ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠦᠪᠤᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠰᠢᠶᠦ᠋ᠩ ᠠᠨ ᠰᠢᠨ᠎ᠡ ᠲᠤᠭᠤᠷᠢᠭ ᠤ᠋ᠨ ᠡᠵᠡᠡᠭᠨᠡᠨ ᠪᠤᠷᠤᠯᠠᠭᠤᠯᠭ᠎ᠠ ᠶ᠋ᠢᠨ ᠲᠦᠪ ᠤᠢᠷ᠎ᠠ ᠳ᠋ᠤ ᠾᠸᠪᠸᠢ ᠶ᠋ᠢᠨ ᠰᠢᠶᠦ᠋ᠩ ᠠᠨ ᠰᠢᠨ᠎ᠡ ᠲᠣᠭᠣᠷᠢᠭ ᠤ᠋ᠨ ᠰᠢᠶᠦ᠋ᠩ ᠰᠢᠶᠠᠨ ᠤ᠋ ᠸᠧᠨ ᠴᠢᠤᠸᠠᠨ ᠵᠠᠮ ᠤ᠋ᠨ 412 ᠳ᠋ᠤᠭᠠᠷ ᠨᠣᠮᠧᠷ ᠲᠦ᠍ ᠡᠭᠦᠳᠡ ᠪᠠᠨ ᠰᠡᠭᠦᠨ ᠡᠷᠦᠬᠡ ᠪᠠᠨ ᠨᠡᠬᠡᠭᠡᠵᠦ ᠡᠵᠡᠡᠭᠨᠡᠯᠲᠡ ᠪᠠᠨ ᠡᠬᠢᠯᠡᠭᠦᠯᠪᠡ᠃
ᠲᠣᠰ ᠲᠥᠪᠢ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠡᠴᠡ ᠡᠷᠬᠡ ᠣᠯᠭᠣᠨ ᠨᠡᠬᠡᠭᠡᠵᠠᠢ᠃ ᠡᠨᠡ ᠪᠤᠯ ᠾᠧᠪᠧᠶ ᠥᠪᠥᠷ ᠮᠣᠩᠭᠣᠯ ᠬᠣᠶᠠᠷ ᠭᠠᠵᠠᠷ ᠤ᠋ᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠤ᠋ᠨ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠬᠦ᠌᠂ ᠬᠥᠳᠡᠭᠡ ᠲᠣᠰᠬᠣᠨᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠳ᠋ᠦ ᠦᠢᠯᠡᠴᠢᠯᠡᠬᠦ᠂ ᠪᠡᠭᠡᠵᠢᠩ ᠲᠢᠶᠠᠨᠵᠢᠨ ᠾᠧᠪᠧᠶ ᠶ᠋ᠢᠨ ᠴᠢᠨᠠᠷ ᠰᠠᠶ᠋ᠢᠲᠠᠶ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠬᠠᠩᠭᠠᠯᠭ᠎ᠠ ᠵᠢ ᠪᠠᠲᠤᠯᠠᠬᠤ ᠭᠤᠤᠯᠳᠠᠯᠭ᠎ᠠ ᠲᠠᠶ ᠲᠥᠷᠥᠯ ᠵᠦᠢᠯ ᠪᠠᠶ᠋ᠢᠵᠤ᠂ ᠦᠪᠤᠷ ᠮᠤᠩᠭᠤᠯ ᠤ᠋ᠨ ᠪᠣᠬᠢᠷᠲᠤᠯ ᠥᠬᠡᠶ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨᠢ ᠰᠢᠶᠦ᠋ᠡᠭ ᠠᠨ ᠳ᠋ᠦ ᠰᠢᠭᠤᠳ ᠬᠠᠩᠭᠠᠬᠤ᠂ ᠪᠡᠭᠡᠵᠢᠩ ᠲᠢᠶᠠᠨᠵᠢᠨ ᠾᠧᠪᠧᠶ ᠵᠢ ᠨᠥᠯᠥᠭᠡᠯᠡᠨ ᠳᠠᠶ᠋ᠢᠴᠢᠯᠠᠬᠤ ᠪᠠᠢᠡᠭᠭᠤᠵᠢᠭᠰᠠᠨ ᠦᠢᠯᠡᠳᠪᠦᠷᠢᠯᠡᠯ ᠪᠣᠷᠣᠯᠠᠭᠤᠯᠭ᠎ᠠ ᠶ᠋ᠢᠨ ᠨᠡᠪᠲᠡᠷᠡᠯᠴᠡᠭᠡᠨ ᠤ᠋ ᠲᠠᠪᠴᠠᠩᠢ ᠠᠮᠵᠢᠯᠲᠠ ᠲᠠᠶ ᠪᠠᠶ᠋ᠢᠭᠤᠯᠪᠠ᠃
ᠲᠣᠰ ᠲᠥᠪ ᠨᠢ ᠭᠠᠷᠤᠯᠲᠠ ᠶ᠋ᠢᠨ ᠤᠷᠤᠨ ᠡᠴᠡ ᠰᠢᠭᠤᠳ ᠬᠠᠩᠭᠠᠬᠤ᠂ ᠶᠠᠰᠤ ᠴᠢᠨᠠᠷ ᠢ᠋ ᠮᠦᠷᠳᠡᠬᠦ᠂ ᠦᠢᠯᠡᠳᠪᠦᠷᠢᠯᠡᠯ ᠪᠣᠷᠣᠯᠠᠭᠤᠯᠭ᠎ᠠ ᠵᠢ ᠨᠢᠭᠡ ᠴᠤᠭᠴᠠᠵᠢᠭᠤᠯᠬᠤ᠂ ᠠᠷᠠᠳ ᠲᠤ᠌ ᠲᠥᠬᠥᠮ ᠦᠵᠡᠭᠦᠯᠵᠦ᠍ ᠠᠷᠠᠳ ᠲᠤ᠌ ᠠᠰᠢᠭ ᠬᠦᠷᠲᠡᠭᠡᠬᠦ᠌ ᠡᠵᠡᠩᠨᠡᠯᠲᠡ ᠶ᠋ᠢᠨ ᠤᠢᠯᠠᠭᠠᠬᠳᠠᠬᠤᠨ ᠢ᠋ ᠪᠠᠷᠢᠮᠲᠠᠯᠠᠵᠤ᠂ ᠪᠦᠬᠦ ᠤᠷᠤᠨ ᠤ᠋ ᠡᠯ᠎ᠡ ᠠᠶ᠋ᠢᠮᠠᠭ ᠬᠣᠲᠠ ᠶ᠋ᠢᠨ ᠭᠠᠵᠠᠷ ᠵᠦᠶ ᠶ᠋ᠢᠨ ᠢᠯᠡᠷᠬᠡᠢᠯᠡᠯᠲᠦ ᠪᠦᠲᠦᠭᠡᠭᠳᠡᠭᠦᠨ᠂ ᠪᠣᠬᠢᠷᠲᠤᠯ ᠥᠬᠡᠶ ᠣᠷᠭᠠᠨᠢᠭ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠬᠦᠨ᠂ ᠣᠨᠴᠠᠯᠢᠭᠲᠤ᠌ ᠪᠡᠯᠡᠨ ᠵᠠᠭᠤᠰᠢ ᠵᠡᠷᠭᠡ 100 ᠭᠠᠷᠤᠶ ᠵᠦᠢᠯ ᠤ᠋ᠨ ᠴᠢᠨᠠᠷ ᠰᠠᠢᠲᠠᠢ ᠪᠦᠲᠦᠭᠡᠭᠳᠡᠭᠦᠨ ᠢ᠋ ᠲᠦᠪᠯᠡᠷᠡᠭᠦᠯᠦᠨ ᠳᠡᠯᠭᠡᠨ ᠪᠤᠷᠤᠯᠠᠭᠤᠯᠬᠤ ᠪᠤᠯᠤᠨ᠎ᠠ᠃ ᠲᠤᠰ ᠲᠦᠪ ᠢ᠋ ᠪᠠᠢᠭᠤᠯᠤᠭᠰᠠᠨ ᠨᠢ ᠣᠯᠠᠨ ᠳᠠᠪᠬᠤᠷᠭ᠎ᠠ ᠬᠤᠪᠢᠶᠠᠨ ᠪᠣᠷᠣᠯᠠᠭᠤᠯᠬᠤ ᠡᠳ᠋ ᠪᠠᠷᠠᠭᠠᠨ ᠤ᠋ ᠭᠦᠢᠯᠭᠡᠭᠡ ᠵᠢᠨ ᠭᠣᠭᠴᠣᠭ᠎ᠠ ᠵᠢ ᠲᠤᠶ᠋ᠢᠯᠪᠤᠷᠢᠲᠠᠶ ᠪᠠᠭᠠᠰᠬᠠᠵᠤ᠂ ᠲᠠᠯ᠎ᠠ ᠨᠤᠲᠤᠭ ᠤ᠋ᠨ ᠭᠠᠷᠤᠯᠲᠠ ᠵᠢ ᠰᠢᠶᠦ᠋ᠩ ᠠᠨ ᠤ᠋ ᠵᠠᠬ᠎ᠠ ᠳᠡᠯᠭᠡᠭᠦᠷᠲᠦ᠍ ᠰᠢᠭᠤᠳ ᠬᠦᠷᠭᠡᠨ ᠥᠪᠡᠷ ᠤ᠋ᠨ ᠥᠷᠲᠡᠭᠢ ᠶᠡᠬᠡ ᠪᠡᠷ ᠪᠠᠭᠤᠷᠠᠭᠤᠯᠵᠠᠢ᠃
ᠲᠤᠰ ᠲᠦᠪ ᠪᠤᠯ ᠲᠦᠷᠦᠯ ᠲᠡᠮᠲᠡᠭ ᠤ᠋ᠨ ᠳᠡᠯᠭᠡᠨ ᠦᠵᠡᠭᠦᠯᠭᠡ᠂ ᠠᠷᠠᠯᠵᠢᠶ᠎ᠡ ᠬᠤᠳᠠᠯᠳᠤᠭ᠎ᠠ ᠵᠢ ᠵᠤᠯᠭᠠᠭᠤᠯᠬᠤ᠂ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ᠂ ᠬᠠᠡᠭᠭᠠᠯᠭ᠎ᠠ ᠶ᠋ᠢᠨ ᠬᠡᠯᠬᠢᠶ᠎ᠡ ᠵᠢ ᠬᠠᠮᠲᠤ ᠪᠡᠷ ᠪᠠᠢᠭᠤᠯᠬᠤ᠂ ᠠᠵᠤ ᠦᠢᠯᠡᠰ ᠶ᠋ᠢᠡᠷ ᠡᠨ᠋ᠸᠷᠬᠢ ᠤᠯᠭᠤᠬᠤ ᠵᠡᠷᠭᠡ ᠵᠢ ᠨᠢᠭᠡ ᠴᠤᠭᠴᠠᠵᠢᠭᠤᠯᠤᠭᠰᠠᠨ ᠶᠡᠷᠦᠡᠭᠬᠡᠢᠯᠡᠭᠰᠡᠨ ᠴᠢᠨᠠᠷᠲᠠᠢ ᠠᠵᠤ ᠦᠢᠯᠡᠰ ᠤ᠋ᠨ ᠦᠢᠯᠡᠴᠢᠯᠡᠭᠡᠨ ᠤ᠋ ᠲᠠᠪᠴᠠᠡᠭ ᠪᠤᠯᠤᠨ᠎ᠠ᠃ ᠳᠠᠷᠠᠭᠠᠴᠢ ᠪᠡᠷ ᠪᠦᠲᠦᠭᠡᠭᠳᠡᠬᠦᠨ ᠶ᠋ᠢᠡᠨ ᠠᠮᠲᠠᠯᠠᠭᠤᠯᠬᠤ᠂ ᠲᠦᠷᠦᠯ ᠲᠡᠮᠳᠡᠭ ᠤ᠋ᠨ ᠲᠠᠨᠢᠯᠴᠠᠭᠤᠯᠭ᠎ᠠ ᠬᠢᠬᠦ᠂ ᠠᠷᠠᠯᠵᠢᠶ᠎ᠠ ᠬᠤᠳᠠᠯᠳᠤᠭᠠᠨ ᠤ᠋ ᠵᠥᠪᠳᠡᠯᠴᠡᠬᠡᠷ ᠬᠢᠬᠦ ᠵᠡᠷᠭᠡ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠍᠂ 《ᠲᠠᠯ᠎ᠠ ᠨᠤᠲᠤᠭ ᠤ᠋ᠨ ᠰᠢᠯᠢᠳᠡᠭ ᠪᠦᠲᠦᠭᠡᠭᠳᠡᠬᠦᠨ ᠢ᠋ ᠰᠢᠶᠦ᠋ᠩ ᠠᠨ ᠳ᠋ᠦ ᠣᠷᠣᠭᠤᠯᠬᠤ》 ᠭᠤᠤᠯ ᠰᠡᠳᠦᠪᠲᠦ᠍ ᠰᠢᠷᠢᠰ ᠠᠵᠢᠯᠯᠠᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠣᠯᠠᠨ ᠤᠯᠤᠰ ᠤ᠋ᠨ ᠦᠬᠡᠷ ᠬᠣᠨᠢᠨ ᠮᠢᠬᠠᠨ ᠤ᠋ ᠬᠡᠯᠬᠢᠶ᠎ᠡ ᠶ᠋ᠢᠨ ᠦᠵᠡᠰᠬᠦᠯᠡᠩ ᠤ᠋ᠨ ᠴᠤᠭᠯᠠᠭᠠᠨ ᠵᠡᠷᠭᠡ ᠰᠢᠯᠢᠳᠡᠭ ᠰᠠᠢᠨ ᠡᠬᠢ ᠪᠠᠶᠠᠯᠢᠭ ᠤ᠋ᠨ ᠲᠠᠪᠴᠠᠩ ᠢ᠋ ᠠᠰᠢᠭᠯᠠᠨ ᠦᠪᠤᠷ ᠮᠤᠩᠭᠤᠯ ᠤ᠋ᠨ ᠤᠨᠴᠠᠯᠢᠭᠲᠦ ᠮᠠᠯ ᠠᠵᠤ ᠠᠬᠤᠢ ᠲᠠᠷᠢᠶᠠᠯᠠᠡᠭ ᠤ᠋ᠨ ᠤᠯᠠᠨ ᠨᠡᠢᠲᠡ ᠶ᠋ᠢᠨ ᠲᠦᠷᠦᠯ ᠲᠡᠮᠲᠡᠭ ᠢ᠋ ᠰᠢᠰᠲ᠋ᠧᠮᠵᠢᠭᠦᠯᠦᠨ ᠳᠡᠯᠭᠡᠷᠡᠭᠦᠯᠬᠦ ᠪᠡᠷ ᠪᠤᠢ᠃