ᠪᠤᠭᠤᠲᠤ ᠬᠤᠳᠠ᠎ᠶ᠋ᠢᠨ ᠵᠢᠦᠶᠤᠸᠠᠨ ᠲᠣᠭᠣᠷᠢᠭ᠎ᠤᠨ ᠱᠠ ᠾᠧ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠬᠢᠴᠢᠶᠡᠯ᠎ᠦᠨ ᠲᠠᠩᠬᠢᠮ᠎ᠳᠤ᠂ ᠬᠡᠦᠬᠡᠳ᠎ᠦᠳ ᠲᠠᠭᠤᠨ ᠨᠢᠭᠡᠲᠡᠢ᠎ᠪᠡᠷ ᠡᠷᠲᠡᠨ᠎ᠦ ᠱᠢᠯᠦᠭ ᠲᠠᠭᠤᠯᠠᠯ᠎ᠢ ᠤᠩᠰᠢᠵᠤ᠂ ᠦᠬᠡ ᠨᠢ ᠲᠤᠳᠤ ᠪᠦᠬᠡᠤᠨ ᠬᠤᠭᠤᠯᠠᠢ ᠨᠢ ᠴᠡᠬᠡᠯᠬᠡᠨ᠂ ᠠᠢᠵᠠᠮ ᠴᠤᠬᠢᠯᠭ᠎ᠠ ᠲᠠᠢ ᠴᠦ᠍ ᠪᠠᠢᠯ᠎ᠠ᠃ ᠡᠨᠡ ᠬᠦ᠌ ᠬᠠᠩᠭᠢᠨᠠᠮ᠎ᠠ ᠰᠠᠢᠬᠠᠨ ᠨᠣᠮ ᠤᠩᠰᠢᠬᠤ ᠲᠠᠭᠤᠨ ᠪᠣᠯ ᠵᠢᠦᠶᠤᠸᠠᠨ ᠲᠤᠭᠤᠷᠢᠬ ᠤ᠋ᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠬᠠᠮᠤᠭ᠎ᠤᠨ ᠠᠮᠢᠳᠤᠯᠢᠭ ᠰᠠᠢᠬᠠᠨ ᠴᠤᠤᠷᠢᠶ᠎ᠠ ᠪᠣᠯᠤᠨ᠎ᠠ᠃
ᠤᠢ᠍ᠢᠷ᠎ᠠ᠎ᠶ᠋ᠢᠨ ᠵᠢᠯ᠎ᠡᠴᠡ᠂ ᠵᠢᠦᠶᠤᠸᠠᠨ ᠲᠣᠭᠣᠷᠢᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠤᠳᠤᠷᠢᠳᠤᠮᠵᠢ᠎ᠶ᠋ᠢᠨ ᠴᠢᠨᠠᠷᠲᠠᠢ ᠢᠨᠵᠧᠨᠧᠷᠢᠩ ᠪᠣᠯᠭᠠᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠣᠷᠣᠨ ᠪᠦᠰᠡ᠎ᠳᠦ ᠳᠡᠯᠭᠡᠷᠡᠭᠦᠯᠦᠨ ᠬᠡᠷᠡᠭ᠌ᠯᠡᠵᠦ᠍᠂ ᠦᠭᠡ ᠬᠡᠯᠡ ᠨᠡᠪᠲᠡᠷᠡᠯᠴᠡᠬᠦ᠌᠎ᠪᠡᠷ ᠰᠡᠳᠭᠢᠯ ᠰᠠᠨᠠᠭ᠎ᠠ᠎ᠪᠠᠨ ᠤᠯᠤᠯᠴᠠᠬᠤ᠎ᠶ᠋ᠢ ᠠᠬᠢᠭᠤᠯᠵᠤ᠂ ᠬᠡᠦᠬᠡᠳ᠎ᠦᠳ᠎ᠢ ᠰᠣᠶᠣᠯ᠎ᠤᠨ ᠤᠯᠠᠮᠵᠢᠯᠠᠯ ᠤ᠋ᠨ ᠳᠤᠮᠳᠠ ᠬᠠᠮᠲᠤ᠎ᠪᠠᠷ ᠦᠰᠦᠨ ᠪᠣᠢᠵᠢᠭᠤᠯᠵᠤ ᠪᠤᠢ᠃
ᠣᠳᠣᠬᠠᠨ᠎ᠳᠤ᠂ ᠵᠢᠦᠶᠤᠸᠠᠨ ᠲᠣᠭᠣᠷᠢᠭ᠎ᠤᠨ ᠰᠠᠭᠤᠷᠢ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ᠎ᠨᠢ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠥᠬᠥ᠌ ᠬᠢᠴᠢᠶᠡᠯ ᠲᠥᠷᠥᠯᠳ᠋ᠤ ᠬᠡᠷᠡᠭ᠌ᠯᠡᠬᠦ᠌᠎ᠶ᠋ᠢ ᠪᠡᠶᠡᠯᠡᠭᠦᠯᠦᠭ᠌ᠰᠡᠨ ᠪᠥᠭᠡᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠬᠢᠴᠢᠶᠡᠯᠯᠡᠵᠦ᠍᠂ ᠵᠢᠷᠤᠮᠵᠢᠭ᠍ᠰᠠᠨ ᠪᠠᠷᠢᠮᠵᠢᠶ᠎ᠠ᠎ᠳᠤ ᠭᠦᠷᠦᠭ᠌ᠰᠡᠨ ᠰᠤᠷᠭᠠᠭᠤᠯᠢ᠎ᠶ᠋ᠢᠨ ᠡᠵᠡᠯᠡᠬᠦ᠌ ᠬᠠᠷᠢᠴᠠᠯ᠎ᠨᠢ 100 % ᠳ᠋ᠤ ᠬᠦᠷᠴᠡᠶ᠃ ᠪᠠᠭ᠍ᠰᠢ᠎ᠶ᠋ᠢᠨ ᠳᠤᠲᠠᠭᠤᠳᠠᠯ᠎ᠢ ᠨᠥᠬᠥᠪᠥᠷᠢᠯᠡᠬᠦ᠌᠎ᠶ᠋ᠢᠨ ᠲᠥᠯᠥᠭᠡ᠂ ᠵᠢᠦᠶᠤᠸᠠᠨ ᠲᠣᠭᠣᠷᠢᠭ 3 ᠰᠤᠷᠭᠠᠭᠤᠯᠢ᠎ᠶ᠋ᠢᠨ ᠲᠠᠰ᠎ᠤᠨ ᠺᠠᠳ᠋ᠷ᠂ 8 ᠬᠡᠯᠡ ᠪᠢᠴᠢᠭ ᠲᠣᠭ᠎ᠠ ᠪᠤᠳᠤᠯᠭ᠎ᠠ ᠵᠢᠨ ᠱᠢᠨᠵᠢᠯᠡᠭᠡᠨ᠎ᠦ ᠱᠢᠯᠢᠳᠡᠭ ᠪᠠᠭ᠍ᠰᠢ᠎ᠶ᠋ᠢ ᠣᠨᠣᠪᠴᠢᠲᠠᠶ ᠲᠣᠬᠢᠷᠠᠭᠤᠯᠬᠤ᠎ᠶ᠋ᠢᠨ ᠬᠠᠮᠲᠤ᠂ ᠪᠦᠯᠦᠭ᠌ᠯᠡᠯ ᠮᠠᠶᠢᠭ᠎ᠢᠶᠠᠷ ᠰᠤᠷᠭᠠᠭᠤᠯᠢ ᠡᠷᠭᠢᠯᠡᠬᠦ᠌ ᠪᠠ ᠣᠯᠠᠨ ᠱᠢᠨᠵᠢᠯᠡᠭᠡᠨ᠎ᠦ ᠰᠠᠯᠠᠭ᠎ᠠ ᠬᠣᠯᠪᠣᠭᠠᠯᠠᠵᠤ ᠬᠠᠮᠲᠤ᠎ᠪᠠᠷ ᠪᠠᠢᠭᠤᠯᠬᠤ᠎ᠶ᠋ᠢ ᠪᠠᠢᠩᠭᠤᠵᠢᠭᠤᠯᠤᠨ ᠠᠬᠢᠭᠤᠯᠵᠤ ᠂ ᠰᠤᠷᠭᠠᠭᠤᠯᠢ᠎ᠶ᠋ᠢᠨ ᠬᠣᠭᠣᠷᠣᠨᠳᠣᠬᠢ ᠪᠠᠭ᠍ᠰᠢ ᠰᠤᠷᠤᠭ᠍ᠴᠢᠳ᠎ᠤᠨ ᠬᠠᠷᠢᠯᠴᠠᠨ ᠬᠠᠪᠰᠤᠷᠤᠯᠴᠠᠬᠤ᠎ᠶ᠋ᠢ ᠠᠬᠢᠭᠤᠯᠪᠠ᠃ ᠲᠤᠬᠠᠶ᠎ᠶ᠋ᠢᠨ ᠭᠠᠵᠠᠷ᠎ᠤᠨ᠎ᠬᠢᠨ ᠨᠢᠭᠡᠨᠲᠡ 17 ᠲᠥᠷᠥᠯ ᠵᠦᠶ᠋ᠯ᠎ᠦᠨ ᠰᠤᠷᠭᠠᠭᠤᠯᠢ᠎ᠶ᠋ᠢᠨ ᠪᠠᠭ᠍ᠰᠢ ᠰᠣᠷᠣᠭ᠍ᠴᠢ᠎ᠶ᠋ᠢᠨ ᠨᠡᠢᠲᠡᠯᠢᠭ ᠬᠡᠯᠡᠨ᠎ᠦ ᠬᠡᠷᠡᠭ᠌ᠯᠡᠭᠡᠨ᠎ᠦ ᠴᠢᠳᠠᠪᠤᠷᠢ᠎ᠶ᠋ᠢᠨ ᠲᠦᠪᠱᠢᠨ᠎ᠦ ᠬᠢᠨᠠᠨ ᠬᠡᠮᠵᠢᠯᠲᠡ᠎ᠶ᠋ᠢ ᠪᠡᠶᠡᠯᠡᠭᠦᠯᠵᠦ᠍ ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠲᠣᠭ᠍ᠲᠠᠭᠤᠨ᠎ᠢᠶᠠᠷ ᠳᠡᠭᠡᠭ᠌ᠰᠢᠯᠡᠬᠦᠯᠪᠡ᠃
ᠵᠢᠦᠶᠤᠸᠠᠨ ᠲᠣᠭᠣᠷᠢᠭ ᠦᠭᠡ ᠬᠡᠯᠡ ᠦᠰᠦᠭ ᠪᠢᠴᠢᠭ᠎ᠦᠨ ᠠᠵᠢᠯ᠎ᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠲᠠᠢ ᠭᠦᠨᠵᠡᠭᠡᠢ ᠠᠭᠤᠰᠤᠯᠴᠠᠭᠤᠯᠵᠤ᠂ 《ᠪᠢᠴᠢᠭ᠎ᠦᠨ ᠰᠤᠷᠪᠤᠯᠵᠢᠲᠤ ᠵᠢᠦᠶᠤᠸᠠᠨ᠂ ᠤᠩᠱᠢᠯᠭ᠎ᠠ᠎ᠪᠠᠷ ᠬᠥᠭ᠌ᠵᠢᠯᠲᠡ᠎ᠶ᠋ᠢ ᠠᠬᠢᠭᠤᠯᠬᠤ》 ᠪᠠᠷ ᠭᠣᠣᠯ ᠰᠡᠳᠦᠪ ᠪᠣᠯᠭᠠᠵᠤ᠂ ᠪᠦᠬᠦ᠌ ᠠᠷᠠᠳ᠎ᠤᠨ ᠨᠣᠮ ᠤᠩᠱᠢᠵᠤ ᠳᠡᠯᠭᠡᠷᠡᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠣᠷᠣᠯᠴᠠᠭ᠍ᠰᠠᠨ ᠬᠥᠮᠦᠨ᠎ᠦ ᠲᠣᠭ᠎ᠠ 3 ᠲᠦᠮᠡ ᠭᠠᠷᠤᠢ ᠬᠥᠮᠦᠨ ᠤᠳᠠᠭ᠎ᠠ᠎ᠳᠤ ᠬᠦᠷᠴᠦ᠍᠂ 10 ᠬᠤᠲᠠ᠎ᠶ᠋ᠢᠨ ᠳᠡᠰ᠎ᠤᠨ ᠨᠣᠮ ᠤᠩᠱᠢᠵᠤ ᠳᠡᠭᠡᠭ᠌ᠰᠢᠯᠡᠭᠦᠯᠬᠦ᠌ ᠢᠨᠵᠧᠨᠧᠷᠢᠩ᠎ᠦᠨ ᠲᠤᠷᠱᠢᠯᠲᠠ᠎ᠶ᠋ᠢᠨ ᠴᠡᠭ᠎ᠦᠨ ᠰᠤᠷᠭᠠᠭᠤᠯᠢ ᠪᠠ 2 ᠲᠣᠭᠣᠷᠢᠭ᠎ᠤᠨ ᠳᠡᠰ᠎ᠤᠨ ᠲᠠᠯ᠎ᠠ ᠨᠤᠲᠤᠭ᠎ᠤᠨ ᠨᠣᠮ᠎ᠤᠨ ᠦᠷᠦᠭᠡ᠎ᠶ᠋ᠢ ᠪᠠᠢᠭᠤᠯᠪᠠ᠃ ᠵᠢᠯ ᠪᠦᠷᠢ ᠨᠢᠭᠡ ᠤᠳᠠᠭ᠎ᠠ ᠶᠠᠪᠤᠭ᠍ᠳᠠᠬᠤ ᠰᠣᠨᠣᠰᠴᠤ᠌ ᠪᠢᠴᠢᠬᠦ᠌ ᠤᠷᠤᠯᠳᠤᠭᠠᠨ ᠬᠢᠬᠡᠳ ᠰᠣᠩᠭᠣᠳᠠᠭ ᠵᠣᠬᠢᠶᠠᠯ᠎ᠢ ᠤᠩᠱᠢᠵᠤ ᠪᠢᠴᠢᠬᠦ᠌ ᠤᠷᠤᠯᠳᠤᠭᠠᠨ ᠨᠢ ᠬᠡᠦᠬᠡᠳ᠎ᠦᠳ᠎ᠢ ᠨᠢᠬᠡ ᠵᠢᠷᠤᠯᠭ᠎ᠠ ᠨᠢᠬᠡ ᠪᠢᠴᠢᠯᠬᠡ ᠵᠢᠨ ᠲᠤᠮᠳᠠ ᠦᠰᠦᠭ ᠪᠢᠴᠢᠭ᠎ᠦᠨ ᠭᠤᠤ᠎ᠠ ᠰᠠᠢᠬᠠᠨ᠎ᠢ ᠠᠮᠳᠠᠷᠬᠠᠨ ᠰᠤᠨᠢᠷᠬᠠᠭᠤᠯᠵᠠᠢ᠃ ᠵᠢᠦᠶᠤᠸᠠᠨ ᠲᠣᠭᠣᠷᠢᠭ ᠪᠠᠰᠠ 《ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ + ᠨᠡᠢᠭᠡᠮ᠎ᠦᠨ ᠦᠶ᠋ᠯᠡᠳᠦᠯᠭᠡ + ᠭᠤᠤᠯ ᠰᠡᠳᠦᠪᠲᠦ ᠬᠥᠮᠦᠵᠢᠯ》 ᠤ᠋ᠨ ᠭᠤᠷᠪᠠ ᠵᠢ ᠨᠢᠭᠡ ᠴᠤᠬᠴᠠᠵᠢᠭᠤᠯᠤᠬᠰᠠᠨ ᠲᠠᠪᠴᠠᠩ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠦᠨ 《ᠶᠢᠰᠦᠨ ᠨᠢᠭᠡ》 ᠪᠠ 《ᠨᠢᠭᠡ ᠭᠠᠷᠠᠭ ᠬᠣᠶᠠᠷ ᠰᠠᠷ᠎ᠠ》 ᠶ᠋ᠢᠨ ᠠᠵᠢᠯᠯᠠᠭ᠎ᠠ᠎ᠶ᠋ᠢ 63 ᠲᠠᠯᠠᠪᠤᠷ ᠤᠳᠠᠭ᠎ᠠ ᠥᠷᠨᠢᠭᠦᠯᠵᠦ᠍᠂ ᠬᠡᠦᠬᠡᠳ᠎ᠦᠨ ᠴᠡᠴᠡᠷᠯᠢᠭ᠎ᠲᠦ 《ᠶᠣᠰᠣ ᠰᠤᠷᠲᠠᠬᠤᠨ᠎ᠢᠶᠠᠷ ᠬᠦᠮᠦᠨ᠎ᠢ ᠬᠦᠮᠦᠵᠢᠬᠦᠯᠬᠦ》 ᠬᠢᠴᠢᠶᠡᠯ᠎ᠦᠨ ᠲᠠᠩᠬᠢᠮ ᠨᠡᠭᠡᠭᠡᠵᠦ᠍᠂ 《ᠬᠡᠦᠬᠡᠳ᠎ᠦᠨ ᠬᠡᠯᠡ᠎ᠶ᠋ᠢ ᠢᠵᠢᠯ ᠳᠠᠭᠤᠳᠠᠯᠭ᠎ᠠ᠎ᠲᠠᠶ ᠪᠠᠢᠯᠭᠠᠬᠤ》 ᠰᠤᠷᠭᠠᠭᠤᠯᠢ ᠵᠢᠨ ᠨᠠᠰᠤᠨᠡᠴᠨ ᠡᠮᠦᠨᠡᠬᠢ ᠨᠡᠢᠲᠡᠯᠢᠭ ᠬᠡᠯᠡᠨ᠎ᠦ ᠬᠢᠨᠠᠨ ᠬᠡᠮᠵᠢᠯᠲᠡ᠎ᠶ᠋ᠢ ᠪᠡᠶᠡᠯᠡᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠦᠬᠡᠳ᠎ᠦᠨ ᠰᠡᠳᠭᠢᠯ᠎ᠳᠦ ᠬᠠᠳᠠᠩᠱᠢᠭᠤᠯᠪᠠ᠃
ᠦᠬᠡ ᠬᠡᠯᠡ ᠨᠡᠪᠳᠡᠷᠡᠪᠡᠯ ᠰᠡᠳᠬᠢᠯ ᠰᠠᠨᠠᠭ᠎ᠠ ᠨᠡᠪᠳᠡᠷᠡᠳᠡᠭ᠃ ᠵᠢᠦᠶᠤᠸᠠᠨ ᠲᠣᠭᠣᠷᠢᠭ 《ᠶᠡᠬᠡ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ》 ᠤ᠋ᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ ᠲᠦᠭᠡᠮᠡᠯᠵᠢᠭᠦᠯᠬᠦ᠌ ᠠᠵᠢᠯ᠎ᠢ ᠰᠤᠳᠤᠯᠤᠨ ᠰᠤᠷᠤᠯᠴᠠᠬᠤ ᠦᠶ᠋ᠯᠡᠳᠦᠯᠭᠡ᠎ᠳᠦ ᠠᠭᠤᠰᠬᠠᠨ ᠤᠷᠤᠭᠤᠯᠪᠠ᠃ 《ᠠᠨᠠᠷ ᠤ᠋ᠨ ᠤᠯᠠᠭᠠᠨ᠂ ᠰᠠᠨᠰᠠᠷ᠎ᠤᠨ ᠠᠶᠠᠯᠠᠯ᠎ᠤᠨ ᠬᠦᠬᠡ᠂ ᠦᠪᠦᠷ ᠮᠤᠩᠭᠤᠯ ᠤ᠋ᠨ ᠨᠣᠭᠣᠭᠠᠨ》 ᠭᠡᠬᠦ᠌ ᠭᠣᠣᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠭᠣᠣᠯ ᠰᠡᠳᠦᠪᠲᠦ ᠰᠤᠳᠤᠯᠤᠨ ᠰᠤᠷᠤᠯᠴᠠᠯᠭ᠎ᠠ ᠵᠢ 2000 ᠭᠠᠷᠤᠢ ᠬᠥᠮᠦᠨ ᠤᠳᠠᠭ᠎ᠠ ᠵᠣᠬᠢᠶᠠᠨ ᠪᠠᠢᠭᠤᠯᠵᠤ ᠥᠷᠨᠢᠭᠦᠯᠪᠡ᠃ ᠭᠠᠷᠠᠭ ᠪᠦᠷᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ ᠬᠢᠭᠡᠳ 《ᠠᠩᠭᠢ ᠪᠦᠷᠢ ᠳ᠋ᠸ᠋ ᠨᠢᠭᠡ ᠨᠠᠢᠷᠠᠯ ᠳᠠᠭᠤᠤ᠎ᠶ᠋ᠢᠨ ᠪᠦᠯᠬᠦᠮ ᠲᠠᠢ᠂ ᠭᠠᠷᠠᠭ ᠪᠦᠷᠢ ᠨᠢᠭᠡ ᠤᠳᠠᠭ᠎ᠠ ᠵᠢᠨ ᠨᠠᠢᠷᠠᠯ ᠳᠠᠭᠤᠤ᠎ᠶ᠋ᠢᠨ ᠠᠵᠢᠯᠯᠠᠭ᠎ᠠ ᠦᠷᠨᠢᠬᠦᠯᠬᠦ》 ᠣᠷᠳᠣ ᠬᠤᠭᠤᠴᠠᠭᠠᠨ᠎ᠤ ᠪᠦᠲᠦᠮᠵᠢᠲᠡᠶ ᠵᠤᠯᠭᠠᠭᠤᠯᠭ᠎ᠠ ᠨᠢ ᠭᠤᠤ᠎ᠠ ᠰᠠᠢᠬᠠᠨ᠎ᠤ ᠬᠥᠮᠦᠵᠢᠯ᠎ᠦᠨ ᠠᠭᠤᠯᠤᠭ᠍ᠳᠠᠬᠤᠨ᠎ᠢ ᠤᠷᠳᠤᠳᠬᠠᠵᠠᠢ᠃ 《ᠪᠡᠭᠡᠵᠢᠩ ᠥᠪᠥᠷ ᠮᠣᠩᠭᠣᠯ ᠭᠠᠷ ᠭᠠᠷ᠎ᠢᠶᠠᠨ ᠬᠣᠯᠪᠤᠬᠤ· ᠠᠨᠠᠷ᠎ᠤᠨ ᠦᠷ᠎ᠡ ᠨᠢᠭᠡ ᠬᠡᠷ᠎ᠦᠨ ᠬᠥᠮᠦᠨ ᠮᠡᠲᠦ ᠳᠣᠲᠣᠨᠣ ᠪᠠᠢᠬᠤ》 ᠮᠤᠵᠢ ᠠᠯᠤᠰᠯᠠᠭ᠍ᠰᠠᠨ ᠵᠠᠯᠠᠭᠤᠴᠤᠳ ᠪᠠᠭᠠᠴᠤᠳ᠎ᠤᠨ ᠪᠤᠳᠤᠯ ᠰᠠᠨᠠᠯ ᠵᠢᠡᠨ ᠰᠤᠯᠢᠯᠴᠠᠬᠤ ᠠᠵᠢᠯᠯᠠᠭ᠎ᠠ᠂ ᠪᠥᠬᠥ᠌ ᠤᠯᠤᠰ᠎ᠤᠨ ᠳᠤᠮᠳᠠ ᠠᠩᠭᠢ᠎ᠶ᠋ᠢᠨ ᠬᠠᠮᠲᠤ᠎ᠪᠠᠷ ᠪᠥᠲᠥᠭᠡᠨ ᠪᠠᠢᠭᠤᠯᠬᠤ ᠲᠥᠷᠥᠯ ᠵᠦᠶ᠋ᠯ ᠵᠡᠷᠭᠡ ᠲᠠᠪᠴᠠᠩ᠎ᠢᠶᠠᠷ ᠲᠠᠮᠵᠢᠨ᠂ ᠣᠷᠣᠨ ᠪᠦᠰᠡ᠎ᠶ᠋ᠢᠨ ᠵᠠᠭᠠᠭ ᠬᠢᠵᠠᠭᠠᠷ᠎ᠢ ᠡᠪᠳᠡᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠥᠷᠭᠡᠨ᠎ᠢᠶᠡᠷ ᠶᠠᠪᠤᠯᠴᠠᠬᠤ᠂ ᠭᠦᠨᠵᠡᠭᠡᠶ ᠠᠭᠤᠰᠤᠯᠴᠠᠬᠤ᠎ᠶ᠋ᠢ ᠠᠬᠢᠭᠤᠯᠵᠤ ᠪᠠᠢᠨ᠎ᠠ᠃