ᠥᠪᠥᠷ ᠮᠣᠩᠭᠣᠯ᠎ᠤᠨ 43.59 ᠲᠦᠮᠡᠨ ᠰᠢᠯᠭᠠᠭᠤᠯᠤᠭ᠍ᠴᠢ ᠠᠩᠬ᠎ᠠ ᠳᠤᠮᠳᠠᠳᠤ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠳᠤ ᠣᠷᠣᠯᠴᠠᠵᠠᠢ
2026-06-28 09:48:03
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 25᠎ᠤ᠋ ᠦᠳᠡ᠎ᠶᠢᠨ ᠡᠮᠦᠨ᠎ᠡ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ (ᠦᠨᠳᠦᠷ ᠵᠡᠷᠬᠡ ᠵᠢᠨ ᠳᠤᠮᠳᠠᠳᠤ ᠰᠤᠷᠭᠠᠭᠤᠯᠢ᠎ᠳ᠋ᠤ ᠳᠡᠪᠰᠢᠬᠤ ᠰᠢᠯᠭᠠᠯᠳᠠ) ᠡᠬᠢᠯᠡᠪᠡ᠃ ᠰᠢᠯᠭᠠᠯᠲᠠ ᠨᠢ  6 ᠰᠠᠷ᠎ᠠ᠎ᠶᠢᠨ 28᠎ᠤ᠋ ᠡᠳᠦᠷ ᠪᠣᠯᠲᠠᠯ᠎ᠠ ᠶᠠᠪᠤᠭᠳᠠᠨ᠎ᠠ᠃

ᠣᠢᠯᠠᠭᠠᠭᠰᠠᠨ᠎ᠢᠶᠠᠷ᠂ ᠪᠥᠬᠥ ᠣᠷᠣᠨ᠎ᠤ ᠨᠡᠶ᠋ᠢᠲᠡ 43.59 ᠲᠦᠮᠡᠨ ᠰᠢᠯᠭᠠᠭᠤᠯᠤᠭ᠍ᠴᠢ ᠲᠣᠰ ᠤᠳᠠᠭᠠᠨ᠎ᠤ ᠰᠢᠯᠭᠠᠯᠲᠠ᠎ᠳᠤ ᠣᠷᠣᠯᠴᠠᠵᠤ᠂ ᠡᠭᠦᠨ᠎ᠳᠦ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠣᠶᠠᠳᠤᠭᠠᠷ ᠣᠨ᠎ᠤ ᠰᠤᠷᠤᠯᠭ᠎ᠠ ᠵᠢᠨ ᠬᠢᠷᠢ ᠲᠦᠪᠰᠢᠨ᠎ᠤ ᠰᠢᠯᠭᠠᠯᠲᠠ᠎ᠳᠤ ᠣᠷᠣᠯᠴᠠᠭᠰᠠᠳ ᠪᠠᠷᠤᠭ 23.12 ᠲᠦᠮᠡ ᠪᠠᠢᠵᠤ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠤᠷᠪᠠᠳᠤᠭᠠᠷ ᠣᠨ᠎ᠤ ᠰᠤᠷᠭᠠᠭᠤᠯᠢ ᠲᠠᠪᠰᠢᠬᠤ ᠰᠢᠯᠭᠠᠯᠲᠠ᠎ᠳᠤ ᠣᠷᠣᠯᠴᠠᠭᠰᠠᠳ ᠪᠠᠷᠤᠭ 20.47 ᠲᠦᠮᠡ ᠪᠠᠢᠨ᠎ᠠ᠃ ᠪᠥᠬᠥ ᠣᠷᠣᠨ᠎ᠤ 12 ᠠᠢᠮᠠᠭ ᠬᠣᠲᠠ᠎ᠳᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠣᠶᠠᠳᠤᠭᠠᠷ ᠣᠨ᠎ᠤ ᠰᠢᠯᠭᠠᠯᠲᠠ᠎ᠶᠢᠨ ᠴᠡᠭ ᠎ᠢ ᠨᠡᠶ᠋ᠢᠲᠡ 246᠂ ᠰᠢᠯᠭᠠᠯᠲᠠ᠎ᠶᠢᠨ ᠲᠠᠯᠠᠪᠠᠶ ᠵᠢ 7787᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠤᠷᠪᠠᠳᠤᠭᠠᠷ ᠣᠨ᠎ᠤ ᠰᠢᠯᠭᠠᠯᠲᠠ᠎ᠶᠢᠨ ᠴᠡᠭ ᠎ᠢ 236᠂ ᠰᠢᠯᠭᠠᠯᠲᠠ᠎ᠶᠢᠨ ᠲᠠᠯᠠᠪᠠᠶ ᠵᠢ 6963 ᠳᠤᠬᠢᠷᠠᠭᠤᠯᠵᠠᠢ᠃

ᠰᠢᠯᠭᠠᠯᠲᠠ᠎ᠶᠢᠨ ᠬᠤᠭᠤᠴᠠᠭᠠᠨ᠎ᠳᠤ᠂ ᠪᠥᠬᠥ ᠣᠷᠣᠨ᠎ᠤ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠷᠤᠭᠴᠢ ᠡᠯᠰᠡᠬᠦ ᠰᠢᠯᠭᠠᠯᠳᠠ ᠵᠢᠨ ᠪᠠᠢᠭᠤᠯᠤᠮᠵᠢ᠎ᠨᠤᠭᠤᠳ ᠰᠢᠯᠭᠠᠯᠲᠠ᠎ᠶᠢᠨ ᠠᠮᠤᠷ ᠲᠦᠪᠰᠢᠨ᠎ᠦ ᠠᠵᠢᠯ᠎ᠤᠨ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ ᠪᠤᠢ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠡᠴᠡ 12 ᠰᠢᠯᠭᠠᠯᠳᠠ ᠵᠢ ᠳᠤᠭᠤᠷᠢᠨ ᠪᠠᠢᠴᠠᠭᠠᠨ ᠳᠤᠭᠤᠢᠯᠠᠩ ᠲᠣᠮᠢᠯᠠᠨ ᠡᠯ᠎ᠡ ᠠᠢᠮᠠᠭ ᠬᠣᠲᠠ᠎ᠳᠤ ᠣᠴᠢᠭᠤᠯᠵᠤ ᠲᠣᠭᠣᠷᠢᠨ ᠪᠠᠢᠴᠠᠭᠠᠬᠤ ᠠᠵᠢᠯ ᠥᠷᠨᠢᠭᠦᠯᠪᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠴᠠᠬᠢᠯᠭᠠᠨ ᠬᠦᠴᠦᠨ᠂ ᠵᠠᠮ ᠬᠠᠷᠢᠯᠴᠠᠭ᠎ᠠ ᠵᠡᠷᠭᠡ ᠡᠯ᠎ᠡ ᠵᠦᠢᠯ᠎ᠦᠨ ᠪᠠᠲᠤᠯᠠᠭ᠎ᠠ᠎ᠶᠢᠨ ᠠᠵᠢᠯ᠎ᠢ ᠰᠠᠢᠲᠤᠷ ᠬᠢᠵᠦ᠂ ᠰᠢᠯᠭᠠᠯᠲᠠ ᠵᠢᠨ ᠤᠷᠤᠭᠰᠢᠲᠠᠢ ᠶᠠᠪᠤᠭᠳᠠᠬᠤ᠎ᠳᠤ ᠪᠠᠳᠤᠯᠠᠭ᠎ᠠ ᠬᠠᠨᠭᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号