ᠨᠠᠮ᠎ᠤᠨ ᠰᠢᠨ᠎ᠡ ᠡᠬᠦᠳᠤᠯᠳᠠ ᠵᠢᠨ ᠣᠨᠣᠯ᠎ᠢᠶᠠᠷ ᠰᠡᠳᠬᠢᠯ᠎ᠢ᠋ ᠨᠢᠬᠳᠠᠷᠠᠭᠤᠯᠤᠨ ᠰᠦᠭ ᠰᠦᠨᠡᠰᠦ᠎ᠵᠢ ᠱᠤᠭᠤᠬᠤ᠎ᠶᠢ ᠪᠠᠷᠢᠮᠲᠠᠯᠠᠨ᠎ᠠ
2026-06-29 16:29:16
ᠵᠣᠬᠢᠶᠠᠭ᠍ᠴᠢ᠄
ᠹᠠᠨ ᠰᠧ ᠰᠢᠶᠠᠩ
ᠣᠩᠱᠢᠭ᠍ᠰᠠᠨ ᠣᠳᠠᠭ᠎ᠠ᠄
★★★☆☆

— ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠵᠢᠷᠭᠤᠭ᠎ᠠ)


《ᠨᠠᠮ᠎ᠤᠨ ᠰᠢᠨ᠎ᠡ᠎ᠡᠬᠦᠳᠤᠯᠳᠠ ᠵᠢᠨ ᠤᠨᠤᠯ ᠵᠢᠡᠷ ᠰᠡᠳᠬᠢᠯ᠎ᠢ᠋ ᠨᠢᠭᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠬᠤ》 ᠪᠣᠯ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠠᠭᠤᠯᠤᠭᠳᠠᠬᠤᠨ᠎ᠤ ᠴᠢᠬᠤᠯᠠ ᠠᠭᠤᠯᠭ᠎ᠠ᠎ᠶᠢᠨ ᠨᠢᠭᠡ ᠪᠣᠯᠤᠨ᠎ᠠ᠂ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠶᠢᠨ ᠦᠨᠳᠦᠰᠦᠨ ᠡᠭᠦᠷᠭᠡ ᠪᠣᠯᠤᠨ᠎ᠠ᠃

ᠶᠠᠭ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠵᠤ ᠭᠠᠷᠭᠠᠭᠰᠠᠨᠴᠢᠯᠠᠨ᠂ 《ᠮᠠᠷᠺᠰ᠎ᠤᠨ ᠦᠵᠡᠯ᠎ᠦᠨ ᠲᠥᠷᠥ᠎ᠶᠢᠨ ᠨᠠᠮ᠎ᠤᠨ ᠲᠡᠷᠢᠭᠦᠨ᠎ᠦ ᠴᠢᠨᠠᠷ ᠨᠢ ᠡᠩ ᠲᠡᠷᠢᠭᠦᠨ᠎ᠳᠦ ᠦᠵᠡᠯ ᠰᠠᠨᠠᠭ᠎ᠠ ᠣᠨᠣᠯ᠎ᠤᠨ ᠲᠠᠯ᠎ᠠ᠎ᠪᠠᠷ ᠬᠢ ᠲᠡᠷᠢᠭᠦᠨ᠎ᠦ ᠴᠢᠨᠠᠷ ᠳᠡᠭᠡᠷ᠎ᠡ ᠢᠯᠡᠷᠡᠳᠡᠭ》᠂ 《ᠮᠠᠨ᠎ᠤ ᠡᠶ᠋ᠢᠮᠦ᠍ ᠨᠢᠭᠡᠨ ᠳᠡᠯᠡᠬᠡᠶ ᠳᠡᠭᠡᠷᠡᠬᠢ ᠬᠠᠮᠤᠭ᠎ᠤᠨ ᠲᠣᠮᠣ ᠮᠠᠷᠺᠰ᠎ᠤᠨ ᠦᠵᠡᠯ᠎ᠦᠨ ᠲᠥᠷᠥ᠍ ᠪᠠᠷᠢᠭᠴᠢ ᠨᠠᠮ᠎ᠳᠤ ᠠᠪᠴᠤ᠌ ᠬᠡᠯᠡᠪᠡᠯ᠂ ᠣᠨᠣᠯ ᠨᠢ ᠴᠢᠩᠭ᠎ᠠ ᠪᠣᠯ ᠰᠠᠶᠢ ᠴᠢᠭᠯᠡᠯ᠎ᠨᠢ ᠲᠣᠳᠣᠷᠬᠠᠶ᠂ ᠬᠥᠮᠦᠨ᠎ᠦ ᠰᠡᠳᠬᠢᠯ᠎ᠢ ᠨᠢᠭᠡᠳᠬᠡᠨ᠂ ᠡᠷᠴᠢ ᠵᠣᠷᠢᠭ᠎ᠢ ᠬᠥᠪᠴᠢᠯᠡᠵᠦ᠍ ᠴᠢᠳᠠᠨ᠎ᠠ》᠃

ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠴᠥᠬᠥᠷᠡᠰᠢ ᠦᠭᠡᠢ᠎ᠪᠡᠷ ᠨᠠᠮ᠎ᠤᠨ ᠰᠢᠨ᠎ᠡ᠎ᠡᠬᠦᠳᠤᠯᠳᠠ ᠵᠢᠨ ᠤᠨᠤᠯ᠎ᠢᠶᠠᠷ ᠪᠦᠬᠦ᠌ ᠨᠠᠮ᠎ᠢ ᠵᠡᠪᠰᠡᠭᠯᠡᠵᠦ᠍᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠴᠦ᠍᠂ ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠵᠤ᠂ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠴᠢᠩᠭᠠᠳᠬᠠᠵᠤ᠂ ᠪᠦᠬᠦ᠌ ᠨᠠᠮ᠎ᠢ ᠢᠮᠠᠭᠲᠠ ᠨᠢᠭᠡᠳᠦᠯᠲᠡᠢ ᠦᠵᠡᠯ ᠰᠠᠨᠠᠭ᠎ᠠ᠂ ᠡᠷᠡᠰ ᠪᠠᠲᠤ᠌ ᠵᠣᠷᠢᠭ ᠰᠠᠨᠠᠭ᠎ᠠ᠂ ᠵᠣᠬᠢᠴᠠᠩᠭᠤᠢ ᠠᠵᠢᠯᠯᠠᠭ᠎ᠠ᠂ ᠬᠦᠴᠦᠷᠬᠡᠭ ᠶᠡᠬᠡ ᠲᠠᠢ᠌ᠴᠢᠨ ᠬᠦᠴᠦᠨ᠎ᠲᠡᠶ ᠪᠠᠶ᠋ᠢᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠪᠦᠯᠬᠦᠮᠳᠡᠨ ᠲᠡᠮᠡᠴᠡᠬᠦ᠌ ᠬᠡᠷᠡᠭᠲᠡᠢ᠃

ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌ ᠰᠢᠨ᠎ᠡ ᠠᠬᠤᠶ ᠪᠠᠶ᠋ᠢᠳᠠᠯ᠎ᠢ ᠨᠡᠭᠡᠭᠡᠨ᠎ᠠ

《ᠡᠷᠬᠡᠪᠰᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠵᠢ ᠦᠷᠭᠦᠯᠵᠢᠯᠡᠨ ᠠᠬᠢᠭᠤᠯᠵᠤ᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠶᠢ ᠳᠤᠮᠳᠠᠳᠤ ᠤᠯᠤᠰ᠎ᠤᠨ ᠪᠣᠳᠠᠲᠤ᠌ ᠪᠠᠶ᠋ᠢᠳᠠᠯ᠎ᠲᠠᠶ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠲᠠᠶ ᠤᠶᠠᠯᠳᠤᠭᠤᠯᠬᠤ᠎ᠶᠢ ᠪᠠᠷᠢᠮᠲᠠᠯᠠᠵᠤ᠂ ᠮᠠᠷᠺᠰ᠎ᠤᠨ ᠦᠵᠡᠯ᠎ᠢᠶᠡᠷ ᠴᠠᠭ ᠦᠶ᠎ᠡ᠎ᠶᠢ ᠠᠵᠢᠭᠯᠠᠵᠤ᠂ ᠴᠠᠭ ᠦᠶ᠎ᠡ᠎ᠶᠢ ᠡᠵᠡᠮᠳᠡᠵᠦ᠍᠂ ᠴᠠᠭ ᠦᠶ᠎ᠡ᠎ᠶᠢ ᠳᠠᠭᠠᠭᠤᠯᠬᠤ ᠬᠡᠷᠡᠭᠲᠡᠢ》᠃

2021 ᠣᠨ᠎ᠤ 11 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠡᠴᠡ ᠨᠠᠮ᠎ᠤᠨ ᠲᠡᠦᠬᠡ᠎ᠶᠢᠨ ᠰᠢ᠌ᠳᠪᠦᠷᠢ᠎ᠶᠢᠨ ᠬᠡᠯᠪᠡᠷᠢ᠎ᠪᠡᠷ ᠡᠨᠡ ᠬᠦ᠌ ᠦᠵᠡᠯ ᠰᠠᠨᠠᠭ᠎ᠠ᠎ᠶᠢᠨ ᠮᠠᠷᠺᠰ᠎ᠤᠨ ᠦᠵᠡᠯ᠎ᠦᠨ ᠬᠥᠭᠵᠢᠯᠲᠡ᠎ᠶᠢᠨ ᠲᠡᠦᠬᠡ᠂ ᠳᠤᠮᠳᠠᠳᠤ᠎ᠶᠢᠨ ᠪᠣᠯᠪᠠᠰᠤᠨ᠎ᠤ ᠬᠥᠭᠵᠢᠯᠲᠡ᠎ᠶᠢᠨ ᠲᠡᠦᠬᠡᠨ ᠳᠡᠭᠡᠷᠡᠬᠢ ᠴᠢᠬᠤᠯᠠ ᠲᠡᠦᠬᠡᠨ ᠪᠠᠶ᠋ᠢᠷᠢ ᠰᠠᠭᠤᠷᠢ᠎ᠶᠢ ᠲᠣᠳᠣᠷᠬᠠᠶ᠋ᠢᠯᠠᠪᠠ᠄ 《ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯ ᠤᠳᠤ ᠦᠶ᠎ᠡ᠎ᠶᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ ᠬᠣᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ᠂ ᠳᠤᠮᠳᠠᠳᠤ᠎ᠶᠢᠨ ᠰᠣᠶᠣᠯ ᠪᠠ ᠳᠤᠮᠳᠠᠳᠤ ᠤᠯᠤᠰ᠎ᠤᠨ ᠵᠣᠷᠢᠭ ᠰᠠᠨᠠᠭᠠᠨ᠎ᠤ ᠴᠠᠭ ᠦᠶ᠎ᠡ᠎ᠶᠢᠨ ᠤᠬᠢ ᠰᠣᠳᠣ ᠮᠥᠨ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠰᠢᠨ᠎ᠡ ᠦᠰᠦᠷᠦᠯᠲᠡ᠎ᠶᠢ ᠪᠡᠶᠡᠯᠡᠭᠦᠯᠪᠡ》᠃

ᠵᠠᠭᠤ ᠭᠠᠷᠤᠢ ᠵᠢᠯ᠎ᠦᠨ ᠲᠡᠮᠡᠴᠡᠯ᠎ᠦᠨ ᠥᠩᠭᠡᠷᠡᠯᠲᠡ᠎ᠵᠢ ᠡᠷᠭᠢᠴᠡᠭᠦᠯᠬᠦᠶ᠎ᠡ᠂ ᠮᠠᠨ᠎ᠤ ᠨᠠᠮ᠎ᠤᠨ ᠲᠡᠦᠬᠡ ᠪᠣᠯ ᠳᠠᠷᠤᠢ ᠤᠨᠤᠯ᠎ᠤᠨ ᠰᠢᠨ᠎ᠡ ᠡᠭᠦᠳᠦᠯᠲᠡ᠎ᠶᠢ ᠲᠠᠰᠤᠷᠠᠯᠳᠡ ᠦᠭᠡᠢ ᠠᠬᠢᠭᠤᠯᠵᠤ᠂ ᠤᠨᠤᠯ᠎ᠤᠨ ᠡᠭᠦᠳᠦᠯᠲᠡ ᠬᠢᠭᠰᠡᠨ ᠲᠡᠦᠬᠡ ᠪᠣᠯᠤᠨ᠎ᠠ᠃

ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢᠨ ᠲᠠᠰᠢᠷᠠᠮ᠎ᠳᠤ᠂ ᠨᠠᠮ᠎ᠤᠨ ᠲᠥᠪ ᠬᠣᠷᠢᠶ᠎ᠠ᠎ᠡᠴᠡ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠲᠣᠳᠣᠷᠬᠠᠶ᠋ᠢᠯᠠᠭᠰᠠᠨ ᠨᠢ ᠤᠳᠤ ᠦᠶ᠎ᠡ᠎ᠶᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ ᠬᠣᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ᠎ᠢ ᠪᠠᠶᠠᠯᠢᠭᠵᠢᠭᠤᠯᠤᠨ ᠬᠥᠭᠵᠢᠭᠦᠯᠵᠦ᠍᠂ ᠪᠦᠬᠦ᠌ ᠨᠠᠮ᠎ᠤᠨ ᠦᠵᠡᠯ ᠰᠠᠨᠠᠭ᠎ᠠ ᠤᠨᠤᠯ᠎ᠤᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ᠌᠎ᠶᠢ ᠠᠬᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠳᠤ᠎ᠶᠢᠨ ᠠᠴᠢ ᠬᠣᠯᠪᠣᠭᠳᠠᠯ᠎ᠲᠠᠶ ᠪᠠᠶ᠋ᠢᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠤᠨᠤᠯ᠎ᠤᠨ ᠰᠢᠰᠲ᠋ᠧᠮ᠎ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃

ᠤᠨᠤᠯ᠎ᠤᠨ ᠲᠠᠯ᠎ᠠ᠎ᠪᠠᠷ ᠰᠡᠷᠭᠡᠭ ᠪᠠᠶ᠋ᠢᠪᠠᠯ ᠤᠯᠤᠰ ᠲᠦᠷᠦ᠎ᠶᠢᠨ ᠲᠠᠯ᠎ᠠ᠎ᠪᠠᠷ ᠰᠠᠶᠢ ᠡᠷᠡᠰ ᠪᠠᠲᠤ᠌ ᠪᠠᠶ᠋ᠢᠵᠤ ᠴᠢᠳᠠᠨ᠎ᠠ᠃

ᠪᠠᠶ᠋ᠢᠩᠭᠤ᠎ᠶᠢᠨ ᠴᠢᠨᠠᠷᠲᠠᠢ ᠬᠥᠮᠦᠵᠢᠯ ᠪᠠ ᠲᠥᠪᠯᠡᠷᠡᠩᠭᠦᠢ ᠴᠢᠨᠠᠷᠲᠠᠢ ᠬᠥᠮᠦᠵᠢᠯ᠎ᠢ ᠤᠶᠠᠯᠳᠤᠭᠤᠯᠬᠤ᠎ᠶᠢ ᠪᠠᠷᠢᠮᠲᠠᠯᠠᠵᠤ᠂ ᠦᠷᠭᠦᠯᠵᠢᠯᠡᠨ ᠬᠦᠴᠦᠯᠡᠬᠦ᠌ ᠪᠦᠭᠡᠳ ᠪᠠᠰᠠ ᠲᠥᠪᠯᠡᠷᠡᠭᠦᠯᠦᠨ ᠬᠦᠴᠦᠯᠡᠵᠦ᠍᠂ ᠪᠦᠬᠦ᠌ ᠨᠠᠮ᠎ᠤᠨ ᠦᠵᠡᠯ ᠰᠠᠨᠠᠭᠠᠨ᠎ᠤ ᠲᠠᠯ᠎ᠠ᠎ᠪᠠᠷ ᠨᠢᠭᠡᠳᠦᠯᠲᠡᠢ ᠪᠠᠶ᠋ᠢᠬᠤ᠂ ᠤᠯᠤᠰ ᠲᠦᠷᠦ᠎ᠶᠢᠨ ᠲᠠᠯ᠎ᠠ᠎ᠪᠠᠷ ᠪᠦᠯᠬᠦᠮᠳᠡᠯ᠎ᠲᠡᠶ ᠪᠠᠶ᠋ᠢᠬᠤ᠂ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠨᠢᠭᠡᠳᠦᠯᠲᠡᠢ ᠪᠠᠶ᠋ᠢᠬᠤ᠎ᠶᠢ ᠠᠬᠢᠭᠤᠯᠤᠨ᠎ᠠ;ᠲᠦᠷᠢᠮ᠎ᠢᠶᠡᠷ ᠨᠠᠮ᠎ᠢ ᠵᠠᠰᠠᠬᠤ᠎ᠶᠢ ᠦᠵᠡᠯ ᠰᠠᠨᠠᠭ᠎ᠠ ᠪᠡᠷ ᠨᠠᠮ ᠪᠠᠶ᠋ᠢᠭᠤᠯᠬᠤ ᠴᠢᠬᠤᠯᠠ ᠪᠠᠲᠤᠯᠠᠭ᠎ᠠ ᠪᠣᠯᠭᠠᠵᠤ᠂ ᠦᠵᠡᠯ ᠰᠠᠨᠠᠭᠠᠨ᠎ᠤ ᠬᠥᠮᠦᠵᠢᠯ᠎ᠢ ᠲᠦᠷᠢᠮ ᠲᠣᠭᠲᠠᠭᠠᠯ᠎ᠢ ᠨᠠᠶ᠋ᠢᠳᠠᠪᠤᠷᠢᠵᠢᠭᠤᠯᠬᠤ᠎ᠲᠠᠶ ᠤᠶᠠᠯᠳᠤᠭᠤᠯᠤᠨ ᠶᠠᠪᠤᠭᠳᠠᠭᠤᠯᠤᠨ᠎ᠠ ᠁ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠰᠢᠨ᠎ᠡ᠎ᠡᠬᠦᠳᠤᠯᠳᠠ ᠵᠢᠨ ᠤᠨᠤᠯ᠎ᠢᠶᠠᠷ ᠰᠡᠳᠬᠢᠯ᠎ᠢ᠋ ᠨᠢᠭᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠬᠤ᠎ᠲᠠᠶ ᠨᠢᠭᠲᠠ ᠤᠶᠠᠯᠳᠤᠭᠤᠯᠵᠤ᠂ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠶᠢ ᠡᠴᠦᠰ᠎ᠲᠦᠨᠢ ᠲᠤᠯᠲᠠᠯ᠎ᠠ ᠠᠳᠬᠤᠵᠤ᠂ ᠴᠥᠬᠥᠷᠡᠰᠢ ᠦᠭᠡᠢ ᠪᠠᠶ᠋ᠢᠩᠭᠤ ᠠᠳᠬᠤᠪᠠ᠃

ᠳᠤᠮᠳᠠᠳᠤ ᠤᠯᠤᠰ᠎ᠤᠨ ᠡᠪ ᠬᠠᠮᠲᠤᠴᠤᠳ ᠰᠤᠷᠤᠯᠴᠠᠯᠭ᠎ᠠ᠎ᠳᠤ ᠲᠦᠰᠢᠭᠯᠡᠨ ᠥᠨᠥᠳᠦᠷ᠎ᠲᠦ᠍ ᠬᠦᠷᠴᠦ᠍ ᠢᠷᠡᠭᠰᠡᠨ ᠪᠥᠭᠡᠳ ᠡᠷᠭᠡᠪᠰᠢ ᠰᠤᠷᠤᠯᠴᠠᠯᠭ᠎ᠠ᠎ᠳᠤ ᠲᠦᠰᠢᠭᠯᠡᠨ ᠢᠷᠡᠭᠡᠳᠦᠢ ᠲᠡᠶ᠋ᠢᠰᠢ ᠤᠷᠤᠭᠰᠢᠯᠠᠬᠤ ᠭᠡᠷᠡᠭᠲᠡᠢ᠃

ᠨᠡᠩ ᠬᠠᠲᠠᠭᠤ ᠪᠡᠷᠬᠡ ᠨᠠᠷᠢᠨ ᠪᠤᠳᠤᠯᠢᠶᠠᠨᠲᠠᠢ ᠡᠭᠦᠷᠭᠡ ᠬᠠᠷᠢᠭᠤᠴᠠᠯᠭ᠎ᠠ᠎ᠶᠢᠨ ᠡᠮᠦᠨ᠎ᠡ᠂ ᠡᠷᠬᠡᠪᠰᠢ ᠨᠠᠮ᠎ᠤᠨ ᠰᠢᠨ᠎ᠡ᠎ᠡᠬᠦᠳᠤᠯᠳᠠ ᠵᠢᠨ ᠤᠨᠤᠯ᠎ᠢ ᠡᠷᠡᠰ ᠭᠤᠶ᠋ᠢᠪᠢᠰᠢ ᠦᠭᠡᠢ ᠭᠦᠨᠵᠡᠭᠡᠢ ᠰᠤᠷᠤᠯᠴᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠪᠡᠯ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ ᠯᠠᠪᠲᠠᠢ ᠨᠡᠩ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ᠎ᠢ ᠢᠯᠡᠷᠡᠭᠦᠯᠬᠦ᠌ ᠪᠣᠯᠤᠨ᠎ᠠ᠃

ᠡᠪ ᠬᠠᠮᠲᠤᠴᠤᠳ᠎ᠤᠨ ᠤᠶᠤᠨ ᠰᠠᠨᠠᠭᠠᠨ᠎ᠤ 《ᠺᠠᠯᠼ》 ᠢ᠋ ᠬᠦᠢᠴᠡᠳ ᠨᠦᠬᠦᠪᠤᠷᠢᠯᠡᠨ᠎ᠠ

2026 ᠣᠨ ᠪᠣᠯ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ ᠢᠯᠠᠯᠲᠠ ᠣᠯᠤᠭᠰᠠᠨ 90 ᠵᠢᠯ᠎ᠦᠨ ᠤᠢ ᠪᠣᠯᠤᠨ᠎ᠠ᠃ ᠵᠢᠶᠠᠩᠰᠢ᠎ᠶᠢᠨ ᠢᠦᠢ ᠳ᠋ᠦ᠋᠎ᠳᠦ᠂ ᠭᠦᠨ ᠰᠠᠭᠤᠭᠳᠠᠯᠳᠤ ᠦᠵᠡᠭᠳᠡᠯᠲᠦ᠍ ᠵᠦᠴᠦᠭᠡ 《ᠠᠶᠠᠷᠯᠠᠯᠳᠠ》 ᠨᠢ 1934 ᠣᠨ᠎ᠳᠤ ᠲᠤᠬᠠᠢ᠎ᠶᠢᠨ ᠭᠠᠵᠠᠷ᠎ᠤᠨ ᠤᠯᠠᠨ ᠲᠦᠮᠡᠨ᠎ᠦ ᠤᠯᠠᠭᠠᠨ ᠴᠡᠷᠢᠭ᠎ᠢ ᠮᠣᠷᠳᠠᠭᠤᠯᠤᠭᠰᠠᠨ ᠪᠠᠶ᠋ᠢᠳᠠᠯ᠎ᠢ ᠳᠠᠬᠢᠨᠲᠠ ᠢᠯᠡᠷᠡᠭᠦᠯᠵᠦ᠍᠂ ᠴᠥᠭᠡᠨ ᠪᠤᠰᠤ ᠦᠵᠡᠭᠴᠢᠳ᠎ᠢ ᠶᠡᠬᠡᠳᠡ ᠳᠣᠭᠳᠣᠯᠤᠭᠤᠯᠪᠠ᠃

2019 ᠣᠨ᠎ᠤ 5 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠵᠢᠶᠠᠩᠰᠢ᠎ᠳᠤ ᠰᠢᠨᠵᠢᠯᠡᠨ ᠪᠠᠶ᠋ᠢᠴᠠᠭᠠᠬᠤ᠎ᠳᠠᠭᠠᠨ᠂ ᠤᠯᠠᠭᠠᠨ ᠴᠡᠷᠢᠭ᠎ᠦᠨ ᠣᠷᠳᠣ ᠵᠠᠮ᠎ᠤᠨ ᠠᠶᠠᠨ ᠲᠡᠶ᠋ᠢᠨ᠎ᠦ ᠬᠡᠷᠡᠯ ᠰᠠᠴᠤᠷᠠᠩᠭᠤᠶ ᠲᠡᠦᠬᠡ᠎ᠶᠢ ᠡᠷᠭᠢᠴᠡᠭᠦᠯᠵᠦ᠍᠂ ᠣᠮᠣᠭ ᠲᠡᠭᠦᠯᠳᠡᠷ᠎ᠢᠶᠡᠷ᠄ 《ᠪᠢᠳᠡ ᠬᠦᠰᠡᠯᠡᠩ ᠢᠲᠡᠭᠡᠯ ᠪᠢᠰᠢᠷᠡᠯ ᠪᠣᠯᠤᠨ ᠡᠷᠡᠰ ᠪᠠᠲᠤ᠌ ᠬᠤᠪᠢᠰᠬᠠᠯᠲᠤ᠌ ᠵᠣᠷᠢᠭ ᠰᠠᠨᠠᠭ᠎ᠠ᠎ᠪᠠᠨ ᠪᠠᠲᠤᠯᠠᠳᠠᠭ ᠯᠠ ᠶᠤᠮ ᠪᠣᠯ ᠠᠯᠢ ᠣᠯᠠᠨ ᠳᠠᠪᠠᠭ᠎ᠠ᠎ᠶᠢ ᠳᠤᠭᠤᠯᠵᠤ ᠴᠢᠳᠠᠨ᠎ᠠ᠂ ᠶᠠᠮᠠᠷ ᠤᠨᠠᠭᠤᠯᠢ᠂ ᠶᠠᠮᠠᠷ ᠪᠦᠰᠡᠯᠡᠯᠲᠡ ᠨᠡᠬᠡᠮᠵᠢᠯᠡᠯᠲᠡ ᠬᠠᠰᠢᠯᠲᠠ᠂ ᠶᠠᠮᠠᠷ ᠪᠢᠲᠡᠭᠦᠮᠵᠢᠯᠡᠯᠲᠡ᠎ᠶᠢᠨ ᠱᠤᠭᠤᠮ᠎ᠢ ᠪᠦᠷ ᠲᠠᠪᠠᠨ ᠲᠤᠭᠤᠯᠵᠤ ᠴᠢᠳᠠᠨ᠎ᠠ!》 ᠭᠡᠵᠤ ᠢᠳᠡ ᠬᠦᠴᠤᠳᠠᠢ ᠪᠦᠭᠡᠳ ᠤᠮᠤᠭ ᠲᠡᠬᠦᠯᠳᠡᠷ ᠬᠡᠯᠡᠪᠡ᠃

ᠬᠤᠪᠢᠰᠬᠠᠯ᠎ᠤᠨ ᠬᠦᠰᠡᠯᠡᠩ ᠶᠠᠭᠤᠨ᠎ᠡᠴᠡ ᠴᠤ᠌ ᠡᠷᠬᠢᠮ᠃ ᠬᠦᠰᠡᠯᠡᠩ ᠢᠳᠡᠭᠡᠯ ᠪᠢᠰᠢᠷᠡᠯ ᠪᠣᠯ ᠡᠪ ᠬᠠᠮᠲᠤᠴᠤᠳ᠎ᠤᠨ ᠤᠶᠤᠨ ᠰᠠᠨᠠᠭᠠᠨ᠎ᠤ 《ᠺᠠᠯᠼ》 ᠮᠥᠨ᠂ ᠬᠦᠰᠡᠯᠡᠩ ᠢᠳᠡᠭᠡᠯ ᠪᠢᠰᠢᠷᠡᠯ ᠦᠭᠡᠢ᠂ ᠬᠦᠰᠡᠯᠡᠩ ᠢᠳᠡᠭᠡᠯ ᠪᠢᠰᠢᠷᠡᠯ ᠨᠢ ᠡᠷᠡᠰ ᠪᠠᠲᠤ᠌ ᠪᠢᠰᠢ ᠪᠣᠯ ᠤᠶᠤᠨ ᠰᠠᠨᠠᠭᠠᠨ᠎ᠤ ᠲᠠᠯ᠎ᠠ᠎ᠪᠠᠷ 《 ᠺᠠᠯᠼ》 ᠳᠤᠲᠠᠭᠳᠠᠵᠤ᠂ 《ᠶᠠᠰᠤ ᠵᠥᠭᠡᠯᠡᠷᠡᠬᠦ᠌ ᠡᠪᠡᠳᠴᠢᠨ》 ᠤᠯᠬᠤ ᠪᠣᠯᠤᠨ᠎ᠠ᠃

ᠳᠤᠮᠳᠠᠳᠤ ᠤᠯᠤᠰ᠎ᠤᠨ ᠡᠪ ᠬᠠᠮᠲᠤ᠌ ᠨᠠᠮ ᠪᠣᠯ ᠮᠠᠷᠺᠰ᠎ᠤᠨ ᠦᠵᠡᠯ᠎ᠢᠶᠡᠷ ᠵᠡᠪᠰᠡᠭᠯᠡᠭᠰᠡᠨ ᠲᠦᠷᠦ᠎ᠶᠢᠨ ᠨᠠᠮ ᠮᠥᠨ᠂ ᠮᠠᠷᠺᠰ᠎ᠤᠨ ᠦᠵᠡᠯ᠎ᠦᠨ ᠰᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠲᠠᠶ ᠪᠠᠶ᠋ᠢᠬᠤ ᠪᠣᠯ ᠮᠠᠨ᠎ᠤ ᠨᠠᠮ᠎ᠤᠨ ᠢᠲᠡᠭᠡᠯ ᠪᠢᠰᠢᠷᠡᠯ᠎ᠢᠶᠡᠨ ᠪᠠᠲᠤᠳᠬᠠᠬᠤ᠂ ᠲᠡᠦᠬᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠬᠦ᠌᠎ᠶᠢᠨ ᠦᠨᠳᠦᠰᠦ ᠮᠥᠨ᠃ ᠦᠨᠡᠨ ᠶᠣᠰᠣ᠎ᠶᠢ ᠲᠠᠨᠢᠬᠤ᠂ ᠦᠨᠡᠨ ᠶᠣᠰᠣ᠎ᠶᠢ ᠡᠵᠡᠮᠰᠢᠬᠦ᠌᠂ ᠦᠨᠡᠨ ᠶᠣᠰᠣ᠎ᠶᠢ ᠰᠢᠲᠦᠬᠦ᠌᠂ ᠦᠨᠡᠨ ᠶᠣᠰᠣ᠎ᠶᠢ ᠬᠠᠮᠠᠭᠠᠯᠠᠬᠤ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ᠎ᠶᠢᠨ ᠵᠣᠷᠢᠭ ᠰᠠᠨᠠᠭᠠᠨ᠎ᠤ ᠤᠷᠢᠲᠠᠯ ᠮᠥᠨ —

ᠲᠤᠰᠬᠠᠢ ᠰᠡᠳᠦᠪᠲᠦ᠍ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠵᠣᠬᠢᠶᠠᠨ ᠪᠠᠶ᠋ᠢᠭᠤᠯᠤᠯᠲᠠ᠎ᠶᠢᠨ ᠠᠮᠢᠳᠤᠷᠠᠯ᠎ᠤᠨ ᠬᠤᠷᠠᠯ ᠳᠡᠭᠡᠷ᠎ᠡ ᠲᠥᠪ ᠴᠢᠩᠭ᠎ᠠ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠳᠠᠪᠲᠠᠯᠲᠠ᠎ᠶᠢ ᠬᠦᠯᠢᠶᠡᠵᠦ᠍᠂ ᠢᠲᠡᠭᠡᠯ ᠪᠢᠰᠢᠷᠡᠯ᠎ᠦᠨ ᠰᠠᠭᠤᠷᠢ᠎ᠶᠢ ᠪᠡᠬᠢᠵᠢᠭᠦᠯᠵᠦ᠍᠂ ᠤᠶᠤᠨ ᠰᠠᠨᠠᠭᠠᠨ᠎ᠤ ᠺᠠᠯᠼ᠎ᠢ ᠭᠦᠢᠴᠡᠳ ᠨᠥᠬᠥᠪᠥᠷᠢᠯᠡᠵᠦ᠍᠂ ᠦᠵᠡᠯ ᠰᠠᠨᠠᠭᠠᠨ᠎ᠤ ᠵᠠᠯᠠᠭᠤᠷ᠎ᠢ ᠯᠠᠪᠳᠠᠭᠤᠨ ᠡᠵᠡᠮᠳᠡᠪᠡ;

ᠲᠤᠰᠬᠠᠶ ᠰᠡᠳᠦᠪᠲᠦ᠍ ᠰᠤᠷᠤᠯᠴᠠᠯᠭ᠎ᠠ᠂ ᠭᠤᠤᠯ ᠰᠡᠳᠦᠪᠲᠦ᠍ ᠨᠠᠮ᠎ᠤᠨ ᠡᠳᠦᠷ᠎ᠤᠨ ᠠᠵᠢᠯᠯᠠᠭ᠎ᠠ ᠳᠤᠮᠳᠠ ᠣᠭ ᠰᠠᠨᠠᠭ᠎ᠠ᠎ᠪᠠᠨ ᠠᠰᠠᠭᠤᠵᠤ᠂ ᠤᠬᠠᠮᠰᠠᠷ᠎ᠡᠴᠡ᠎ᠪᠠᠨ ᠡᠪ ᠬᠠᠮᠲᠤ᠌ ᠶᠣᠰᠣᠨ᠎ᠤ ᠠᠯᠤᠰ ᠬᠡᠲᠦ᠎ᠶᠢᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠬᠠᠮᠲᠤ᠎ᠶᠢᠨ ᠬᠦᠰᠡᠯᠡᠩ᠎ᠦᠨ ᠪᠠᠲᠤ᠌ ᠴᠢᠩᠭ᠎ᠠ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠪᠠ;

ᠡᠷᠡᠰ ᠪᠠᠲᠤ᠌ ᠬᠦᠰᠡᠯᠡᠩ ᠢᠳᠡᠭᠡᠯ ᠪᠢᠰᠢᠷᠡᠯ ᠨᠢ ᠡᠷᠡᠰ ᠪᠠᠲᠤ ᠦᠵᠡᠯ ᠰᠠᠨᠠᠭ᠎ᠠ ᠡᠴᠡ ᠢᠷᠡᠳᠡᠭ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠤᠬᠠᠮᠰᠠᠷ᠎ᠡᠴᠡ᠎ᠪᠠᠨ ᠰᠢᠨᠵᠢᠯᠡᠬᠦ᠌ ᠤᠬᠠᠭᠠᠨᠴᠢ ᠣᠨᠣᠯ᠎ᠢᠶᠠᠷ ᠲᠠᠷᠢᠬᠢ ᠲᠣᠯᠣᠭᠠᠶ᠎ᠪᠠᠨ ᠵᠡᠪᠰᠡᠭᠯᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠬᠦᠰᠡᠯᠡᠩ ᠢᠲᠡᠭᠡᠯ ᠪᠢᠰᠢᠷᠡᠯ ᠪᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠳᠠᠪᠲᠠᠨ ᠪᠣᠯᠪᠠᠰᠤᠷᠠᠭᠤᠯᠬᠤ ᠬᠠᠮᠤᠭ᠎ᠤᠨ ᠰᠠᠶ᠋ᠢᠨ ᠵᠢᠭᠠᠬᠤ ᠮᠠᠲ᠋ᠧᠷᠢᠶᠠᠯ ᠪᠣᠯᠭᠠᠵᠤ᠂ ᠡᠪ ᠬᠠᠮᠲᠤᠴᠤᠳ᠎ᠤᠨ 《ᠰᠡᠳᠬᠢᠯ᠎ᠦᠨ ᠤᠬᠠᠭᠠᠨ》 ᠢ᠋ ᠳᠠᠪᠲᠠᠨ ᠪᠣᠯᠪᠠᠰᠤᠷᠠᠭᠤᠯᠵᠤ᠂ ᠶᠢᠷᠲᠢᠨᠴᠦ᠎ᠶᠢᠨ ᠦᠵᠡᠯᠲᠡ᠂ ᠠᠮᠢᠳᠤᠷᠠᠬᠤᠶ᠎ᠶᠢᠨ ᠦᠵᠡᠯᠲᠡ᠂ ᠥᠷᠲᠡᠭ᠎ᠦᠨ ᠦᠵᠡᠯᠲᠡ ᠭᠡᠬᠦ᠌ ᠡᠨᠡ ᠬᠦ᠌ ᠶᠡᠷᠦᠩᠬᠡᠶ ᠨᠡᠭᠡᠭᠡᠯᠭᠡ᠎ᠶᠢᠨ ᠠᠰᠠᠭᠤᠳᠠᠯ᠎ᠢ ᠰᠠᠶ᠋ᠢᠲᠤᠷ ᠰᠢᠢᠳᠪᠦᠷᠢᠯᠡᠵᠦ᠍᠂ ᠬᠦᠰᠡᠯᠡᠩ ᠢᠲᠡᠭᠡᠯ ᠪᠢᠰᠢᠷᠡᠯ᠎ᠢ ᠦᠨᠡᠨ ᠬᠦ᠌ ᠰᠡᠳᠬᠢᠯ ᠵᠢᠷᠦᠬᠡᠨ᠎ᠦ ᠭᠡᠷᠡᠯᠲᠦ᠍ ᠴᠠᠮᠬᠠᠭ ᠪᠣᠯᠭᠠᠪᠠ᠃

ᠣᠳᠣᠬᠠᠨ᠎ᠳᠤ᠂ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠴᠦ᠍ ᠪᠠᠶ᠋ᠢᠨ᠎ᠠ᠂ ᠭᠠᠭᠴᠠ ᠬᠦ᠌ ᠠᠭᠤᠤ ᠶᠡᠬᠡ ᠵᠣᠷᠢᠭ ᠰᠠᠨᠠᠭ᠎ᠠ᠎ᠲᠠᠶ ᠲᠦᠷᠦ᠎ᠶᠢᠨ ᠨᠠᠮ ᠰᠠᠶᠢ ᠠᠷᠠᠳ ᠲᠦᠮᠡᠨ᠎ᠢ ᠤᠳᠤᠷᠢᠳᠤᠨ ᠠᠭᠤᠤ ᠶᠡᠬᠡ ᠲᠡᠮᠡᠴᠡᠯ ᠬᠢᠵᠦ᠍᠂ ᠠᠭᠤᠤ ᠶᠡᠬᠡ ᠦᠢᠯᠡᠰ᠎ᠢ ᠡᠭᠦᠳᠴᠦ᠍ ᠴᠢᠳᠠᠨ᠎ᠠ᠃

《ᠦᠨᠡᠨ ᠶᠣᠰᠣ᠎ᠶᠢ ᠪᠠᠷᠢᠮᠲᠠᠯᠠᠵᠤ᠂ ᠬᠦᠰᠡᠯᠡᠩ᠎ᠢᠶᠡᠨ ᠪᠠᠲᠤ᠌ ᠰᠠᠬᠢᠵᠤ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠦᠷᠡᠭᠳᠡᠬᠦ᠎ᠡᠴᠡ ᠠᠶᠤᠬᠤ ᠦᠭᠡᠢ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠵᠦ᠍᠂ ᠨᠠᠮ᠎ᠳᠠᠭᠠᠨ ᠦᠨᠡᠨᠴᠢ ᠰᠢᠳᠤᠷᠭᠤ ᠪᠠᠶ᠋ᠢᠵᠤ᠂ ᠠᠷᠠᠳ ᠲᠦᠮᠡᠨ᠎ᠳᠦ ᠣᠰᠣᠯᠳᠠᠬᠤ ᠦᠭᠡᠢ ᠪᠠᠶ᠋ᠢᠬᠤ ᠬᠡᠷᠡᠭᠲᠡᠢ》᠃

ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠦᠨ ᠤᠢ᠎ᠶᠢᠨ ᠲᠠᠰᠢᠷᠠᠮ᠎ᠳᠤ᠂ ᠶᠡᠷᠦᠩᠬᠡᠢ ᠱᠦᠵᠢ ᠰᠢ ᠵᠢᠨ ᠫᠢᠩ ᠠᠩᠬ᠎ᠠ ᠤᠳᠠᠭ᠎ᠠ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠠᠭᠤᠯᠤᠭᠳᠠᠬᠤᠨ᠎ᠢ ᠲᠣᠳᠣᠷᠬᠠᠶ᠋ᠢᠯᠠᠨ ᠥᠭᠦᠯᠡᠵᠦ᠍᠂ ᠪᠢᠳᠡᠨ᠎ᠦ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠠᠮᠢᠨ ᠰᠤᠳᠠᠰᠤ᠎ᠶᠢ ᠵᠠᠯᠭᠠᠮᠵᠢᠯᠠᠵᠤ᠂ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠨᠢᠷᠤᠭᠤ ᠲᠤᠯᠭᠠᠭᠤᠷᠢ᠎ᠶᠢ ᠪᠤᠰᠬᠠᠵᠤ᠂ ᠬᠦᠴᠢᠷ ᠪᠡᠷᠬᠡᠰᠢᠶᠡᠯ ᠬᠠᠷᠰᠢ ᠰᠠᠭᠠᠳ᠎ᠡᠴᠡ ᠠᠶᠤᠬᠤ ᠦᠭᠡᠢ᠂ ᠡᠷᠡᠰ ᠪᠠᠲᠤ᠌ ᠡᠷᠡᠯᠬᠡᠭᠯᠡᠨ ᠤᠷᠤᠭᠰᠢᠯᠠᠬᠤ᠎ᠶᠢ ᠵᠢᠭᠠᠨ ᠵᠢᠯᠣᠭᠣᠳᠪᠠ᠃

ᠰᠢᠨ᠎ᠡ ᠤᠷᠲᠤ᠌ ᠵᠠᠮ᠎ᠤᠨ ᠠᠶᠠᠨ ᠲᠠᠶ᠋ᠢᠨ᠎ᠦ ᠵᠠᠮ᠎ᠳᠦ᠂ ᠬᠦᠰᠡᠯᠡᠩ ᠢᠳᠡᠭᠡᠯ ᠪᠢᠰᠢᠷᠡᠯ᠎ᠢᠶᠠᠨ ᠪᠠᠲᠤᠳᠬᠠᠬᠤ᠎ᠶᠢ ᠦᠷᠭᠦᠯᠵᠢᠯᠡᠨ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠦᠲᠦᠯᠦᠨ ᠵᠢᠯᠣᠭᠣᠳᠴᠤ᠌ ᠪᠠᠶ᠋ᠢᠭᠠᠳ ᠮᠠᠷᠺᠰ᠎ᠤᠨ ᠦᠵᠡᠯ᠎ᠦᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠲᠤᠬᠠᠢ ᠢᠲᠡᠭᠡᠯ ᠪᠢᠰᠢᠷᠡᠯ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ ᠤᠯᠤᠰ᠎ᠤᠨ ᠵᠡᠭᠦᠳᠦ᠎ᠶᠢ ᠪᠡᠶᠡᠯᠡᠭᠦᠯᠬᠦ᠌ ᠲᠤᠬᠠᠢ ᠢᠲᠡᠭᠡᠯ ᠵᠣᠷᠢᠭ᠎ᠢ ᠨᠢ ᠪᠠᠲᠤᠳᠬᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠰᠢᠨ᠎ᠡ ᠢᠯᠠᠯᠲᠠ᠎ᠶᠢ ᠲᠠᠰᠤᠷᠠᠯᠲᠠ ᠦᠭᠡᠢ ᠲᠡᠮᠡᠴᠡᠨ ᠤᠯᠬᠤ ᠬᠡᠷᠡᠭᠲᠡᠢ᠃

ᠨᠠᠮ᠎ᠤᠨ ᠰᠢᠨ᠎ᠡ᠎ᠡᠬᠦᠳᠤᠯᠳᠠ ᠵᠢᠨ ᠤᠨᠤᠯ ᠵᠢᠡᠷ ᠵᠢᠯᠣᠭᠣᠳᠣᠯᠭ᠎ᠠ ᠪᠣᠯᠭᠠᠨ ᠰᠢᠨ᠎ᠡ ᠠᠶᠠᠨ ᠎ᠳ᠋ᠦ᠍ ᠡᠷᠡᠯᠬᠡᠭᠯᠡᠨ ᠤᠷᠤᠭᠰᠢᠯᠠᠨ᠎ᠠ

《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ᠎ᠳᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠰᠤᠷᠤᠯᠴᠠᠬᠤ ᠰᠡᠳᠬᠢᠬᠦ᠌ ᠬᠡᠷᠡᠭᠯᠡᠬᠦ᠌᠎ᠶᠢ ᠤᠶᠠᠯᠳᠤᠭᠤᠯᠬᠤ᠂ ᠮᠡᠳᠡᠬᠦ᠌ ᠢᠲᠡᠭᠡᠬᠦ᠌ ᠬᠢᠬᠦ᠌᠎ᠶᠢ ᠨᠢᠭᠡᠳᠬᠡᠬᠦ᠌᠎ᠶᠢ ᠪᠠᠷᠢᠮᠲᠠᠯᠠᠵᠤ᠂ ᠨᠠᠮ᠎ᠤᠨ ᠰᠢᠨ᠎ᠡ ᠡᠬᠦᠳᠦᠯᠲᠠ ᠵᠢᠨ ᠤᠨᠤᠯ᠂ ᠢᠯᠠᠩᠭᠤᠶ᠎ᠠ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠡᠶᠡᠴᠢ ᠶᠢᠷᠲᠢᠨᠴᠦ᠍ ᠪᠠ ᠪᠤᠰᠤᠳᠴᠢ ᠶᠢᠷᠲᠢᠨᠴᠦ᠎ᠶᠢ ᠥᠭᠡᠷᠡᠴᠢᠯᠡᠬᠦ᠌ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠪᠣᠯᠭᠠᠨ ᠬᠤᠪᠢᠷᠠᠭᠤᠯᠬᠤ᠂ ᠬᠦᠰᠡᠯᠡᠩ᠎ᠢᠶᠡᠨ ᠪᠠᠲᠤᠳᠬᠠᠬᠤ᠂ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ᠎ᠪᠡᠨ ᠵᠢᠯᠣᠭᠣᠳᠬᠤ᠂ ᠠᠵᠢᠯ᠎ᠢᠶᠠᠨ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠬᠤ᠎ᠪᠠᠷ ᠬᠦᠴᠦᠯᠡᠨ ᠴᠢᠷᠮᠠᠶ᠋ᠢᠪᠠ᠃

ᠪᠠᠶ᠋ᠢᠯᠳᠤᠬᠤ ᠪᠤᠳᠤᠯᠭ᠎ᠠ᠎ᠶᠢᠨ ᠰᠡᠳᠬᠢᠬᠦᠢ᠎ᠪᠡᠷ ᠶᠡᠬᠡ ᠲᠠᠯ᠎ᠠ᠎ᠶᠢ ᠪᠣᠳᠣᠯᠬᠢᠯᠠᠵᠤ᠂ ᠬᠤᠪᠢᠰᠤᠩᠭᠤᠢ ᠰᠡᠳᠬᠢᠬᠦᠢ᠎ᠪᠡᠷ ᠵᠥᠷᠢᠴᠡᠯ᠎ᠢ ᠰᠢᠨᠵᠢᠯᠡᠵᠦ᠍᠂ ᠰᠢᠰᠲ᠋ᠧᠮᠲᠦ᠍ ᠰᠡᠳᠬᠢᠬᠦᠢ᠎ᠪᠡᠷ ᠪᠦᠬᠦ᠌ ᠲᠠᠯ᠎ᠠ᠎ᠶᠢ ᠰᠢᠨᠵᠢᠯᠡᠵᠦ᠍᠂ ᠰᠢᠨ᠎ᠡ᠎ᠶᠢ ᠡᠭᠦᠳᠬᠦ᠌ ᠰᠡᠳᠬᠢᠬᠦᠢ᠎ᠪᠡᠷ ᠥᠭᠡᠷᠡᠴᠢᠯᠡᠯᠲᠡ᠎ᠶᠢ ᠠᠬᠢᠭᠤᠯᠵᠤ᠂ ᠬᠣᠷᠢᠭ᠎ᠠ ᠱᠤᠭᠤᠮ᠎ᠤᠨ ᠰᠡᠳᠬᠢᠬᠦᠢ᠎ᠪᠡᠷ ᠠᠶᠤᠯ ᠲᠦᠭᠰᠢᠭᠦᠷᠢ᠎ᠶᠢ ᠡᠵᠡᠮᠳᠡᠨ᠎ᠡ ᠁ ᠨᠡᠩ ᠥᠷᠭᠡᠨ ᠬᠠᠷᠠᠭᠠᠰᠤ᠂ ᠨᠡᠩ ᠠᠯᠤᠰ ᠬᠡᠳᠦ᠎ᠶᠢᠨ ᠬᠠᠷᠠᠴᠠ᠎ᠪᠠᠷ ᠠᠰᠠᠭᠤᠳᠠᠯ᠎ᠢ ᠰᠡᠳᠬᠢᠵᠦ᠍᠂ ᠠᠰᠠᠭᠤᠳᠠᠯ᠎ᠢ ᠰᠢ᠌ᠳᠪᠦᠷᠢᠯᠡᠬᠦ᠌ ᠪᠣᠯ ᠨᠠᠮ᠎ᠤᠨ ᠰᠢᠨ᠎ᠡ᠎ᠡᠬᠦᠳᠤᠯᠳᠠ ᠵᠢᠨ ᠤᠨᠤᠯ᠎ᠤᠨ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢᠶᠡᠷ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠎ᠳᠤ ᠪᠠᠶ᠋ᠢᠪᠠᠰᠤ ᠵᠣᠬᠢᠬᠤ ᠠᠭᠤᠯᠭ᠎ᠠ ᠪᠣᠯᠤᠨ᠎ᠠ᠃

2026 ᠣᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠳᠠᠷᠠᠭ᠎ᠠ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠪᠥᠬᠥ᠌ ᠨᠠᠮ᠎ᠤᠨ ᠬᠡᠪᠴᠢᠶᠡᠨ᠎ᠳᠦ ᠡᠬᠢᠯᠡᠪᠡ᠃

《ᠪᠣᠳᠠᠲᠠᠢ᠎ᠡᠴᠡ ᠡᠭᠦᠰᠬᠦ᠌᠎ᠶᠢ ᠪᠠᠷᠢᠮᠲᠠᠯᠠᠵᠤ ᠂ ᠵᠢᠮ᠎ᠡ ᠶᠣᠰᠣ᠎ᠪᠠᠷ ᠠᠵᠢᠯᠯᠠᠵᠤ᠂ ᠤᠬᠠᠮᠰᠠᠷ᠎ᠡᠴᠡ᠎ᠪᠠᠨ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ ᠬᠡᠷᠡᠭᠲᠡᠢ》᠃ ᠶᠡᠷᠦᠩᠬᠡᠶ ᠱᠦᠵᠢ ᠰᠢ ᠵᠢᠨ ᠫᠢᠩ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠤᠯᠠᠮ ᠨᠢᠭᠡ ᠠᠯᠬᠤᠮ ᠪᠣᠶ ᠪᠣᠯᠭᠠᠨ ᠦᠢᠯᠡᠳᠦᠯᠭᠡᠵᠢᠭᠦᠯᠵᠦ᠍᠂ ᠴᠠᠭ ᠦᠶ᠎ᠡ᠎ᠳᠦ ᠥᠯᠥ᠍ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠴᠢᠷᠮᠠᠶ᠋ᠢᠨ ᠡᠭᠦᠳᠬᠦ᠌ ᠬᠡᠷᠡᠭᠲᠡᠶ ᠭᠡᠵᠦ᠍ ᠤᠷᠢᠶᠠᠯᠠᠪᠠ᠃

ᠨᠠᠮ᠎ᠤᠨ ᠰᠢᠨ᠎ᠡ᠎ᠡᠬᠦᠳᠤᠯᠳᠠ ᠵᠢᠨ ᠣᠨᠣᠯ᠎ᠢᠶᠠᠷ ᠪᠥᠬᠥ᠌ ᠨᠠᠮ᠎ᠢ ᠵᠡᠪᠰᠡᠭᠯᠡᠵᠦ᠍᠂ ᠨᠠᠮ᠎ᠤᠨ ᠪᠦᠲᠦᠭᠡᠯᠴᠢ ᠬᠦᠴᠦᠨ᠂ ᠨᠢᠭᠲᠠᠷᠠᠯ᠎ᠤᠨ ᠬᠦᠴᠦᠨ  ᠳᠠᠶ᠋ᠢᠴᠢᠨ ᠬᠦᠴᠦᠨ᠎ᠢ ᠲᠠᠰᠤᠷᠠᠯᠲᠠ ᠥᠬᠡᠶ ᠴᠢᠩᠭᠠᠳᠬᠠᠨ᠎ᠠ —

2026 ᠣᠨ᠎ᠡᠴᠡ ᠨᠠᠭᠠᠰᠢ᠂ ᠰᠢᠨ᠎ᠡ ᠴᠠᠭ ᠦᠶ᠎ᠡ᠎ᠶᠢᠨ ᠨᠠᠮ᠎ᠤᠨ ᠰᠢᠨ᠎ᠡ᠎ᠡᠬᠦᠳᠤᠯᠳᠠ ᠵᠢᠨ ᠤᠨᠤᠯ᠎ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠷᠬᠡ ᠰᠦᠷᠲᠦ᠍ ᠵᠢᠭᠠᠬᠤ ᠮᠠᠲ᠋ᠧᠷᠢᠶᠠᠯ ᠪᠣᠯᠤᠭᠰᠠᠨ᠎ᠤ ᠬᠤᠪᠢ᠎ᠳᠤ᠂ 《ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠵᠣᠬᠢᠶᠠᠯ᠎ᠤᠨ ᠰᠤᠩᠭᠤᠮᠠᠯ》 ᠤ᠋ᠨ ᠨᠢᠭᠡᠳᠦᠭᠡᠷ ᠪᠤᠳᠢ᠂ ᠬᠣᠶᠠᠳᠤᠭᠠᠷ ᠪᠤᠳᠢ᠂ 《ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭᠠᠨ᠎ᠤ ᠰᠤᠷᠤᠯᠴᠠᠯᠭ᠎ᠠ᠎ᠶᠢᠨ ᠠᠰᠠᠭᠤᠯᠲᠠ ᠬᠠᠷᠢᠭᠤᠯᠲᠠ》 ᠵᠡᠷᠭᠡ ᠴᠢᠬᠤᠯᠠ ᠵᠣᠬᠢᠶᠠᠯ᠎ᠢ ᠬᠡᠪᠯᠡᠨ ᠲᠠᠷᠬᠠᠭᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠠᠪᠰᠤᠷᠤᠨ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ᠎ᠶᠢ ᠤᠯᠠᠮ ᠨᠢᠭᠡ ᠠᠯᠬᠤᠮ ᠨᠡᠪᠲᠡᠷᠬᠡᠢ ᠣᠶ᠋ᠢᠯᠠᠭᠠᠵᠤ᠂ ᠡᠯ᠎ᠡ ᠵᠦᠢᠯ᠎ᠦᠨ ᠠᠵᠢᠯ ᠦᠢᠯᠡᠰ ᠢᠮᠠᠭᠲᠠ ᠵᠥᠪ ᠤᠯᠤᠰ ᠲᠦᠷᠦ᠎ᠶᠢᠨ ᠴᠢᠭᠯᠡᠯ᠎ᠢᠶᠡᠷ ᠤᠷᠤᠭᠰᠢᠯᠠᠬᠤ᠎ᠶᠢ ᠦᠨᠡᠨ ᠬᠦ᠌ ᠪᠠᠲᠤᠯᠠᠪᠠ᠃

ᠦᠵᠡᠯ ᠰᠠᠨᠠᠭᠠᠨ᠎ᠤ ᠲᠠᠯ᠎ᠠ᠎ᠪᠠᠷ ᠨᠢᠭᠡᠳᠬᠦ᠌ ᠪᠣᠯ ᠨᠠᠮ᠎ᠤᠨ ᠪᠦᠯᠬᠦᠮᠳᠡᠯ ᠨᠢᠭᠡᠳᠦᠯ᠎ᠦᠨ ᠬᠠᠮᠤᠭ᠎ᠤᠨ ᠭᠦᠨ ᠵᠤᠵᠠᠭᠠᠨ ᠬᠠᠮᠤᠭ᠎ᠤᠨ ᠤᠳᠠᠭᠠᠨ ᠳᠠᠭᠠᠭᠠᠮᠠᠭᠠᠢ ᠬᠠᠮᠤᠭ᠎ᠤᠨ ᠨᠠᠶ᠋ᠢᠳᠠᠪᠤᠷᠢᠲᠠᠢ ᠪᠠᠲᠤᠯᠠᠭ᠎ᠠ ᠮᠥᠨ᠃

ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠦᠵᠡᠯ ᠰᠠᠨᠠᠭ᠎ᠠ᠎ᠪᠠᠷ ᠨᠠᠮ ᠪᠠᠶ᠋ᠢᠭᠤᠯᠬᠤ᠂ ᠤᠨᠤᠯ᠎ᠢᠶᠠᠷ ᠨᠠᠮ᠎ᠢ ᠬᠦᠴᠦᠷᠬᠡᠭᠵᠢᠭᠦᠯᠬᠦ᠌᠂ ᠦᠵᠡᠯ ᠰᠠᠨᠠᠭ᠎ᠠ᠎ᠪᠠᠨ ᠨᠢᠭᠡᠳᠬᠡᠬᠦ᠌᠂ ᠵᠣᠷᠢᠭ ᠰᠠᠨᠠᠭ᠎ᠠ᠎ᠪᠠᠨ ᠨᠢᠭᠡᠳᠬᠡᠬᠦ᠌᠂ ᠦᠢᠯᠡ ᠠᠵᠢᠯᠯᠠᠭ᠎ᠠ᠎ᠪᠠᠨ ᠨᠢᠭᠡᠳᠬᠡᠬᠦ᠌᠎ᠶᠢ ᠢᠮᠠᠭᠲᠠ ᠪᠠᠷᠢᠮᠲᠠᠯᠠᠵᠤ᠂ ᠪᠦᠬᠦ᠌ ᠨᠠᠮ᠎ᠤᠨ ᠮᠠᠷᠺᠰ᠎ᠤᠨ ᠦᠵᠡᠯ᠎ᠦᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠍᠂ ᠨᠠᠮ᠎ᠤᠨ ᠲᠦᠷᠦ᠍ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ᠎ᠢ ᠳᠡᠭᠡᠭᠰᠢᠯᠡᠭᠦᠯᠪᠡᠯ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠲᠠᠢ ᠨᠡᠩ ᠰᠠᠷᠠᠭᠤᠯ ᠠᠭᠤᠳᠠᠮ ᠢᠷᠡᠭᠡᠳᠦᠢ᠎ᠶᠢ ᠨᠡᠭᠡᠭᠡᠬᠦ᠌ ᠪᠣᠯᠤᠨ᠎ᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号