ᠰᠢᠨ᠎ᠡ ᠵᠠᠭᠤᠨ ᠡᠴᠡ ᠨᠠᠭᠠᠰᠢᠬᠢ ᠬᠠᠮᠤᠭ ᠤ᠋ᠨ ᠥᠨᠳᠥᠷ ᠲᠦᠪᠰᠢᠨ ᠳ᠋ᠤ ᠬᠦᠷᠴᠠᠢ
6 ᠰᠠᠷ᠎ᠠ ᠪᠣᠯ ᠲᠠᠯ᠎ᠠ ᠨᠤᠲᠤᠭ ᠤ᠋ᠨ ᠬᠠᠤᠯᠢ ᠴᠠᠭᠠᠵᠠ ᠵᠢᠨ ᠮᠡᠳᠡᠯᠭᠡ ᠶ᠋ᠢ ᠲᠦᠭᠡᠮᠡᠯᠵᠢᠭᠦᠯᠬᠦ ᠤᠬᠠᠭᠤᠯᠭ᠎ᠠ ᠵᠢᠨ ᠰᠠᠷ᠎ᠠ ᠪᠣᠯᠣᠨ᠎ᠠ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠮᠡᠳᠡᠭᠡ ᠶ᠋ᠢ ᠦᠨᠳᠦᠰᠦᠯᠡᠪᠡᠯ᠄ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠵᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠵᠡᠷᠭᠡ ᠴᠢᠬᠤᠯᠠ ᠶᠡᠬᠡ ᠡᠭᠦᠷᠭᠡ ᠪᠡᠷ ᠶᠡᠷᠦᠩᠬᠡᠢᠯᠡᠨ ᠵᠢᠯᠣᠭᠣᠳᠤᠭᠤᠯᠵᠤ ᠪᠣᠭᠣᠮᠲᠠ ᠰᠢᠪᠲᠤᠯᠬᠤ ᠳᠠᠢᠯᠠᠯᠳᠤᠭᠠᠨ ᠬᠢᠵᠦ᠂ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠰᠢᠢᠳᠪᠦᠷᠢᠯᠡᠬᠦ ᠶ᠋ᠢ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠶ᠋ᠢ ᠪᠡᠬᠢᠵᠢᠭᠦᠯᠬᠦ ᠭᠣᠣᠯ ᠠᠷᠭ᠎ᠠ ᠬᠡᠮᠵᠢᠶ᠎ᠡ ᠪᠤᠯᠭᠠᠨ᠂ ᠠᠮᠢ ᠠᠬᠤᠢ ᠵᠢᠨ ᠵᠠᠰᠠᠨ ᠰᠡᠷᠭᠦᠭᠡᠯᠲᠡ ᠪᠡᠷ ᠳᠠᠮᠵᠢᠨ᠂ ᠨᠠᠷᠢᠯᠢᠭ᠋ ᠣᠨᠣᠪᠴᠢᠲᠠᠶ ᠬᠠᠮᠢᠶᠠᠷᠴᠤ ᠬᠠᠮᠠᠭᠠᠯᠠᠬᠤ᠂ ᠥᠭᠡᠷᠡᠴᠢᠯᠡᠯᠲᠡ ᠪᠡᠷ ᠰᠢᠨ᠎ᠠ ᠪᠠᠢᠳᠠᠯᠢ ᠡᠭᠦᠳᠴᠦ᠂ ᠠᠵᠤ ᠦᠢᠯᠡᠰ ᠤ᠋ᠨ ᠬᠡᠯᠪᠡᠷᠢ ᠶ᠋ᠢ ᠬᠤᠪᠢᠷᠠᠭᠤᠯᠬᠤ ᠣᠯᠠᠨ ᠠᠷᠭ᠎ᠠ ᠵᠠᠮ ᠵᠢᠡᠷ ᠳᠠᠮᠵᠢᠨ᠂ ᠨᠤᠲᠤᠭ ᠪᠡᠯᠴᠢᠭᠡᠷ ᠤ᠋ᠨ ᠠᠮᠢ ᠠᠬᠤᠢ ᠦᠷᠭᠦᠯᠵᠢᠯᠡᠨ ᠰᠠᠢᠵᠢᠷᠠᠵᠤ᠂ ᠦᠢᠯᠡᠳᠪᠦᠷᠢᠯᠡᠯ ᠠᠮᠢᠳᠤᠷᠠᠯ ᠬᠠᠮᠵᠢᠯᠴᠠᠨ ᠬᠥᠭᠵᠢᠬᠦ ᠰᠠᠢᠨ ᠣᠷᠴᠢᠯ ᠢ᠋ ᠪᠤᠢ ᠪᠤᠯᠭᠠᠵᠤ᠂ ᠪᠥᠬᠥ ᠣᠷᠣᠨ ᠤ᠋ ᠨᠤᠲᠤᠭ ᠪᠡᠯᠴᠢᠭᠡᠷ ᠤ᠋ᠨ ᠶᠡᠷᠦᠩᠬᠡᠢᠯᠡᠭᠰᠡᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ ᠲᠣᠭᠲᠠᠭᠤᠨ ᠵᠢᠡᠷ ᠳᠡᠭᠡᠭᠰᠢᠯᠡᠭᠡᠳ 46.48% ᠪᠤᠯᠵᠦ᠂ ᠰᠢᠨ᠎ᠡ ᠵᠠᠭᠤᠨ ᠡᠴᠡ ᠨᠠᠭᠠᠰᠢᠬᠢ ᠬᠠᠮᠤᠭ ᠤ᠋ᠨ ᠥᠨᠳᠥᠷ ᠲᠦᠪᠰᠢᠨ ᠳ᠋ᠤ ᠬᠦᠷᠴᠠᠢ᠃
ᠲᠠᠨᠢᠯᠴᠠᠭᠤᠯᠤᠭᠰᠠᠨ ᠵᠢᠡᠷ᠂ ᠥᠪᠥᠷ ᠮᠣᠩᠭᠣᠯ ᠬᠠᠤᠯᠢ᠎ᠪᠠᠷ ᠵᠠᠰᠠᠬᠤ ᠪᠡᠷ ᠰᠠᠭᠤᠷᠢ ᠪᠣᠯᠭᠠᠨ ᠨᠤᠲᠤᠭ ᠪᠡᠯᠴᠢᠭᠡᠷ ᠤ᠋ᠨ ᠬᠠᠮᠠᠭᠠᠯᠠᠯᠲᠠ ᠵᠢᠨ ᠳᠦᠷᠢᠮ ᠤ᠋ᠨ ᠰᠢᠰᠲᠧᠮ ᠢ᠋ ᠲᠡᠭᠦᠯᠳᠡᠷᠵᠢᠭᠦᠯᠵᠦ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠯ ᠪᠡᠯᠴᠢᠭᠡᠷ ᠢ᠋ ᠲᠡᠩᠴᠡᠭᠦᠷᠢᠲᠡᠢ ᠪᠠᠢᠯᠭᠠᠬᠤ ᠪᠠ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠳᠦᠷᠢᠮ》 ᠢ᠋ ᠨᠡᠢᠲᠡᠯᠡᠨ ᠬᠡᠷᠡᠭᠵᠢᠭᠦᠯᠵᠦ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠤᠲᠤᠭ ᠪᠡᠯᠴᠢᠭᠡᠷ ᠤ᠋ᠨ ᠬᠠᠮᠢᠶᠠᠷᠤᠯᠲᠠ ᠵᠢᠨ ᠳᠦᠷᠢᠮ》᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠨᠳᠦᠰᠦᠨ ᠨᠤᠲᠤᠭ ᠪᠡᠯᠴᠢᠭᠡᠷ ᠤ᠋ᠨ ᠬᠠᠮᠠᠭᠠᠯᠠᠯᠲᠠ ᠵᠢᠨ ᠳᠦᠷᠢᠮ》 ᠵᠡᠷᠭᠡ ᠣᠷᠣᠨ ᠨᠤᠲᠤᠭ ᠤ᠋ᠨ ᠴᠢᠨᠠᠷᠲᠠᠢ ᠬᠠᠤᠯᠢ ᠲᠣᠭᠲᠠᠭᠠᠯ ᠳ᠋ᠤ ᠵᠠᠰᠠᠪᠤᠷᠢ ᠣᠷᠣᠭᠤᠯᠬᠤ ᠠᠵᠢᠯ ᠢ᠋ ᠡᠬᠢᠯᠡᠭᠦᠯᠤᠨ᠂ 《ᠨᠢᠭᠡ ᠬᠠᠤᠯᠢ ᠭᠤᠷᠪᠠᠨ ᠵᠢᠱ᠌ᠢᠶ᠎ᠡ ᠬᠣᠶᠠᠷ ᠳᠦᠷᠢᠮ》 ᠤ᠋ᠨ ᠨᠤᠲᠤᠭ ᠪᠡᠯᠴᠢᠭᠡᠷ ᠤ᠋ᠨ ᠬᠠᠤᠯᠢ ᠴᠠᠭᠠᠵᠠ ᠵᠢᠨ ᠰᠢᠰᠲᠧᠮ ᠢ᠋ ᠪᠡᠬᠢᠵᠢᠭᠦᠯᠪᠡ; ᠨᠤᠲᠤᠭ ᠪᠡᠯᠴᠢᠭᠡᠷ ᠢ᠋ ᠬᠠᠮᠠᠭᠠᠯᠠᠨ ᠰᠡᠷᠭᠦᠭᠡᠬᠦ᠂ ᠡᠬᠢ ᠪᠠᠶᠠᠯᠢᠭ᠋ ᠢ᠋ ᠨᠡᠭᠡᠭᠡᠨ ᠠᠰᠢᠭ᠍ᠯᠠᠬᠤ ᠵᠡᠷᠭᠡ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠵᠢᠨ ᠲᠣᠭᠣᠷᠢᠨ ᠳ᠋ᠤ᠂ ᠠᠯᠢ ᠣᠯᠠᠨ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠢᠴᠢᠭ ᠮᠠᠲᠧᠷᠢᠶᠠᠯ ᠢ᠋ ᠨᠡᠢᠲᠡᠯᠡᠨ ᠬᠡᠷᠡᠭᠵᠢᠭᠦᠯᠵᠦ᠂ ᠣᠯᠠᠨ ᠱᠠᠲᠤ ᠳᠠᠪᠬᠤᠷᠭ᠎ᠠ ᠵᠢᠨ ᠳᠦᠷᠢᠮ ᠤ᠋ᠨ ᠰᠢᠰᠲᠧᠮ ᠢ᠋ ᠪᠦᠷᠢᠯᠳᠦᠭᠦᠯᠪᠡ᠃ ᠡᠭᠦᠨ ᠤ᠋ ᠬᠠᠮᠲᠤ᠂ ᠣᠶ ᠰᠢᠭᠤᠢ ᠪᠠ ᠨᠤᠲᠤᠭ ᠪᠡᠯᠴᠢᠭᠡᠷ ᠢ᠋ ᠡᠪᠳᠡᠨ ᠰᠦᠢᠳᠭᠡᠬᠦ ᠠᠵᠢᠯᠯᠠᠭᠠᠳᠦ ᠴᠣᠬᠢᠯᠲᠠ ᠥᠭᠬᠦ ᠲᠤᠰᠬᠠᠢ ᠠᠵᠢᠯᠯᠠᠭ᠎ᠠ ᠶ᠋ᠢ ᠪᠠᠢᠩᠭᠤ ᠥᠷᠨᠢᠭᠦᠯᠵᠦ᠂ ᠬᠠᠤᠯᠢ ᠪᠤᠰᠤᠪᠠᠷ ᠬᠠᠭᠠᠯᠪᠤᠷᠢᠯᠠᠬᠤ᠂ ᠲᠣᠭᠲᠠᠭᠠᠯ ᠡᠴᠡ ᠵᠥᠷᠢᠴᠡᠨ ᠨᠤᠲᠤᠭ ᠪᠡᠯᠴᠢᠭᠡᠷ ᠢ᠋ ᠡᠵᠡᠯᠡᠨ ᠬᠡᠷᠡᠭᠯᠡᠬᠦ ᠵᠡᠷᠭᠡ ᠦᠶ᠋ᠯᠡ ᠠᠵᠢᠯᠯᠠᠭ᠎ᠠ ᠳ᠋ᠤ ᠣᠭᠲᠣ᠌ ᠠᠭᠤᠴᠢᠯᠠᠬᠤ ᠦᠭᠡᠢ ᠪᠠᠢᠬᠤ ᠤᠪᠤᠷ ᠵᠢᠡᠷ ᠬᠠᠨᠳᠤᠪᠠ᠃
ᠨᠤᠲᠤᠭ ᠪᠡᠯᠴᠢᠭᠡᠷ ᠤ᠋ᠨ ᠲᠠᠴᠢᠷᠳᠠᠯ ᠡᠯᠡᠰᠦᠷᠬᠡᠭᠵᠢᠯ ᠢ᠋ ᠵᠠᠰᠠᠬᠤ ᠵᠠᠩᠭᠢᠯᠠᠭ᠎ᠠ ᠵᠢᠨ ᠭᠣᠭᠴᠣᠭ᠎ᠠ ᠳ᠋ᠤ ᠠᠩᠬᠠᠷᠤᠯ ᠵᠢᠡᠨ ᠲᠥᠪᠯᠡᠷᠡᠭᠦᠯᠵᠦ᠂ ᠥᠪᠥᠷ ᠮᠣᠩᠭᠣᠯ ᠠᠮᠢ ᠠᠬᠤᠢ ᠶ᠋ᠢ ᠵᠠᠰᠠᠨ ᠰᠡᠷᠭᠦᠭᠡᠬᠦ ᠪᠡᠷ ᠭᠣᠣᠯ ᠪᠣᠯᠭᠠᠵᠤ᠂ ᠵᠣᠷᠢᠭᠤᠳᠠ ᠭᠠᠷ ᠲᠦᠷᠦᠭᠦ ᠪᠡᠷ ᠬᠠᠪᠰᠤᠷᠤᠮᠵᠢ ᠪᠣᠯᠭᠠᠬᠤ ᠰᠡᠳᠬᠢᠴᠡ ᠶ᠋ᠢ ᠪᠠᠷᠢᠮᠲᠠᠯᠠᠨ᠂ ᠵᠢᠯ ᠪᠦᠷᠢ 3.8 ᠳ᠋ᠦᠩᠰᠢᠭᠤᠷ ᠮᠦ᠍ ᠨᠤᠲᠤᠭ ᠪᠡᠯᠴᠢᠭᠡᠷ ᠲᠤ᠌ᠪᠡᠯᠴᠢᠭᠡᠷᠯᠡᠭᠦᠯᠬᠦ ᠶ᠋ᠢ ᠴᠠᠭᠠᠵᠠᠯᠠᠬᠤ ᠶ᠋ᠢ ᠨᠠᠢᠳᠠᠪᠤᠷᠢᠵᠢᠭᠤᠯᠵᠤ᠂ 5.9 ᠳ᠋ᠦᠩᠰᠢᠭᠤᠷ ᠮᠦ᠍ ᠨᠤᠲᠤᠭ ᠪᠡᠯᠴᠢᠭᠡᠷ ᠲᠤ᠌ᠮᠠᠯ ᠪᠡᠯᠴᠢᠭᠡᠷ ᠤ᠋ᠨ ᠲᠡᠩᠴᠡᠭᠦᠷᠢ ᠶ᠋ᠢ ᠪᠠᠲᠤᠯᠠᠪᠠ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭ᠎ᠠ᠂ ᠲᠠᠴᠢᠷᠳᠠᠭᠰᠠᠨ ᠨᠤᠲᠤᠭ ᠪᠡᠯᠴᠢᠭᠡᠷ ᠤ᠋ᠨ ᠠᠮᠢ ᠠᠬᠤᠢ ᠶ᠋ᠢ ᠵᠠᠰᠠᠨ ᠰᠡᠷᠭᠦᠭᠡᠬᠦ᠂ ᠭᠣᠣᠯᠳᠠᠯᠭᠠᠲᠠᠢ ᠣᠷᠣᠨ ᠪᠦᠰᠡ ᠵᠢᠨ ᠠᠮᠢ ᠠᠬᠤᠢ ᠶ᠋ᠢ ᠵᠠᠰᠠᠨ ᠰᠡᠷᠭᠦᠭᠡᠬᠦ ᠵᠡᠷᠭᠡ ᠭᠣᠣᠯᠳᠠᠯᠭᠠᠲᠠᠢ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢᠨ ᠢᠨᠵᠧᠨᠧᠷᠢᠩᠳᠦ ᠲᠦᠰᠢᠭᠯᠡᠨ᠂ ᠳᠤᠮᠳᠠ ᠵᠡᠷᠭᠡ ᠪᠠ ᠬᠦᠨᠳᠦ ᠨᠤᠴᠢᠲᠠᠢ ᠲᠠᠴᠢᠷᠳᠠᠭᠰᠠᠨ ᠨᠤᠲᠤᠭ ᠪᠡᠯᠴᠢᠭᠡᠷ ᠲᠤ᠌ ᠴᠢᠭᠯᠡᠭᠦᠯᠦᠨ᠂ ᠡᠪᠡᠰᠦ ᠳᠠᠷᠢᠬᠤ᠂ ᠨᠤᠲᠤᠭ ᠪᠡᠯᠴᠢᠭᠡᠷ ᠢ᠋ ᠰᠠᠢᠵᠢᠷᠠᠭᠤᠯᠬᠤ᠂ ᠪᠢᠲᠡᠭᠦᠮᠵᠢᠯᠡᠨ ᠪᠣᠢᠵᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠨᠡᠶ᠋ᠢᠲᠡ 100 ᠳ᠋ᠦᠩᠰᠢᠭᠤᠷ ᠲᠥᠭᠥᠷᠢᠭ ᠤ᠋ᠨ ᠨᠤᠲᠤᠭ ᠪᠡᠯᠴᠢᠭᠡᠷ ᠤ᠋ᠨ ᠠᠮᠢ ᠠᠬᠤᠢ ᠶ᠋ᠢ ᠵᠠᠰᠠᠨ ᠰᠡᠷᠭᠦᠭᠡᠬᠦ ᠪᠡᠯᠡ ᠮᠥᠩᠭᠥ ᠣᠷᠣᠭᠤᠯᠤᠨ᠂ 1.1 ᠳ᠋ᠦᠩᠰᠢᠭᠤᠷ ᠮᠦ᠍ ᠡᠪᠡᠰᠦ ᠳᠠᠷᠢᠵᠤ ᠰᠠᠢᠵᠢᠷᠠᠭᠤᠯᠬᠤ ᠡᠭᠦᠷᠭᠡ ᠶ᠋ᠢ ᠪᠡᠶᠡᠯᠡᠭᠦᠯᠵᠤ᠂ ᠲᠠᠴᠢᠷᠳᠠᠭᠰᠠᠨ ᠨᠤᠲᠤᠭ ᠪᠡᠯᠴᠢᠭᠡᠷ ᠢ᠋ ᠵᠠᠰᠠᠨ ᠰᠡᠷᠭᠦᠭᠡᠵᠤ ᠢᠯᠡᠳᠲᠡ ᠦᠷ᠎ᠡ ᠪᠦᠲᠦᠮᠵᠢ ᠣᠯᠪᠠ᠃ ᠬᠠᠮᠤᠭ ᠤ᠋ᠨ ᠰᠢᠨ᠎ᠡ ᠨᠤᠲᠤᠭ ᠪᠡᠯᠴᠢᠭᠡᠷ ᠤ᠋ᠨ ᠨᠡᠢᠳᠡᠮ ᠪᠠᠢᠴᠠᠭᠠᠯᠲᠠ ᠵᠢᠨ ᠦᠷ᠎ᠡ ᠳ᠋ᠦᠩᠳᠦ ᠢᠯᠡᠷᠡᠭᠦᠯᠦᠭᠰᠡᠨ ᠵᠢᠡᠷ᠂ ᠥᠪᠥᠷ ᠮᠣᠩᠭᠣᠯ ᠤ᠋ᠨ ᠨᠤᠲᠤᠭ ᠪᠡᠯᠴᠢᠭᠡᠷ ᠤ᠋ᠨ ᠬᠦᠨᠳᠦ ᠨᠣᠴᠢᠲᠠᠢ ᠲᠠᠴᠢᠷᠳᠠᠭᠰᠠᠨ ᠬᠠᠷᠢᠴᠠᠯ 2010 ᠣᠨ ᠤ᠋ ᠬᠢᠡᠴᠡ ᠵᠠᠭᠤᠨ ᠤ᠋ ᠬᠠᠷᠢᠴᠠᠯ ᠵᠢᠡᠷ 4.7 ᠬᠤᠪᠢ ᠪᠠᠭᠠᠰᠴᠤ᠂ 2025 ᠣᠨ ᠳ᠋ᠤ ᠨᠤᠲᠤᠭ ᠪᠡᠯᠴᠢᠭᠡᠷ ᠤ᠋ᠨ ᠲᠠᠯᠠᠪᠠᠢ ᠠᠩᠬ᠎ᠠ ᠤᠳᠠᠭ᠎ᠠ ᠴᠡᠪᠡᠷ ᠨᠡᠮᠡᠭᠳᠡᠯ ᠢ᠋ ᠪᠡᠶᠡᠯᠡᠭᠦᠯᠪᠡ᠃
ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠬᠦᠯᠬᠦ ᠡᠨᠡ ᠬᠦ᠌ ᠲᠡᠦᠬᠡᠲᠦ ᠴᠢᠨᠠᠷᠲᠠᠢ ᠬᠦᠴᠢᠷ ᠠᠰᠠᠭᠤᠳᠠᠯ ᠳ᠋ᠤ ᠴᠢᠭᠯᠡᠭᠦᠯᠦᠨ᠂ ᠥᠪᠥᠷ ᠮᠣᠩᠭᠣᠯ 《ᠬᠠᠮᠠᠭᠠᠯᠠᠬᠤ ᠶ᠋ᠢ ᠲᠡᠷᠢᠭᠦᠨᠳᠦ ᠲᠠᠯᠪᠢᠵᠤ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ》 ᠶ᠋ᠢ ᠪᠠᠷᠢᠮᠲᠠᠯᠠᠵᠤ᠂ ᠳᠦᠷᠢᠮ ᠵᠢᠡᠷ ᠬᠢᠵᠠᠭᠠᠷᠯᠠᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠢᠡᠷ ᠡᠨ᠋ᠸᠷᠬᠢ ᠤᠯᠭᠤᠬᠤ᠂ ᠬᠡᠯᠪᠡᠷᠢ ᠪᠡᠨ ᠬᠤᠪᠢᠷᠠᠭᠤᠯᠬᠤᠪᠠᠷ ᠲᠤᠯᠭᠠᠭᠤᠷᠢᠯᠠᠭᠤᠯᠵᠤ᠂ ᠨᠤᠲᠤᠭ ᠪᠡᠯᠴᠢᠭᠡᠷ ᠢ᠋ ᠬᠠᠮᠠᠭᠠᠯᠠᠬᠤ ᠶ᠋ᠢ 《ᠰᠠᠨᠠᠭᠠᠴᠢᠯᠠᠭᠠᠲᠤ ᠪᠤᠰᠤᠪᠠᠷ ᠬᠠᠮᠢᠶᠠᠷᠤᠨ ᠡᠵᠡᠮᠳᠡᠵᠦ》 ᠪᠠᠢᠭᠰᠠᠨ ᠡᠴᠡ 《ᠰᠠᠨᠠᠭᠠᠴᠢᠯᠠᠭ᠎ᠠ ᠡᠴᠡᠪᠠᠨ ᠰᠠᠬᠢᠨ ᠬᠠᠮᠠᠭᠠᠯᠠᠬᠤ》 ᠪᠣᠯᠭᠠᠨ ᠬᠤᠪᠢᠷᠠᠭᠤᠯᠪᠠ᠃ 2025 ᠣᠨ ᠳ᠋ᠤ 102 ᠭᠠᠵᠠᠷ ᠣᠷᠣᠨ (ᠨᠢᠭᠡᠴᠢ) ᠢ᠋ ᠪᠦᠬᠦᠨ ᠢ᠋ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠰᠢᠢᠳᠪᠦᠷᠢᠯᠡᠬᠦ ᠬᠡᠪᠴᠢᠶᠡᠨᠳᠦ ᠣᠷᠣᠭᠤᠯᠵᠤ᠂ ᠪᠥᠬᠥ ᠣᠷᠣᠨ ᠤ᠋ 99% ᠤ᠋ᠨ ᠨᠤᠲᠤᠭ ᠪᠡᠯᠴᠢᠭᠡᠷ ᠢ᠋ ᠬᠠᠮᠤᠷᠴᠠᠢ᠃ 《ᠴᠡᠭ ᠵᠢᠡᠷ ᠨᠡᠢᠳᠡᠮ ᠢ᠋ ᠳᠠᠢᠴᠢᠯᠠᠬᠤ》᠂ 《ᠰᠢᠯᠤᠭᠤᠳᠬᠠᠬᠤ᠂ ᠬᠠᠮᠢᠶᠠᠷᠬᠤ᠂ ᠰᠢᠯᠵᠢᠭᠦᠯᠬᠦ》 ᠭᠤᠷᠪᠠᠨ ᠲᠠᠯᠠᠪᠠᠷ ᠵᠡᠷᠭᠡ ᠪᠡᠷ ᠠᠳᠬᠤᠬᠤᠪᠠᠷ ᠳᠠᠮᠵᠢᠭᠤᠯᠵᠤ᠂ ᠬᠠᠰᠢᠶᠠᠯᠠᠨ ᠲᠡᠵᠢᠭᠡᠬᠦ᠂ ᠲᠥᠪᠯᠡᠷᠡᠭᠦᠯᠦᠨ ᠨᠠᠢᠳᠠᠵᠤ ᠲᠡᠵᠢᠭᠡᠯᠭᠡᠬᠦ᠂ ᠤᠷᠢᠳᠴᠢᠯᠠᠨ ᠭᠠᠷᠭᠠᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠢᠡᠷ 486 ᠲᠦᠮᠡᠨ ᠮᠠᠯ ᠢ᠋ ᠬᠤᠪᠢᠶᠠᠷᠢᠯᠠᠵᠦ ᠭᠠᠷᠭᠠᠪᠠ᠃ 2025 ᠣᠨ ᠳ᠋ᠤ ᠪᠦᠬᠦ ᠣᠷᠣᠨ ᠤ᠋ ᠪᠠᠢᠭᠠᠯᠢ ᠵᠢᠨ ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ ᠵᠢᠨ ᠵᠢᠭᠠᠯᠲᠠ ᠲᠣᠭ᠎ᠠ ᠶ᠋ᠢ ᠪᠦᠬᠦᠨ ᠢ᠋ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠵᠤ᠂ ᠶᠡᠷᠦᠩᠬᠡᠢᠳᠡᠭᠡᠨ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠦᠭᠡᠢ ᠪᠠᠢᠬᠤ ᠶ᠋ᠢ ᠪᠡᠶᠡᠯᠡᠭᠦᠯᠪᠡ᠃
ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠬᠦ ᠨᠢ ᠨᠤᠲᠤᠭ ᠪᠡᠯᠴᠢᠭᠡᠷ ᠤ᠋ᠨ ᠬᠠᠮᠠᠭᠠᠯᠠᠯᠲᠠ ᠳ᠋ᠤ ᠥᠨᠢᠳᠡ ᠵᠢᠨ ᠠᠮᠢᠵᠢᠷᠠᠯ ᠤ᠋ᠨ ᠬᠦᠴᠦᠨ ᠨᠡᠮᠡᠷᠢᠯᠡᠪᠡ᠃ ᠥᠪᠥᠷ ᠮᠣᠩᠭᠣᠯ ᠨᠤᠲᠤᠭ ᠪᠡᠯᠴᠢᠭᠡᠷ ᠢ᠋ ᠬᠠᠮᠠᠭᠠᠯᠠᠨ ᠬᠥᠭᠵᠢᠭᠦᠯᠬᠦ ᠶᠡᠷᠦᠩᠬᠡᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠶ᠋ᠢ ᠭᠦᠨᠵᠡᠭᠡᠢᠷᠡᠭᠦᠯᠵᠦ᠂ 38 ᠵᠦᠢᠯ ᠤ᠋ᠨ ᠳᠡᠯᠭᠡᠷᠡᠭᠦᠯᠵᠦ ᠪᠣᠯᠬᠤ ᠦᠷ᠎ᠡ ᠪᠦᠲᠦᠭᠡᠯ ᠢ᠋ ᠪᠣᠶ ᠪᠣᠯᠭᠠᠪᠠ᠃ 7.31 ᠳ᠋ᠦᠩᠰᠢᠭᠤᠷ ᠮᠦ᠍ ᠨᠤᠲᠤᠭ ᠪᠡᠯᠴᠢᠭᠡᠷ ᠢ᠋ 《ᠦᠨᠳᠦᠰᠦᠨ ᠨᠤᠲᠤᠭ ᠪᠡᠯᠴᠢᠭᠡᠷ》 ᠵᠢᠡᠷ ᠵᠠᠭᠠᠭᠯᠠᠨ ᠲᠣᠭᠲᠠᠭᠠᠵᠤ᠂ ᠬᠠᠮᠤᠭ ᠤ᠋ᠨ ᠴᠢᠩᠭ᠎ᠠ ᠬᠠᠮᠠᠭᠠᠯᠠᠯᠲᠠ ᠶ᠋ᠢ ᠬᠡᠷᠡᠭᠵᠢᠬᠦᠯᠪᠡ᠃ ᠡᠭᠦᠨ ᠤ᠋ ᠬᠠᠮᠲᠤ᠂ ᠨᠤᠲᠤᠭ ᠪᠡᠯᠴᠢᠭᠡᠷ ᠤ᠋ᠨ ᠳᠠᠭᠠᠭᠠᠴᠢᠯᠠᠯᠲᠠ ᠵᠢᠨ ᠬᠤᠭᠤᠴᠠᠭ᠎ᠠ ᠶ᠋ᠢ ᠳᠠᠬᠢᠨ 30 ᠵᠢᠯ ᠤᠷᠲᠤᠳᠬᠠᠬᠤ ᠲᠤᠷᠰᠢᠯᠲᠠ ᠶ᠋ᠢ ᠤᠷᠤᠭᠰᠢᠲᠠᠢ ᠶᠠᠪᠤᠭᠳᠠᠭᠤᠯᠪᠠ᠃
ᠥᠪᠥᠷ ᠮᠣᠩᠭᠣᠯ ᠪᠠᠰᠠ ᠡᠪᠡᠰᠦᠨ ᠤ᠋ ᠠᠵᠤ ᠦᠢᠯᠡᠰ ᠢ᠋ ᠪᠥᠬᠥ ᠤᠯᠤᠰᠲᠤ ᠡᠩ ᠲᠡᠷᠢᠭᠦᠨᠳᠦ ᠲᠤᠰᠠᠭᠠᠷ ᠭᠣᠣᠯᠳᠠᠯᠭᠠᠲᠠᠢ ᠠᠵᠤ ᠦᠢᠯᠡᠰ ᠤ᠋ᠨ ᠬᠡᠯᠬᠢᠶ᠎ᠡ ᠪᠣᠯᠭᠠᠵᠤ᠂ 56 ᠲᠦᠮᠡᠨ ᠮᠦ᠍ ᠡᠪᠡᠰᠦᠨ ᠦᠷ᠎ᠡ ᠦᠷᠡᠵᠢᠭᠦᠯᠦᠨ ᠪᠣᠢᠵᠢᠭᠤᠯᠬᠤ ᠰᠠᠭᠤᠷᠢᠨ ᠢ᠋ ᠪᠠᠢᠭᠤᠯᠤᠨ᠂ ᠵᠢᠯ ᠤ᠋ᠨ ᠦᠷ᠎ᠡ ᠪᠣᠢᠵᠢᠭᠤᠯᠬᠤ ᠴᠢᠳᠠᠪᠤᠷᠢ 800 ᠲᠦᠮᠡᠨ ᠺᠢᠯᠣᠭ᠌ᠷᠠᠮ ᠳ᠋ᠤ ᠬᠦᠷᠴᠦ᠂ ᠲᠡᠵᠢᠭᠡᠯ ᠡᠪᠡᠰᠦᠨ ᠤ᠋ ᠤᠨᠠᠯᠲᠠ ᠶ᠋ᠢ 7700 ᠲᠦᠮᠡᠨ ᠲᠣᠨ ᠡᠴᠡ ᠳᠡᠭᠡᠭᠰᠢᠳᠦ ᠲᠣᠭᠲᠠᠪᠤᠷᠢᠵᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯᠴᠢ ᠪᠣᠯᠬᠤ ᠳ᠋ᠤ᠂ ᠪᠥᠬᠥ ᠣᠷᠣᠨ ᠤ᠋ ᠡᠪᠡᠰᠦᠨ ᠤ᠋ ᠠᠵᠤ ᠦᠢᠯᠡᠰ ᠤ᠋ᠨ ᠦᠢᠯᠡᠳᠬᠦᠨ ᠤ᠋ ᠥᠷᠲᠡᠭ ᠮᠢᠩᠭᠠᠨ ᠳ᠋ᠦᠩᠰᠢᠭᠤᠷ ᠲᠥᠭᠥᠷᠢᠭ ᠤ᠋ᠨ ᠶᠡᠬᠡ ᠪᠣᠭᠣᠮᠲᠠ ᠶ᠋ᠢ ᠳᠠᠪᠠᠪᠠ᠃