ᠥᠪᠥᠷ ᠮᠣᠩᠭᠣᠯ ᠮᠠᠯᠵᠢᠬᠤ ᠲᠠᠷᠢᠶᠠᠯᠠᠬᠤ ᠣᠷᠣᠨ᠎ᠤ ᠭᠤᠪᠢᠭᠤᠯᠭ᠎ᠠ᠎ᠶᠢᠨ ᠦᠶ᠋ᠯᠡᠴᠢᠯᠡᠭᠡ ᠶ᠋ᠢ ᠱᠢᠯᠢᠳᠡᠭᠵᠢᠭᠦᠯᠦᠨ ᠲᠠᠰ ᠳᠡᠪᠱᠢᠭᠦᠯᠬᠦ᠌ ᠶ᠋ᠢ ᠠᠬᠢᠭᠤᠯᠵᠤ ᠪᠣᠶ
2026-06-29 15:51:46
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠡᠨᠡ ᠵᠢᠯ ᠡᠴᠡ ᠥᠪᠥᠷ ᠮᠣᠩᠭᠣᠯ ᠬᠥᠳᠡᠭᠡ ᠲᠣᠰᠭᠣᠨ ᠮᠠᠯᠵᠢᠬᠤ ᠣᠷᠣᠨ᠎ᠤ ᠭᠤᠪᠢᠭᠤᠯᠭ᠎ᠠ᠎ᠶᠢᠨ ᠦᠢᠯᠡᠴᠢᠯᠡᠭᠡ᠎ᠳᠦ ᠰᠠᠭᠤᠷᠢᠯᠠᠵᠤ᠂ ᠳᠤᠲᠠᠭᠤᠳᠠᠯ᠎ᠢᠶᠠᠨ ᠦᠷᠭᠦᠯᠵᠢᠯᠡᠨ ᠨᠥᠬᠥᠪᠥᠷᠢᠯᠡᠵᠦ᠍᠂ ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠲᠦᠷᠢᠮᠵᠢᠯ᠎ᠢ ᠠᠳᠭᠤᠵᠤ᠂ ᠱᠢᠦᠳᠠᠨ᠎ᠤ ᠶᠠᠪᠤᠳᠠᠯ ᠪᠣᠯᠤᠨ ᠠᠷᠠᠳ᠎ᠤᠨ ᠡᠵᠡᠩᠨᠡᠯᠲᠡ ᠶ᠋ᠢᠨ ᠲᠦᠷᠭᠡᠨ ᠬᠦᠷᠭᠡᠯᠲᠡ ᠶ᠋ᠢᠨ ᠠᠵᠤ ᠠᠬᠤᠢᠯᠠᠯ᠎ᠤᠨ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠪᠠ ᠱᠢᠦᠳᠠᠨ᠎ᠤ ᠶᠠᠪᠤᠳᠠᠯ᠎ᠤᠨ ᠰᠠᠭᠤᠷᠢ ᠶ᠋ᠢ ᠪᠠᠲᠤᠯᠠᠬᠤ᠎ᠪᠠᠷ ᠭᠠᠷᠳᠠᠴᠠ ᠪᠣᠯᠭᠠᠵᠤ᠂ ᠲᠦᠷᠭᠡᠨ ᠬᠦᠷᠭᠡᠯᠲᠡ ᠶ᠋ᠢ ᠲᠣᠰᠭᠣᠨ᠎ᠳᠤ ᠣᠷᠤᠭᠤᠯᠬᠤ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠬᠥᠳᠡᠭᠡ ᠲᠣᠰᠭᠣᠨ᠎ᠤ ᠲᠦᠷᠭᠡᠨ ᠬᠦᠷᠭᠡᠯᠲᠡ ᠶ᠋ᠢᠨ ᠪᠠᠷᠠᠭᠠᠨ᠎ᠤ ᠭᠦᠢᠯᠭᠡᠭᠡ ᠵᠢ 《ᠪᠠᠢᠬᠤ  ᠡᠰᠡᠬᠦ᠌》 ᠡᠴᠡ 《ᠰᠠᠢ᠌ᠨ ᠡᠰᠡᠬᠦ᠌》 ᠲᠡᠢᠰᠢ  ᠬᠤᠪᠢᠷᠠᠬᠤ ᠶ᠋ᠢ ᠠᠬᠢᠭᠤᠯᠵᠠᠢ᠃

ᠪᠤᠭᠤᠲᠤ ᠬᠣᠲᠠ ᠤᠷᠢᠳ᠎ᠢᠶᠠᠷ ᠬᠠᠢᠨ ᠰᠦᠪᠡᠭ᠌ᠴᠢᠯᠡᠵᠦ᠍ ᠱᠢᠶᠠᠩ ᠪᠠᠯᠭᠠᠰᠤᠨ᠎ᠤ ᠰᠤᠯᠠ ᠪᠠᠢᠭ᠎ᠠ ᠠᠶᠠᠨᠴᠢᠳ᠎ᠤᠨ ᠲᠡᠭᠡᠭᠡᠪᠦᠷᠢ ᠶ᠋ᠢᠨ ᠥᠷᠲᠡᠭᠡ ᠶ᠋ᠢᠨ ᠡᠬᠢ ᠪᠠᠶᠠᠯᠢᠭ᠎ᠢ ᠠᠰᠢᠬᠯᠠᠬᠤ ᠵᠢᠴᠢ ᠠᠶᠠᠨᠴᠢᠳ᠎ᠤᠨ ᠲᠡᠭᠡᠭᠡᠪᠦᠷᠢ ᠵᠢᠨ ᠭᠤᠪᠢᠭᠤᠯᠭ᠎ᠠ᠂ ᠡᠯᠧᠺᠲ᠋ᠷᠣᠨ ᠬᠤᠳᠠᠯᠳᠤᠭᠠᠨ᠎ᠤ ᠴᠢᠳᠠᠮᠵᠢ ᠶ᠋ᠢ ᠡᠮᠬᠢᠯᠡᠨ ᠨᠡᠢᠯᠡᠭᠦᠯᠬᠦ᠌᠎ᠪᠡᠷ ᠳᠠᠮᠵᠢᠭᠤᠯᠤᠡ ᠬᠥᠳᠡᠭᠡ ᠲᠣᠰᠭᠣᠨ᠎ᠤ ᠲᠦᠷᠭᠡᠨ ᠬᠦᠷᠭᠡᠯᠲᠡ ᠶ᠋ᠢᠨ ᠵᠦᠶ᠋ᠯᠡᠰ᠎ᠢ ᠲᠣᠬᠢᠷᠠᠭᠤᠯᠤᠨ ᠬᠦᠷᠭᠡᠬᠦ᠌ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠠᠢ᠃ ᠣᠳᠣᠬᠠᠨ᠎ᠳᠤ ᠪᠤᠭᠤᠲᠤ ᠬᠣᠲᠠ ᠶ᠋ᠢᠨ ᠠᠩᠬᠠᠳᠠᠭ᠍ᠴᠢ 《ᠠᠶᠠᠨᠴᠢᠨ ᠪᠠᠷᠠᠭ᠎ᠠ ᠱᠢᠤᠳᠠᠨ ᠡᠯᠧᠺᠲ᠋ᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠥᠷᠲᠡᠭᠡ》 ᠨᠢᠭᠡᠨᠲᠡ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ᠎ᠤ ᠱᠢᠪᠠᠷ ᠬᠦᠷᠢᠶ᠎ᠡ ᠪᠠᠯᠭᠠᠰᠤᠨ᠎ᠳᠤ ᠰᠠᠭᠤᠷᠢᠰᠢᠵᠠᠢ᠃ ᠤᠯᠠᠭᠠᠨᠴᠠᠪ ᠬᠣᠲᠠ ᠶ᠋ᠢᠨ ᠬᠤᠸᠠᠳᠧ ᠱᠢᠶᠠᠨ 24 ᠲᠦᠮᠡ ᠭᠠᠷᠤᠶ ᠲᠥᠭᠥᠷᠢᠭ᠎ᠦᠨ 《ᠲᠦᠷᠭᠡᠨ ᠬᠦᠷᠭᠡᠯᠲᠡ ᠶ᠋ᠢ ᠲᠣᠰᠭᠣᠨ᠎ᠳᠤ ᠣᠷᠣᠭᠤᠯᠬᠤ》 ᠨᠥᠬᠥᠪᠥᠷᠢ ᠶ᠋ᠢᠨ ᠪᠠᠯᠠ ᠮᠥᠩᠭᠥ ᠶ᠋ᠢ ᠠᠵᠤ ᠠᠬᠤᠢᠯᠠᠯ᠎ᠳᠤ ᠪᠠᠭᠤᠯᠭᠠᠨ ᠥᠭ᠌ᠴᠦ ᠲᠣᠰᠭᠣᠨ᠎ᠤ ᠱᠠᠲᠤᠨ᠎ᠤ ᠦᠶ᠋ᠯᠡᠴᠢᠯᠡᠭᠡᠨ᠎ᠦ ᠰᠠᠭᠤᠷᠢ ᠶ᠋ᠢ ᠤᠯᠠᠮ ᠨᠢᠭᠡ ᠠᠯᠬᠤᠮ ᠪᠡᠬᠢᠵᠢᠭᠦᠯᠵᠦ ᠲᠦᠷᠭᠡᠨ ᠬᠦᠷᠭᠡᠯᠲᠡ ᠶ᠋ᠢ ᠲᠣᠰᠭᠣᠨ᠎ᠳᠤ ᠣᠷᠣᠭᠤᠯᠬᠤ᠎ᠶᠢᠨ 《ᠣᠷᠣᠵᠤ ᠳᠡᠢᠯᠬᠦ᠌᠂ ᠲᠣᠭ᠍ᠲᠠᠪᠤᠷᠢᠵᠢᠵᠤ ᠳᠡᠢᠯᠬᠦ᠌᠂ ᠦᠷᠭᠦᠯᠵᠢᠯᠡᠵᠦ᠍ ᠳᠡᠢᠯᠬᠦ᠌》 ᠶ᠋ᠢ ᠦᠨᠡᠨ ᠬᠦ᠌ ᠪᠠᠲᠤᠯᠠᠵᠠᠢ᠃

ᠣᠳᠣᠬᠠᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠬᠠᠮᠢᠶᠠᠷᠤᠯᠲᠠ ᠶ᠋ᠢᠨ ᠲᠣᠪᠴᠢᠶ᠎ᠠ ᠨᠢᠭᠡᠨᠲᠡ ᠥᠪᠡᠷᠲᠡᠭᠡᠨ ᠵᠠᠰᠠᠬᠤ ᠣᠷᠣᠨ ᠠᠢᠮᠠᠭ ᠬᠣᠲᠠ ᠬᠣᠱᠢᠭᠤ ᠱᠢᠶᠠᠨ ᠲᠣᠭᠣᠷᠢᠭ ᠭᠤᠷᠪᠠᠨ ᠱᠠᠲᠤ ᠬᠣᠯᠪᠣᠭᠠᠯᠠᠨ ᠬᠥᠳᠡᠯᠦᠯᠴᠡᠬᠦ᠌ ᠬᠠᠷᠢᠭᠤᠴᠠᠯᠭ᠎ᠠ ᠶ᠋ᠢᠨ ᠱᠢᠰᠲ᠋ᠧᠮ᠎ᠢ ᠪᠠᠢᠭᠤᠯᠵᠤ᠂ ᠲᠦᠷᠭᠡᠨ ᠬᠦᠷᠭᠡᠯᠳᠡ᠎ᠶᠢᠨ ᠵᠦᠶ᠋ᠯᠡᠰ᠎ᠢ ᠬᠦᠷᠭᠡᠬᠦ ᠪᠠ ᠭᠥᠯᠢᠶᠡᠨ ᠠᠪᠬᠤ᠂ ᠬᠦᠷᠭᠡᠬᠦ᠌  ᠪᠠᠷᠢᠮᠵᠢᠶ᠎ᠠ ᠡᠴᠡ ᠵᠠᠷᠤᠳᠠᠯ ᠰᠦᠶ᠋ᠳᠭᠡᠯ᠎ᠢ ᠳ᠋ᠦᠩᠨᠡᠨ ᠪᠤᠳᠤᠬᠤ ᠮᠡᠳᠡᠭᠡ ᠵᠠᠩᠭᠢ ᠶ᠋ᠢ ᠮᠥᠷᠳᠡᠬᠦ ᠵᠡᠷᠭᠡ ᠪᠥᠬᠥ᠌ ᠶᠠᠪᠤᠴᠡ᠎ᠶᠢᠨ ᠲᠦᠷᠢᠮᠵᠢᠯ᠎ᠢ ᠨᠢᠭᠡᠳᠭᠡᠡ ᠪᠠᠢᠩᠭᠤᠵᠢᠬᠰᠠᠨ ᠱᠠᠯᠠᠪᠳᠠᠭᠤᠯᠤᠨ ᠵᠢᠯᠣᠭᠣᠳᠴᠤ᠌ ᠰᠤᠭᠤᠴᠢᠨ ᠪᠠᠢᠴᠠᠭᠠᠵᠤ ᠬᠢᠨᠠᠨ ᠬᠠᠮᠢᠶᠠᠷᠬᠤ ᠵᠠᠭ᠍ᠪᠤᠷ᠎ᠢ ᠪᠠᠢᠭᠤᠯᠵᠤ᠂ ᠳᠦᠷᠢᠮᠵᠢᠭ᠌ᠰᠡᠨ ᠪᠠᠷᠢᠮᠵᠢᠶᠠᠵᠢᠭ᠍ᠰᠠᠨ ᠠᠷᠭ᠎ᠠ ᠪᠠᠷᠢᠯ᠎ᠢᠶᠠᠷ ᠱᠢᠤᠳᠠᠨ ᠪᠠ ᠲᠦᠷᠭᠡᠨ ᠬᠦᠷᠭᠡᠯᠳᠡ ᠶ᠋ᠢᠨ ᠬᠠᠮᠲᠤᠷᠠᠯᠴᠠᠭ᠎ᠠ ᠶ᠋ᠢ ᠪᠠᠲᠤᠯᠠᠨ ᠲᠣᠰᠭᠣᠨ᠎ᠳᠤ ᠣᠷᠣᠭᠤᠯᠬᠤ ᠠᠵᠢᠯ᠎ᠢ ᠪᠥᠬᠥ᠌ ᠲᠠᠯ᠎ᠠ᠎ᠪᠠᠷ ᠲᠦᠷᠢᠮᠵᠢᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号