ᠥᠪᠥᠷ ᠮᠣᠩᠭᠣᠯ 3000 ᠲᠦᠮᠡᠨ ᠲᠥᠭᠥᠷᠢᠭ ᠲᠤᠬᠢᠷᠠᠭᠤᠯᠵᠤ ᠲᠠᠩᠰᠠ ᠡᠪᠬᠡᠮᠡᠯ᠎ᠦᠨ ᠤᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠪᠠ
2026-06-29 16:25:30
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠤᠢᠷ᠎ᠠ᠎ᠵᠢᠨ 2 ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠤᠢᠯᠡᠰ ᠲᠦ᠍ ᠪᠠᠯᠠ ᠮᠥᠩᠭᠥ᠎ᠶᠢᠨ ᠳᠡᠮᠵᠢᠯᠭᠡ ᠦᠵᠡᠭᠦᠯᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠲᠦᠷᠦᠯ ᠵᠦᠢᠯ ᠤ᠋ᠨ ᠵᠠᠷᠤᠳᠡᠯ ᠪᠠᠷᠤᠭ 3000 ᠲᠦᠮᠡᠨ ᠲᠥᠭᠥᠷᠢᠭ ᠲᠤᠬᠢᠷᠠᠭᠤᠯᠵᠤ᠂ ᠲᠠᠩᠰᠠ ᠡᠪᠬᠡᠮᠡᠯ᠎ᠦᠨ ᠰᠠᠭᠤᠷᠢ ᠲᠦᠬᠦᠬᠡᠷᠤᠮᠵᠢ ᠢ᠋ᠢᠨ ᠪᠥᠲᠥᠭᠡᠨ ᠪᠠᠶ᠋ᠢᠭᠤᠯᠤᠯᠲᠠ᠂ ᠨᠤᠮ ᠤ᠋ᠨ ᠰᠠᠩ᠎ᠤᠨ ᠲᠠᠩᠰᠠ ᠡᠪᠬᠡᠮᠡᠯ᠎ᠤ᠋ᠨ ᠲᠤᠭᠠᠴᠢᠯᠠᠯᠳᠡ᠂ ᠲᠠᠩᠰᠠ ᠡᠪᠬᠡᠮᠡᠯ᠎ᠦᠨ ᠠᠮᠤᠷ ᠲᠦᠪᠰᠢᠨ᠎ᠤ᠋ ᠬᠠᠮᠠᠭᠠᠯᠠᠯᠳᠡ ᠬᠢᠭᠡᠳ ᠰᠢᠨᠵᠢᠯᠡᠬᠦ᠌ ᠤᠬᠠᠭᠠᠨ᠎ᠤ ᠰᠤᠳᠤᠯᠭᠠᠨ᠂ ᠮᠡᠳᠡᠭᠡ ᠵᠠᠩᠭᠢᠴᠢᠯᠠᠯᠲᠠ᠎ᠶᠢᠨ ᠬᠥᠭᠵᠢᠯᠲᠡ ᠵᠢᠴᠢ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠡᠷᠭᠡ ᠣᠯᠠᠨ ᠵᠦᠢᠯ ᠤ᠋ᠨ ᠠᠵᠢᠯ ᠥᠷᠨᠢᠭᠦᠯᠬᠦ᠌᠎ᠶᠢ ᠳᠡᠮᠵᠢᠬᠦ᠌᠎ᠳᠦ ᠬᠡᠷᠡᠭᠯᠡᠪᠡ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠤᠷᠳᠤᠨ ᠤ᠋ ᠡᠬᠢ ᠪᠠᠶᠠᠯᠢᠭ᠎ᠤᠨ ᠪᠥᠲᠥᠭᠡᠨ ᠪᠠᠶ᠋ᠢᠭᠤᠯᠤᠯᠲᠠ ᠬᠢᠭᠡᠳ ᠨᠡᠭᠡᠭᠡᠯᠲᠡ ᠬᠢᠵᠦ᠍ ᠠᠰᠢᠭᠯᠠᠬᠤ᠎ᠶᠢ ᠬᠠᠮᠵᠢᠯᠴᠠᠨ ᠠᠬᠢᠭᠤᠯᠬᠤ᠎ᠪᠠᠷ ᠭᠠᠷᠳᠡᠴᠡ ᠪᠣᠯᠭᠠᠨ ᠲᠠᠩᠰᠠ ᠡᠪᠬᠡᠮᠡᠯ᠎ᠦᠨ ᠬᠠᠮᠢᠶᠠᠷᠤᠯᠲᠠ᠎ᠶᠢᠨ ᠲᠦᠪᠰᠢᠨ᠎ᠢ᠋ ᠳᠡᠭᠡᠭᠰᠢᠯᠡᠭᠦᠯᠬᠦ᠌᠎ᠶᠢ ᠲᠡᠮᠵᠢᠪᠡ᠃ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ 45 ᠨᠢᠬᠡᠴᠢ᠎ᠶᠢᠨ 44.14 ᠲᠦᠮᠡᠨ ᠪᠤᠳᠢ ᠲᠠᠩᠰᠠ ᠡᠪᠬᠡᠮᠡᠯ᠎ᠢ ᠭᠥᠯᠢᠶᠡᠨ ᠠᠪᠴᠤ᠌᠂ 《ᠤᠮᠠᠷᠠᠲᠤ᠌ ᠬᠢᠯᠢ᠎ᠶᠢᠨ ᠥᠯᠢᠭᠡᠷ ᠳᠠᠭᠤᠷᠢᠶᠠᠯ》 ᠵᠡᠷᠭᠡ ᠬᠣᠪᠣᠷ ᠨᠠᠨᠳᠢᠨ ᠲᠠᠩᠰᠠ ᠡᠪᠬᠡᠮᠡᠯ᠎ᠦᠨ ᠮᠠᠲ᠋ᠧᠷᠢᠶᠠᠯ᠎ᠢ 3.95 ᠲᠦᠮᠡᠨ ᠬᠤᠪᠢ ᠡᠯᠰᠡᠨ ᠴᠤᠭᠯᠠᠭᠤᠯᠵᠤ᠂ ᠨᠣᠮ᠎ᠤᠨ ᠰᠠᠩ᠎ᠤᠨ ᠨᠥᠭᠡᠴᠡ᠎ᠶᠢᠨ ᠬᠡᠮᠵᠢᠶ᠎ᠡ᠎ᠨᠢ 241.43 ᠲᠦᠮᠡᠨ ᠪᠤᠳᠢ ᠳ᠋ᠤ᠌ ᠬᠦᠷᠴᠦ᠍᠂ 《ᠠᠷᠪᠡᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠰᠡᠭᠦᠯᠴᠢ ᠵᠢᠨ᠎ᠬᠤᠭᠤᠴᠠᠭᠠᠨ ᠤ᠋ ᠬᠢ᠎ᠡᠴᠡ 70.43% ᠪᠠᠷ ᠳᠡᠭᠡᠭᠰᠢᠯᠡᠵᠡᠶ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠳᠡᠮᠵᠢᠵᠦ᠍ 《6·9》᠎ᠤ᠋ ᠣᠯᠠᠨ ᠤᠯᠤᠰ᠎ᠤᠨ ᠲᠠᠩᠰᠠ ᠡᠪᠬᠡᠮᠡᠯ᠎ᠦᠨ ᠡᠳᠦᠷ᠎ᠦᠨ ᠬᠤᠭᠤᠴᠠᠭᠠᠨ᠎ᠳᠤ ᠰᠦᠯᠵᠢᠶᠡᠨ ᠳᠡᠭᠡᠷ᠎ᠡ ᠳᠡᠯᠭᠡᠨ ᠦᠵᠡᠭᠦᠯᠵᠦ᠍ ᠰᠢᠭᠤᠳ ᠨᠡᠪᠲᠡᠷᠡᠭᠦᠯᠬᠦ᠌᠂ ᠰᠤᠷᠭᠠᠭᠤᠯᠢ᠎ᠶᠢᠨ ᠬᠦᠷᠢᠶᠡᠨ᠎ᠦ ᠤᠬᠠᠭᠤᠯᠭ᠎ᠠ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ᠂ ᠲᠠᠩᠰᠠ ᠡᠪᠬᠡᠮᠡᠯ᠎ᠦᠨ ᠣᠷᠳᠣᠨ᠎ᠤ ᠨᠡᠭᠡᠭᠡᠯᠲᠡ᠎ᠶᠢᠨ ᠡᠳᠦᠷ᠂ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠳᠡᠯᠭᠡᠷᠡᠭᠦᠯᠬᠦ᠌ ᠵᠡᠷᠭᠡ ᠣᠯᠠᠨ ᠡᠰᠢᠲᠦ᠍ ᠤᠬᠠᠭᠤᠯᠭ᠎ᠠ᠎ᠶᠢᠨ ᠠᠵᠢᠯᠯᠠᠭ᠎ᠠ᠎ᠶᠢ ᠥᠷᠨᠢᠭᠦᠯᠵᠦ᠍᠂ ᠣᠷᠣᠯᠴᠠᠭᠰᠠᠨ ᠬᠥᠮᠦᠨ᠎ᠦ ᠲᠣᠭ᠎ᠠ 135 ᠲᠦᠮᠡᠨ ᠬᠥᠮᠦᠨ ᠤᠳᠠᠭ᠎ᠠ᠎ᠳᠤ ᠬᠦᠷᠴᠦ᠍᠂ ᠪᠥᠬᠥ᠌ ᠨᠡᠶ᠋ᠢᠭᠡᠮ᠎ᠢᠶᠡᠷ᠎ᠢᠶᠡᠨ ᠲᠠᠩᠰᠠ ᠡᠪᠬᠡᠮᠡᠯ᠎ᠦᠨ ᠤᠢᠯᠡᠰ ᠢ᠋ ᠬᠠᠯᠠᠮᠵᠢᠯᠠᠨ ᠠᠩᠬᠠᠷᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号