᠠᠯ ᠪᠦᠬᠦᠢ ᠲᠣᠪᠴᠢᠶ᠎ᠠ᠂ ᠬᠤᠪᠢᠶᠠᠷᠢ ᠲᠣᠪᠴᠢᠶ᠎ᠠ ᠣᠷᠣᠨ ᠪᠦᠰᠡ ᠬᠤᠪᠢᠶᠠᠨ ᠬᠠᠷᠢᠭᠤᠴᠠᠵᠤ᠂ ᠥᠪᠥᠷ ᠮᠣᠩᠭᠣᠯ ᠣᠷᠣᠨ᠎ᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠤᠬᠠᠢ᠎ᠶᠢᠨ ᠦᠶ᠎ᠡ᠎ᠶᠢᠨ ᠪᠠᠢᠳᠠᠯ᠎ᠢ ᠦᠨᠳᠦᠰᠦᠯᠡᠨ᠂ ᠴᠢᠭᠤᠯᠤᠯᠲᠤ ᠬᠠᠭᠠᠯᠭ᠎ᠠ᠎ᠪᠠᠷ ᠰᠠᠭᠤᠷᠢᠨ ᠭᠠᠵᠠᠷ ᠪᠣᠯᠭᠠᠨ᠂ ᠰᠢᠯᠢ᠎ᠶᠢᠨ ᠭᠣᠣᠯ ᠠᠢᠮᠠᠭ᠂ ᠴᠠᠬᠠᠷ ᠠᠢᠮᠠᠭ᠎ᠢᠶᠠᠷ ᠲᠥᠪ ᠪᠣᠯᠭᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠣᠭᠠᠲᠤ ᠬᠤᠷᠠᠯ᠎ᠤᠨ ᠵᠣᠬᠢᠶᠠᠨ ᠪᠠᠢᠭᠤᠯᠤᠯᠲᠠ᠎ᠶᠢᠨ ᠬᠡᠯᠪᠡᠷᠢ᠎ᠪᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠲᠦᠯᠬᠢᠨ ᠠᠬᠢᠭᠤᠯᠬᠤ᠎ᠶᠢᠨ ᠬᠠᠮᠲᠤ ᠵᠡᠭᠦᠨ ᠬᠡᠰᠡᠭ᠎ᠦᠨ ᠭᠠᠵᠠᠷ ᠣᠷᠣᠨ ᠲᠡᠢᠰᠢ ᠥᠷᠭᠡᠳᠬᠡᠬᠦ᠎ᠪᠡᠷ ᠲᠣᠭᠲᠠᠵᠤ᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠠᠷᠭ᠎ᠠ ᠮᠠᠶᠢᠭ᠋ ᠪᠠ ᠠᠷᠭ᠎ᠠ ᠵᠠᠮ᠎ᠢ ᠲᠤᠭ ᠲᠡᠮᠳᠡᠭ ᠲᠣᠳᠣᠷᠬᠠᠢ᠎ᠪᠠᠷ ᠵᠢᠭᠠᠵᠤ ᠭᠠᠷᠭᠠᠭᠰᠠᠨ ᠪᠠᠢᠨ᠎ᠠ᠃
1945 ᠣᠨ ᠤ 10 ᠰᠠᠷ᠎ᠠ ᠶᠢᠨ 23 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠪᠡᠯᠡᠳᠬᠡᠯ ᠺᠣᠮᠢᠰ᠎ᠢ ᠪᠠᠶ᠋ᠢᠭᠤᠯᠬᠤ᠎ᠪᠡᠷ ᠪᠡᠯᠡᠳᠭᠡᠵᠦ᠂ ᠡᠯ᠎ᠡ ᠠᠢᠮᠠᠭ ᠬᠣᠰᠢᠭᠤᠨ᠎ᠤ ᠥᠪᠡᠷᠲᠡᠭᠡᠨ ᠵᠠᠰᠠᠬᠤ ᠬᠥᠳᠡᠯᠭᠡᠭᠡᠨ᠎ᠦ ᠤᠳᠤᠷᠢᠳᠤᠯᠭ᠎ᠠ᠎ᠶᠢ ᠨᠢᠭᠡᠳᠬᠡᠬᠦ ᠬᠡᠷᠡᠭᠳᠡᠢ》 ᠭᠡᠰᠡᠨ ᠵᠢᠭᠠᠪᠤᠷᠢ ᠭᠠᠷᠭᠠᠪᠠ᠃ 11 ᠰᠠᠷ᠎ᠠ ᠶᠢᠨ 10 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠦᠵᠢ ᠨᠠᠷ᠎ᠦᠨ ᠭᠠᠵᠠᠷ ᠡᠴᠡ ᠱᠠᠨ ᠰᠢ ᠴᠠᠬᠠᠷ ᠾᠧᠪᠧᠢ ᠵᠢᠨ ᠲᠥᠪ ᠬᠣᠷᠢᠶᠠᠨ᠎ᠤ ᠲᠣᠪᠴᠢᠶ᠎ᠠ᠎ᠳᠤ ᠬᠠᠷᠢᠭᠤ ᠴᠠᠬᠢᠯᠭᠠᠨ ᠮᠡᠳᠡᠭᠡ ᠶᠠᠪᠤᠭᠤᠯᠵᠤ᠄ 《ᠥᠪᠥᠷ ᠮᠣᠩᠭᠣᠯ᠎ᠤᠨ ᠠᠵᠢᠯ᠎ᠤᠨ ᠲᠠᠯ᠎ᠠ ᠪᠡᠷ᠂ ᠲᠠ ᠨᠠᠷ᠎ᠤᠨ ᠤᠷᠢᠳ ᠢ᠋ᠢᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠣᠭᠠᠲᠤ ᠬᠤᠷᠠᠯ᠎ᠢ ᠪᠠᠢᠭᠤᠯᠵᠤ᠂ ᠬᠥᠲᠥᠯᠪᠦᠷᠢ᠎ᠶᠢ ᠨᠡᠢᠲᠡᠯᠡᠨ᠂ ᠥᠷᠭᠡᠨ ᠤᠯᠠᠨ ᠮᠣᠩᠭᠣᠯ ᠠᠷᠠᠳ ᠢ ᠲᠠᠢ᠍ᠢᠴᠢᠯᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠢ ᠪᠠᠶ᠋ᠢᠭᠤᠯᠬᠤ ᠴᠢᠭᠯᠡᠯᠲᠡ᠎ᠶᠢ ᠴᠢᠨᠢ ᠵᠥᠪᠰᠢᠶᠡᠷᠡᠨ᠎ᠡ》 ᠭᠡᠵᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠵᠢᠭᠠᠪᠤᠷᠢ᠎ᠶᠢᠨ ᠵᠣᠷᠢᠭ᠋ ᠰᠠᠨᠠᠭ᠎ᠠ᠎ᠪᠠᠷ᠂ 1945 ᠣᠨ ᠤ 11 ᠰᠠᠷ᠎ᠠ ᠶᠢᠨ 26 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠣᠭᠠᠲᠤ ᠬᠤᠷᠠᠯ ᠪᠠᠢᠭᠤᠯᠤᠭᠳᠠᠬᠤ ᠶᠡᠬᠡ ᠬᠤᠷᠠᠯ ᠴᠢᠭᠤᠯᠤᠯᠲᠤ ᠬᠠᠭᠠᠯᠭ᠎ᠠ᠎ᠶᠢᠨ ᠶᠤᠸᠠᠨ ᠯᠠᠢ ᠵᠤᠸᠠᠩ ᠶᠣᠰᠣᠯᠠᠯ᠎ᠤᠨ ᠲᠠᠩᠬᠢᠮ᠎ᠳᠤ ᠦᠪᠡᠳᠡᠭᠰᠢ ᠶᠡᠬᠡᠪᠡᠷ ᠬᠤᠷᠠᠯᠳᠤᠵᠤ᠂ 76 ᠲᠥᠯᠥᠭᠡᠯᠡᠭᠴᠢ ᠶᠡᠬᠡ ᠬᠤᠷᠠᠯ᠎ᠳᠤ ᠣᠷᠣᠯᠴᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠣᠭᠠᠲᠤ ᠬᠤᠷᠠᠯ᠎ᠤᠨ ᠪᠠᠢᠭᠤᠯᠤᠭᠳᠠᠭᠰᠠᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠤᠳᠤᠷᠢᠳᠬᠤ ᠭᠡᠷᠡᠯ ᠰᠠᠴᠤᠷᠠᠩᠭᠤᠢ ᠲᠤᠭ᠎ᠢ ᠪᠣᠰᠬᠠᠭᠰᠠᠨ ᠪᠠᠢᠨ᠎ᠠ᠃ ᠬᠤᠷᠠᠯ᠎ᠤᠨ ᠲᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠣᠭᠠᠲᠤ ᠬᠤᠷᠠᠯ ᠡᠴᠡ ᠺᠠᠳ᠋ᠷ ᠲᠣᠮᠢᠯᠠᠵᠤ᠂ ᠴᠠᠬᠠᠷ ᠠᠢᠮᠠᠭ᠂ ᠪᠠᠶᠠᠨᠲᠠᠯ᠎ᠠ ᠠᠢᠮᠠᠭ᠎ᠲᠤ ᠬᠤᠪᠢᠶᠠᠷᠢ ᠬᠤᠷᠠᠯ ᠪᠠ ᠰᠠᠯᠪᠤᠷᠢ ᠬᠤᠷᠠᠯ ᠪᠠᠢᠭᠤᠯᠵᠤ᠂ ᠤᠯᠠᠨ ᠲᠦᠮᠡᠨ᠎ᠢ ᠵᠣᠬᠢᠶᠠᠨ ᠪᠠᠢᠭᠤᠯᠵᠤ᠂ ᠤᠬᠠᠭᠤᠯᠬᠤ ᠪᠠ ᠲᠠᠢ᠍ᠢᠴᠢᠯᠠᠵᠦ᠂ ᠵᠠᠰᠠᠭ᠎ᠤᠨ ᠡᠷᠬᠡ᠎ᠶᠢ ᠪᠠᠢᠭᠤᠯᠤᠨ᠂ ᠨᠡᠢᠭᠡᠮ᠎ᠦᠨ ᠡᠮᠬᠢ ᠳᠢᠭ᠌ᠯᠢᠮ᠎ᠢ ᠲᠣᠭᠲᠠᠪᠤᠷᠢᠵᠢᠭᠤᠯᠵᠤ᠂ ᠥᠪᠡᠷᠲᠡᠭᠡᠨ ᠵᠠᠰᠠᠬᠤ ᠬᠥᠳᠡᠯᠭᠡᠭᠡᠨ᠎ᠢ ᠥᠷᠨᠢᠭᠦᠯᠪᠡ᠃
1945 ᠣᠨ᠎ᠤ 12 ᠰᠠᠷ᠎ᠠ᠎ᠶᠢᠨ ᠡᠬᠢ᠎ᠪᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠵᠡᠭᠦᠨ ᠬᠣᠢᠲᠤ᠎ᠶᠢᠨ ᠲᠣᠪᠴᠢᠶ᠎ᠠ ᠵᠢᠨ ᠰᠠᠨᠠᠭᠤᠯᠭ᠎ᠠ ᠪᠡᠷ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠦᠴᠦᠨ (1946 ᠣᠨ᠎ᠤ 1 ᠰᠠᠷ᠎ᠠ᠎ᠳᠤ ᠵᠡᠭᠦᠨ ᠮᠣᠩᠭᠣᠯ᠎ᠤᠨ ᠠᠷᠠᠳ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠢ ᠪᠠᠢᠭᠤᠯᠪᠠ) ᠤ᠋ ᠲᠥᠯᠥᠭᠡᠯᠡᠭᠴᠢ ᠪᠦᠦ ᠢᠦᠢ ᠺᠦᠨ ᠴᠢᠭᠤᠯᠤᠯᠲᠤ ᠬᠠᠭᠠᠯᠭ᠎ᠠ᠎ᠳᠤ ᠢᠷᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠣᠭᠠᠲᠤ ᠬᠤᠷᠠᠯ᠎ᠲᠠᠢ ᠬᠣᠯᠪᠣᠭ᠎ᠠ ᠠᠪᠤᠪᠠ᠃ ᠭᠣᠮᠢᠨᠳᠠᠩ ᠡᠪ ᠬᠠᠮᠲᠤ ᠨᠠᠮ᠎ᠤᠨ ᠨᠠᠢᠷᠠᠮᠳᠠᠯ᠎ᠤᠨ ᠬᠡᠯᠡᠯᠴᠡᠭᠡᠷ ᠬᠠᠷᠠᠬᠠᠨ ᠡᠪᠳᠡᠷᠡᠭᠡᠳᠦᠢ ᠪᠠᠢᠭᠰᠠᠨ ᠬᠠᠷᠢᠴᠠᠩᠭᠤᠢ ᠲᠣᠭᠲᠠᠭᠤᠨ ᠦᠶ᠎ᠡ᠎ᠳᠦ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠥᠪᠡᠷᠲᠡᠭᠡᠨ ᠵᠠᠰᠠᠬᠤ ᠬᠥᠳᠡᠯᠭᠡᠭᠡᠨ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠣᠭᠠᠲᠤ ᠬᠤᠷᠠᠯ᠎ᠤᠨ ᠲᠤᠭ᠎ᠤᠨ ᠳᠣᠣᠷ᠎ᠠ ᠨᠢᠭᠡᠳᠬᠡᠬᠦ᠎ᠶᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠠᠴᠠ ᠾᠧᠪᠧᠢ ᠿᠸᠾᠧ ᠯᠢᠶᠣᠤᠨᠢᠩ᠎ᠤᠨ ᠬᠤᠪᠢᠶᠠᠷᠢ ᠲᠣᠪᠴᠢᠶ᠎ᠠ ᠵᠢᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠨᠢᠭᠡᠳᠬᠡᠬᠦ ᠬᠤᠷᠠᠯ᠂ ᠳᠠᠷᠤᠢ ᠠᠯᠳᠠᠷᠲᠤ 《ᠲᠦᠷᠪᠡᠨ ᠰᠠᠷ᠎ᠠ᠎ᠶᠢᠨ ᠭᠤᠷᠪᠠᠨ》᠎ᠤ᠋ ᠬᠤᠷᠠᠯ ᠢ᠋ ᠬᠤᠷᠠᠯᠳᠤᠭᠤᠯᠬᠤ᠎ᠪᠠᠷ ᠲᠣᠭᠲᠠᠪᠠ᠃ ᠬᠤᠷᠠᠯᠬᠤᠷᠠᠯᠳᠤᠭᠤᠯᠬᠤ ᠬᠣᠶᠠᠷ ᠲᠠᠯ᠎ᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠣᠭᠠᠲᠤ ᠬᠤᠷᠠᠯ ᠪᠠ ᠵᠡᠭᠦᠨ ᠮᠣᠩᠭᠣᠯ᠎ᠤᠨ ᠠᠷᠠᠳ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠣᠯᠣᠨ᠎ᠠ᠃
1946 ᠣᠨ᠎ᠤ 3 ᠰᠠᠷ᠎ᠠ᠎ᠶᠢᠨ 30 ᠤ᠋ ᠡᠳᠦᠷ ᠬᠤᠷᠠᠯᠳᠤᠭᠤᠯᠤᠭᠰᠠᠨ ᠪᠡᠯᠡᠳᠬᠡᠯ ᠬᠤᠷᠠᠯ ᠳᠡᠭᠡᠷ᠎ᠡ᠂ ᠬᠣᠶᠠᠷ ᠲᠠᠯ᠎ᠠ ᠪᠡᠷ ᠵᠢᠡᠨ ᠰᠢᠷᠦᠭᠦᠨ ᠮᠠᠷᠭᠤᠯᠳᠤᠪᠠ᠃ ᠵᠡᠭᠦᠨ ᠮᠣᠩᠭᠣᠯ᠎ᠤᠨ ᠠᠷᠠᠳ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠲᠥᠯᠥᠭᠡᠯᠡᠭᠴᠢ ᠠᠩᠬ᠎ᠠ ᠡᠬᠢᠨ ᠳ᠋ᠡᠭᠡᠨ ᠥᠪᠥᠷ ᠮᠣᠩᠭᠣᠯ᠎ᠢ 《ᠲᠤᠰᠠᠭᠠᠷᠯᠠᠭᠤᠯᠤᠨ ᠥᠪᠡᠷᠲᠡᠭᠡᠨ ᠵᠠᠰᠠᠬᠤ》 ᠵᠢ ᠬᠡᠷᠡᠭᠵᠢᠬᠦᠯᠬᠦ ᠵᠤᠷᠢᠯᠳᠠ ᠪᠠᠨ ᠲᠠᠶᠠᠭᠳᠠᠬᠤ ᠳᠤᠷ᠎ᠠ ᠦᠭᠡᠢ ᠪᠠᠢᠪᠠ᠃ ᠤᠯᠠᠭᠠᠨᠬᠦᠦ ᠵᠡᠷᠭᠡ ᠬᠥᠮᠥᠰ ᠬᠢᠨᠠᠮᠠᠭᠠᠢ ᠲᠡᠰᠪᠦᠷᠢᠲᠡᠢ᠎ᠪᠡᠷ ᠦᠵᠡᠯ ᠰᠠᠨᠠᠭᠠᠨ᠎ᠤ ᠠᠵᠢᠯ ᠬᠢᠬᠦ ᠪᠡᠷ ᠲᠠᠮᠵᠢᠨ᠂ ᠵᠡᠭᠦᠨ ᠮᠣᠩᠭᠣᠯ᠎ᠤᠨ ᠠᠷᠠᠳ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠲᠥᠯᠥᠭᠡᠯᠡᠭᠴᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠠᠰᠠᠭᠤᠳᠠᠯ᠎ᠢ ᠰᠢᠢᠳᠪᠦᠷᠢᠯᠡᠬᠦ ᠴᠢᠭᠯᠡᠯᠲᠡ᠎ᠶᠢ ᠬᠦᠯᠢᠶᠡᠨ ᠠᠪᠴᠠᠢ᠃ 4 ᠰᠠᠷ᠎ᠠ᠎ᠶᠢᠨ 3 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠨᠢᠭᠡᠳᠬᠡᠬᠦ ᠬᠤᠷᠠᠯ ᠴᠧᠩᠳᠧ᠎ᠳᠦ ᠬᠤᠷᠠᠯᠳᠤᠪᠠ᠃ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠨᠢᠭᠡᠳᠬᠡᠬᠦ ᠬᠤᠷᠠᠯ᠎ᠤᠨ ᠭᠣᠣᠯ ᠰᠢᠢᠳᠪᠦᠷᠢ》ᠵᠢ ᠪᠠᠲᠤᠯᠠᠵᠤ᠂ ᠥᠪᠥᠷ ᠮᠣᠩᠭᠣᠯ᠎ᠤᠨ ᠦᠨᠳᠦᠰᠦᠲᠡᠨ᠎ᠦ ᠬᠥᠳᠡᠯᠭᠡᠭᠡᠨ᠎ᠦ ᠴᠢᠭᠯᠡᠯᠲᠡ ᠪᠣᠯ ᠡᠷᠬᠡ ᠲᠡᠭᠰᠢ ᠥᠪᠡᠷᠲᠡᠭᠡᠨ ᠵᠠᠰᠠᠬᠤ ᠶᠠᠪᠤᠳᠠᠯ ᠪᠣᠯᠣᠨ᠎ᠠ᠂ ᠬᠠᠷᠢᠨ ᠲᠤᠰᠠᠭᠠᠷ ᠲᠣᠭᠲᠠᠨᠢᠭ᠍ᠰᠠᠨ ᠥᠪᠡᠷᠲᠡᠭᠡᠨ ᠵᠠᠰᠠᠬᠤ ᠶᠠᠪᠤᠳᠠᠯ ᠪᠢᠰᠢ᠂ ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠣᠨ ᠬᠠᠪᠰᠤᠷᠤᠯᠭ᠎ᠠ ᠳᠣᠣᠷ᠎ᠠ ᠰᠠᠶᠢ ᠴᠢᠯᠦᠭᠡᠯᠡᠭᠳᠡᠵᠦ ᠴᠢᠳᠠᠨ᠎ᠠ ᠭᠡᠵᠦ ᠲᠤᠳᠤᠷᠬᠠᠢᠯᠠᠪᠠ᠃ 《ᠲᠦᠷᠪᠡᠨ ᠰᠠᠷ᠎ᠠ᠎ᠶᠢᠨ ᠭᠤᠷᠪᠠᠨ》 ᠤ᠋ ᠬᠤᠷᠠᠯ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠲᠡᠦᠬᠡᠲᠦ ᠴᠢᠨᠠᠷᠲᠠᠢ ᠡᠷᠭᠢᠯᠲᠡ ᠪᠣᠯᠣᠨ᠎ᠠ᠃ ᠲᠡᠷᠡ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠰᠢᠨᠵᠢ ᠴᠢᠨᠠᠷ᠂ ᠴᠢᠭᠯᠡᠯ᠂ ᠵᠠᠮ ᠪᠠ ᠤᠳᠤᠷᠢᠳᠬᠤ ᠡᠷᠬᠡ ᠵᠡᠷᠭᠡ ᠭᠣᠣᠯᠯᠠᠬᠤ ᠠᠰᠠᠭᠤᠳᠠᠯ᠎ᠢ ᠤᠨᠤᠯ᠎ᠤᠨ ᠲᠠᠯ᠎ᠠ᠎ᠠᠴᠠ ᠡᠮᠬᠢᠯᠡᠨ ᠲᠣᠳᠣᠷᠬᠠᠢᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠤᠳᠤᠷᠢᠳᠬᠤ᠎ᠶᠢ ᠪᠦᠷᠢᠮᠦᠰᠦᠨ ᠲᠣᠭᠲᠠᠭᠠᠭᠰᠠᠨ ᠪᠠᠢᠨ᠎ᠠ᠃
《ᠳᠥᠷᠪᠡᠨ ᠰᠠᠷ᠎ᠠ᠎ᠶᠢᠨ ᠭᠤᠷᠪᠠᠨ》 ᠤ᠋ ᠬᠤᠷᠠᠯ ᠤ᠋ᠨ ᠳᠠᠷᠠᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠶᠣᠰᠣᠭᠠᠷ᠂ ᠡᠯ᠎ᠡ ᠲᠥᠪ ᠬᠣᠷᠢᠶ᠎ᠠ ᠵᠢᠨ ᠲᠣᠪᠴᠢᠶ᠎ᠠ᠎ᠶᠢᠨ ᠵᠢᠯᠣᠭᠣᠳᠤᠯᠭ᠎ᠠ ᠳᠡᠮᠵᠢᠯᠭᠡ ᠳᠣᠣᠷ᠎ᠠ᠂ ᠥᠪᠥᠷ ᠮᠣᠩᠭᠣᠯ ᠣᠷᠣᠨ ᠵᠢᠯ ᠭᠠᠷᠤᠢ᠎ᠶᠢᠨ ᠥᠪᠡᠷᠲᠡᠭᠡᠨ ᠵᠠᠰᠠᠬᠤ ᠬᠥᠳᠡᠯᠭᠡᠭᠡᠨ ᠪᠠ ᠵᠠᠯᠢᠬᠠᠢᠴᠤᠳᠢ ᠡᠰᠡᠷᠭᠦᠴᠡᠨ ᠠᠷᠢᠯᠭᠠᠬᠤ᠂ ᠬᠦᠦ ᠲᠦᠷᠢᠶᠡᠰᠦ᠎ᠶᠢ ᠬᠥᠩᠭᠡᠯᠡᠬᠦ ᠵᠡᠷᠭᠡ ᠣᠯᠠᠨ ᠲᠦᠮᠡᠨᠴᠢ ᠬᠥᠳᠡᠯᠭᠡᠭᠡᠨ᠎ᠢᠶᠡᠷ ᠳᠠᠮᠵᠢᠨ᠂ ᠠᠢᠮᠠᠭ ᠬᠣᠰᠢᠭᠤ ᠪᠠ ᠦᠨᠳᠦᠰᠦᠨ ᠱᠠᠲᠤᠨ᠎ᠤ ᠠᠷᠠᠳᠴᠢᠯᠠᠭᠰᠠᠨ ᠵᠠᠰᠠᠭ ᠨᠡᠢᠳᠡᠮ ᠪᠠᠢᠭᠤᠯᠤᠭᠳᠠᠵᠤ᠂ ᠦᠨᠳᠦᠰᠦᠲᠡᠨ᠎ᠦ ᠴᠢᠯᠦᠭᠡᠯᠡᠯᠲᠡ᠎ᠶᠢᠨ ᠹᠷᠣᠨᠲ ᠲᠠᠰᠤᠷᠠᠯᠲᠠ ᠦᠭᠡᠢ ᠪᠡᠬᠢᠵᠢᠵᠦ᠂ ᠹᠧᠣᠳᠠᠯ᠎ᠤᠨ ᠣᠨᠴᠠ ᠡᠷᠬᠡ᠎ᠶᠢᠨ ᠨᠣᠶᠠᠷᠬᠠᠯ ᠡᠬᠢᠯᠡᠨ ᠭᠤᠢᠪᠢᠯᠵᠠᠵᠤ᠂ ᠠᠷᠠᠳ᠎ᠤᠨ ᠴᠡᠷᠢᠭ ᠡᠳᠦᠷ ᠢᠷᠡᠬᠦᠶ᠎ᠡ ᠬᠥᠭᠵᠢᠨ ᠪᠤᠵᠠᠭᠠᠢᠷᠠᠪᠠ᠃ ᠡᠯ᠎ᠡ ᠦᠨᠳᠦᠰᠦᠲᠡᠨ᠎ᠦ ᠠᠷᠠᠳ ᠲᠦᠮᠡᠨ᠎ᠤ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠤᠨ᠎ᠢ ᠪᠠᠢᠭᠤᠯᠬᠤ ᠬᠦᠰᠡᠯ ᠱᠠᠭᠠᠷᠳᠠᠯᠭ᠎ᠠ ᠤᠯᠠᠮ ᠴᠢᠩᠭ᠎ᠠ ᠪᠣᠯᠪᠠ᠃ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶᠠᠨ᠎ᠤ ᠳᠤᠷᠠᠳᠤᠭᠰᠠᠨ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠤᠨ᠎ᠢ ᠪᠠᠢᠭᠤᠯᠬᠤ ᠲᠥᠰᠦᠪᠯᠡᠯ᠎ᠢ ᠪᠡᠶᠡᠯᠡᠬᠦᠯᠬᠦ ᠨᠥᠬᠦᠴᠡᠯᠪᠦᠷᠢᠤᠨᠴᠡᠢ᠃
1946 ᠣᠨ᠎ᠤ 12 ᠰᠠᠷ᠎ᠠ᠎ᠳᠤ᠂ ᠨᠠᠮ᠎ᠤᠨ ᠲᠥᠪ ᠬᠣᠷᠢᠶ᠎ᠠ᠎ᠠᠴᠠ ᠬᠠᠮᠢᠶ᠎ᠠ ᠪᠦᠬᠦᠢ ᠲᠥᠪ᠎ᠦᠨ ᠲᠣᠪᠴᠢᠶ᠎ᠠ ᠵᠢᠨ ᠬᠢᠨ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠤᠨ᠎ᠢ ᠪᠠᠢᠭᠤᠯᠬᠤᠲᠠᠯᠠ ᠪᠡᠷ ᠪᠣᠳᠠᠲᠠᠢ ᠪᠡᠯᠡᠳᠭᠡᠯ ᠬᠢᠬᠦ᠎ᠶ᠋ᠢ ᠵᠢᠭᠠᠪᠤᠷᠢᠯᠠᠵᠠᠢ᠃ 1947 ᠣᠨ᠎ᠤ 2 ᠰᠠᠷ᠎ᠠ᠎ᠶ᠋ᠢᠨ 20᠎ᠤ᠋ ᠡᠳᠦᠷ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠤᠭ᠎ᠠ᠎ᠳᠤ ᠬᠤᠷᠠᠯ᠎ᠠᠴᠠ ᠥᠪᠦᠷ ᠮᠣᠩᠭᠤᠯ᠎ᠤᠨ ᠠᠷᠠᠳ᠎ᠤᠨ ᠲᠥᠯᠦᠭᠡᠯᠡᠭᠴᠢᠳ᠎ᠦᠨ ᠬᠤᠷᠠᠯ᠎ᠢ ᠬᠤᠷᠠᠯᠳᠤᠭᠤᠯᠬᠤ ᠮᠡᠳᠡᠭᠳᠡᠯ ᠭᠠᠷᠭᠠᠵᠠᠢ᠃ 3 ᠰᠠᠷ᠎ᠠ᠎ᠶ᠋ᠢᠨ 23᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶᠠᠨ᠎ᠤ ᠬᠠᠮᠢᠶ᠎ᠠ ᠪᠦᠬᠦᠢ ᠬᠤᠪᠢᠶᠠᠷᠢ ᠲᠣᠪᠴᠢᠶ᠎ᠠ ᠵᠢᠴᠢ ᠤᠯᠠᠭᠠᠨᠬᠦᠦ ᠨᠦᠬᠦᠷ 《ᠪᠢᠳᠡ ᠡᠨᠡ ᠤᠳᠠᠭ᠎ᠠ᠎ᠶ᠋ᠢᠨ ᠲᠥᠯᠦᠭᠡᠯᠡᠭᠴᠢᠳ᠎ᠦᠨ ᠶᠡᠬᠡ ᠬᠤᠷᠠᠯ᠎ᠳᠤ ᠥᠪᠦᠷ ᠮᠣᠩᠭᠤᠯ᠎ᠤᠨ ᠨᠢᠭᠡᠳᠦᠭᠰᠡᠨ ᠦᠨᠳᠦᠰᠦᠲᠡᠨ᠎ᠦ ᠥᠪᠡᠷᠲᠡᠭᠡᠨ ᠵᠠᠰᠠᠬᠤ ᠵᠠᠰᠠᠭ᠎ᠤᠨ ᠣᠷᠳᠤᠨ᠎ᠢ ᠪᠠᠢᠭᠤᠯᠬᠤ ᠵᠢ ᠵᠥᠪᠰᠢᠶᠡᠷᠡᠨ᠎ᠡ》 ᠬᠡᠵᠦ ᠵᠢᠭᠠᠵᠤ ᠭᠠᠷᠭᠠᠪᠠ᠃ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠪᠠᠰᠠ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠤᠨ ᠪᠠᠢᠭᠤᠯᠤᠭᠳᠠᠭᠰᠠᠨ᠎ᠤ ᠳᠠᠷᠠᠭᠠᠬᠢ ᠡᠯ᠎ᠡ ᠬᠥᠷᠰᠢ ᠵᠡᠷᠭᠡᠯᠡᠳᠡᠭᠡ ᠵᠢᠨ ᠴᠢᠯᠦᠭᠡᠯᠡᠭᠳᠡᠭᠰᠡᠨ ᠣᠷᠤᠨᠯᠤᠭᠠᠶ᠋ᠢᠨ ᠬᠠᠷᠢᠴᠠᠭ᠎ᠠ᠂ ᠥᠪᠡᠷᠲᠡᠭᠡᠨ ᠵᠠᠰᠠᠬᠤ ᠵᠠᠰᠠᠭ᠎ᠤᠨ ᠣᠷᠳᠤᠨ᠎ᠤ ᠬᠠᠷᠢᠶ᠎ᠠ ᠣᠷᠤᠨ᠎ᠤ ᠳᠣᠲᠤᠷᠠᠬᠢ ᠦᠨᠳᠦᠰᠦᠲᠡᠨ᠎ᠦ ᠬᠠᠷᠢᠴᠠᠭ᠎ᠠ᠂ ᠴᠡᠷᠢᠭ ᠠᠩᠭᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠠᠰᠠᠭᠤᠳᠠᠯ᠎ᠳᠤ ᠪᠣᠳᠠᠲᠠᠢ ᠲᠣᠭᠲᠠᠭᠠᠯ ᠭᠠᠷᠭᠠᠵᠠᠢ᠃
ᠭᠦᠢᠴᠡᠳ ᠪᠡᠯᠡᠳᠬᠡᠯᠬᠢᠬᠦ ᠪᠡᠷ ᠳᠠᠮᠵᠢᠨ᠂ 1947 ᠣᠨ᠎ᠤ 4 ᠰᠠᠷ᠎ᠠ᠎ᠶ᠋ᠢᠨ 23᠎ᠤ᠋ ᠡᠳᠦᠷ᠂ ᠥᠪᠦᠷ ᠮᠣᠩᠭᠤᠯ᠎ᠤᠨ ᠠᠷᠠᠳ᠎ᠤᠨ ᠲᠥᠯᠦᠭᠡᠯᠡᠭᠴᠢᠳ᠎ᠦᠨ ᠬᠤᠷᠠᠯ ᠸᠠᠩ᠎ᠤᠨ ᠰᠦᠮ᠎ᠡ᠎ᠳᠦ ᠦᠪᠡᠳᠡᠭᠰᠢ ᠶᠡᠬᠡ ᠪᠡᠷ ᠡᠬᠢᠯᠡᠪᠡ᠃ ᠬᠤᠷᠠᠯ᠎ᠳᠤ ᠡᠯ᠎ᠡ ᠦᠨᠳᠦᠰᠦᠲᠡᠨ᠎ᠤ ᠨᠡᠢᠭᠡᠮ᠎ᠦᠨ ᠡᠯ᠎ᠡ ᠡᠲᠡᠭᠡᠳ᠎ᠦᠨ ᠲᠥᠯᠦᠭᠡᠯᠡᠭᠴᠢ ᠨᠡᠢᠲᠡ 390 ᠭᠠᠷᠤᠢ ᠬᠥᠮᠦᠨ ᠣᠷᠤᠯᠴᠠᠵᠠᠢ᠃ 5 ᠰᠠᠷ᠎ᠠ᠎ᠶ᠋ᠢᠨ 1᠎ᠤ᠋ ᠡᠳᠦᠷ᠂ ᠥᠪᠦᠷ ᠮᠣᠩᠭᠤᠯ᠎ᠤᠨ ᠠᠩᠬᠠᠳᠤᠭᠠᠷ ᠬᠤᠭᠤᠴᠠᠭᠠᠨ᠎ᠤ ᠲᠦᠷ ᠴᠠᠭ᠎ᠤᠨ ᠵᠥᠪᠯᠡᠯᠭᠡᠨ᠎ᠦ ᠬᠤᠷᠠᠯ ᠬᠤᠷᠠᠯᠳᠤᠵᠤ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠤᠨ᠎ᠤ ᠲᠡᠷᠢᠭᠦᠯᠡᠭᠴᠢ᠂ ᠵᠠᠰᠠᠭ᠎ᠤᠨ ᠣᠷᠳᠤᠨ᠎ᠤ ᠭᠡᠰᠢᠭᠦᠨ᠂ ᠵᠥᠪᠯᠡᠯᠭᠡᠨ᠎ᠦ ᠬᠤᠷᠠᠯ᠎ᠤᠨ ᠳᠠᠷᠤᠭ᠎ᠠ ᠵᠢᠴᠢ ᠬᠤᠷᠠᠯ᠎ᠳᠤ ᠰᠠᠭᠤᠭ᠎ᠠ ᠵᠥᠪᠯᠡᠯᠭᠡᠨ᠎ᠦ ᠭᠡᠰᠢᠭᠦᠨ᠎ᠢ ᠰᠣᠩᠭᠤᠨ ᠭᠠᠷᠭᠠᠵᠤ᠂ ᠤᠯᠠᠭᠠᠨᠬᠦᠦ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠤᠨ᠎ᠤ ᠲᠡᠷᠢᠭᠦᠯᠡᠭᠴᠢ᠎ᠪᠡᠷ ᠰᠣᠩᠭᠤᠭᠳᠠᠪᠠ᠃ ᠢᠡᠭᠬᠢᠵᠦ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠤᠨ ᠪᠠᠢᠭᠤᠯᠤᠭᠳᠠᠭᠰᠠᠨ᠎ᠢᠶᠠᠨ ᠲᠤᠩᠬᠠᠭᠯᠠᠪᠠ ᠃
ᠮᠠᠨ᠎ᠤ ᠤᠯᠤᠰ᠎ᠤᠨ ᠠᠩᠬᠠᠳᠠᠭᠴᠢ ᠮᠤᠵᠢ᠎ᠶ᠋ᠢᠨ ᠲᠡᠰ᠎ᠤᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠤᠨ — ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠮᠡᠨᠳᠦᠯᠡᠭᠰᠡᠨ᠎ᠨᠢ ᠵᠦᠪᠬᠡᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠤᠳᠤᠷᠢᠳᠤᠯᠭ᠎ᠠ ᠳᠣᠤᠷ᠎ᠠ ᠰᠠᠶᠢ ᠳᠤᠮᠳᠠᠳᠤ ᠤᠯᠤᠰ᠎ᠤᠨ ᠦᠨᠳᠦᠰᠦᠲᠡᠨ᠎ᠦ ᠠᠰᠠᠭᠤᠳᠠᠯ᠎ᠢ ᠰᠢ᠌ᠳᠪᠦᠷᠢᠯᠡᠬᠦ᠌ ᠵᠥᠪ ᠵᠠᠮ᠎ᠢ ᠡᠷᠢᠵᠦ᠍ ᠣᠯᠵᠤ ᠴᠢᠳᠠᠨ᠎ᠠ ᠭᠡᠳᠡᠭ᠎ᠢ ᠭᠦᠢᠴᠡᠳ ᠭᠡᠷᠡᠴᠢᠯᠡᠪᠡ᠃ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠪᠠᠶ᠋ᠢᠭᠤᠯᠤᠭᠳᠠᠭᠰᠠᠨ᠎ᠨᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠦᠨᠳᠦᠰᠦᠲᠡᠨ᠎ᠤ ᠣᠷᠤᠨ᠎ᠤ ᠥᠪᠡᠷᠲᠡᠭᠡᠨ ᠵᠠᠰᠠᠬᠤ ᠲᠥᠷᠦ᠎ᠶ᠋ᠢᠨ ᠪᠣᠳᠤᠯᠭ᠎ᠠ᠎ᠶ᠋ᠢ ᠦᠨᠡᠨᠬᠦ᠌ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠬᠡᠷᠡᠭᠵᠢᠭᠦᠯᠦᠭᠰᠡᠨ᠎ᠤ ᠰᠢᠨᠵᠢ ᠲᠡᠮᠳᠡᠭ ᠪᠤᠯᠵᠤ᠂ ᠳᠤᠮᠳᠠᠳᠤ ᠤᠯᠤᠰ᠎ᠤᠨ ᠦᠨᠳᠦᠰᠦᠲᠡᠨ᠎ᠤ ᠣᠷᠤᠨ᠎ᠤ ᠥᠪᠡᠷᠲᠡᠭᠡᠨ ᠵᠠᠰᠠᠬᠤ᠎ᠶ᠋ᠢ ᠬᠡᠷᠡᠭᠵᠢᠭᠦᠯᠬᠦ᠌ ᠠᠩᠬᠠᠨ᠎ᠤ ᠵᠠᠮ᠎ᠢ ᠨᠡᠭᠡᠭᠡᠵᠦ᠂ ᠤᠯᠤᠰ᠎ᠤᠨ ᠳᠣᠲᠤᠭᠠᠳᠤ᠎ᠶ᠋ᠢᠨ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ᠌ ᠠᠮᠵᠢᠯᠲᠠ᠎ᠲᠠᠢ ᠵᠢᠱ᠌ᠢᠶ᠎ᠡ ᠪᠣᠯᠤᠭᠰᠠᠨ ᠪᠠᠶ᠋ᠢᠨ᠎ᠠ᠃