ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ᠎ᠶᠢᠨ 2 ᠬᠠᠮᠲᠤ 3 ᠬᠤᠪᠢ ᠬᠥᠮᠥᠨ ᠠᠷᠠᠳ ᠤ᠋ᠨ ᠲᠡᠭᠡᠳᠦ ᠪᠠᠢᠴᠠᠭᠠᠬᠤ ᠬᠤᠷᠢᠶ᠎ᠠ ᠵᠢᠨ ᠰᠠᠢᠰᠢᠶᠠᠯ ᠬᠦᠬᠢᠬᠦᠯᠦᠯ᠎ᠢ ᠬᠦᠷᠳᠡᠵᠡᠢ
2026-06-29 16:00:27
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ 《ᠨᠠᠰᠤᠨ᠎ᠳᠤ ᠥᠯᠥ ᠬᠦᠷᠦᠭᠰᠡᠳ᠎ᠦᠨ ᠪᠠᠢᠴᠠᠭᠠᠬᠤ ᠠᠵᠢᠯ᠎ᠳᠤ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠪᠠ ᠬᠤᠪᠢ ᠬᠥᠮᠥᠨ᠎ᠢ ᠰᠠᠢᠰᠢᠶᠠᠬᠤ ᠲᠤᠬᠠᠢ ᠮᠡᠳᠡᠭᠳᠡᠯ》 ᠨᠡᠢᠲᠡᠯᠡᠵᠦ᠂ ᠨᠠᠰᠤᠨ᠎ᠳᠤ ᠥᠯᠥ ᠬᠦᠷᠦᠭᠰᠡᠳ᠎ᠦᠨ ᠪᠠᠢᠴᠠᠭᠠᠬᠤ ᠠᠵᠢᠯ᠎ᠳᠤ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ 80 ᠬᠠᠮᠲᠤ ᠪᠠ ᠨᠠᠰᠤᠨ᠎ᠳᠤ ᠥᠯᠥ ᠬᠦᠷᠦᠭᠰᠡᠳ᠎ᠦᠨ ᠪᠠᠢᠴᠠᠭᠠᠬᠤ ᠠᠵᠢᠯ᠎ᠳᠤ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ 100 ᠬᠤᠪᠢ ᠬᠥᠮᠥᠨ᠎ᠢ ᠵᠠᠷᠯᠠᠨ ᠰᠠᠢᠰᠢᠶᠠᠪᠠ᠃ ᠡᠭᠦᠨ᠎ᠳᠦ ᠥᠪᠥᠷ ᠮᠣᠩᠭᠣᠯ᠎ᠤᠨ ᠠᠷᠠᠳ ᠤ᠋ᠨ ᠪᠠᠢᠴᠠᠭᠠᠬᠤ ᠪᠠᠢᠭᠤᠯᠭ᠎ᠠ᠎ᠶᠢᠨ 2 ᠬᠠᠮᠲᠤ 3 ᠬᠤᠪᠢ ᠬᠥᠮᠥᠨ ᠰᠠᠢᠰᠢᠶᠠᠯ  ᠬᠦᠬᠢᠬᠦᠯᠦᠯ᠎ᠢ ᠬᠦᠷᠳᠡᠵᠡᠢ᠃

ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠨᠠᠰᠤᠨ᠎ᠳᠤ ᠥᠯᠥ ᠬᠦᠷᠦᠭᠰᠡᠳ᠎ᠦᠨ ᠪᠠᠢᠴᠠᠭᠠᠬᠤ ᠠᠵᠢᠯ ᠤ᠋ᠨ ᠬᠡᠷᠡᠭ ᠰᠢᠢᠳᠪᠦᠷᠢᠯᠡᠬᠦ ᠪᠦᠯᠬᠦᠮ᠂ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠶᠢᠨ 《ᠨᠢᠯᠬ᠎ᠠ ᠨᠠᠬᠢᠶ᠎ᠠ᠎ᠶᠢ ᠬᠠᠮᠠᠭᠠᠯᠠᠬᠤ》 ᠨᠠᠰᠤᠨ᠎ᠳᠤ ᠥᠯᠥ ᠬᠦᠷᠦᠭᠰᠡᠳ᠎ᠦᠨ ᠪᠠᠢᠴᠠᠭᠠᠬᠤ ᠠᠵᠢᠯ ᠤ᠋ᠨ ᠬᠡᠷᠡᠭ ᠰᠢᠢᠳᠪᠦᠷᠢᠯᠡᠬᠦ ᠪᠦᠯᠬᠦᠮ ᠨᠠᠰᠤᠨ᠎ᠳᠤ ᠥᠯᠥ ᠬᠦᠷᠦᠭᠰᠡᠳ᠎ᠦᠨ ᠪᠠᠢᠴᠠᠭᠠᠬᠤ ᠠᠵᠢᠯ᠎ᠳᠤ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠳᠤ ᠪᠡᠷ ᠰᠠᠢᠰᠢᠶᠠᠬᠳᠠᠨ ᠬᠦᠬᠢᠬᠦᠯᠦᠭᠳᠡᠪᠡ᠃

ᠬᠣᠷᠴᠢᠨ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠨᠠᠰᠤᠨ᠎ᠳᠤ ᠥᠯᠥ ᠬᠦᠷᠦᠭᠰᠡᠳ᠎ᠦᠨ  ᠪᠠᠢᠴᠠᠭᠠᠬᠤ ᠠᠵᠢᠯ ᠤ᠋ᠨ ᠬᠡᠷᠡᠭ ᠰᠢᠢᠳᠪᠦᠷᠢᠯᠡᠬᠦ  ᠪᠦᠯᠬᠦᠮ ᠨᠢ 8 ᠠᠵᠢᠯᠳᠠᠨ ᠵᠢᠡᠷ ᠪᠦᠷᠢᠯᠳᠦᠵᠦ᠂ ᠬᠡᠦᠬᠡᠳ ᠪᠠᠭᠠᠴᠤᠳ ᠲᠦ᠍  ᠬᠠᠮᠤᠬ ᠤ᠋ᠨ ᠠᠰᠢᠬᠳᠠᠢ ᠪᠠᠢᠬᠤ ᠵᠠᠷᠴᠢᠮ ᠵᠢᠡᠷ ᠬᠦᠳᠦᠯᠦᠨ ᠲᠠᠭᠠᠭᠤᠯᠵᠤ᠂ ᠨᠠᠰᠤᠨ ᠳ᠋ᠸ᠋ ᠦᠯᠦ  ᠬᠦᠷᠦᠭᠰᠡᠳ ᠤ᠋ᠨ ᠪᠦᠬᠦ  ᠲᠠᠯ᠎ᠠ  ᠵᠢᠨ ᠶᠡᠷᠦᠩᠬᠡᠢᠯᠡᠭᠰᠡᠨ ᠬᠠᠤᠯᠢ ᠴᠠᠭᠠᠵᠠ ᠵᠢᠨ ᠬᠠᠮᠠᠭᠠᠯᠠᠯᠳᠠ ᠪᠡᠷ ᠬᠠᠷᠠᠯᠳᠠ ᠪᠤᠯᠭᠠᠨ᠂ ᠲᠤᠰᠬᠠᠢ ᠮᠡᠷᠬᠡᠵᠢᠯ ᠤ᠋ᠨ ᠰᠢᠨ᠎ᠡ ᠵᠢ ᠡᠬᠦᠳᠦᠭᠰᠡᠨ ᠤᠪᠤᠷ ᠵᠢᠡᠷ ᠬᠡᠷᠡᠭ ᠲᠦ᠍ ᠬᠤᠯᠪᠤᠬᠳᠠᠬᠰᠠᠨ ᠵᠠᠯᠠᠭᠤᠴᠤᠳ ᠪᠠᠭᠠᠴᠤᠳ ᠪᠤᠯᠭᠠᠨ᠎ᠢ ᠰᠤᠷᠭᠠᠨ ᠬᠦᠮᠦᠵᠢᠬᠦᠯᠵᠦ ᠠᠪᠤᠷᠠᠨ ᠲᠤᠰᠠᠯᠠᠵᠠᠢ; ᠳ᠋ᠦᠩᠱᠧᠩ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠶᠢᠨ 《ᠨᠢᠯᠬ᠎ᠠ ᠨᠠᠬᠢᠶ᠎ᠠ᠎ᠶᠢ ᠬᠠᠮᠠᠭᠠᠯᠠᠬᠤ》 ᠨᠠᠰᠤᠨ᠎ᠳᠤ ᠥᠯᠥ ᠬᠦᠷᠦᠭᠰᠡᠳ᠎ᠦᠨ  ᠪᠠᠢᠴᠠᠭᠠᠬᠤ ᠠᠵᠢᠯ ᠤ᠋ᠨ ᠬᠡᠷᠡᠭ ᠰᠢᠢᠳᠪᠦᠷᠢᠯᠡᠬᠦ ᠪᠦᠯᠬᠦᠮ ᠨᠢ 2018 ᠤᠨ ᠳ᠋ᠸ᠋ ᠪᠠᠢᠭᠤᠯᠤᠬᠳᠠᠵᠤ᠂ ᠴᠢᠨᠠᠷ ᠰᠠᠢᠳᠠᠢ ᠪᠠᠢᠴᠠᠭᠠᠬᠤ ᠠᠵᠢᠯ ᠵᠢᠡᠷ ᠬᠡᠦᠬᠡᠳ ᠪᠠᠭᠠᠴᠤᠳ ᠤ᠋ᠨ ᠡᠷᠡᠬᠦᠯ᠎ᠢᠶᠡᠷ ᠦᠰᠦᠨ ᠪᠤᠢᠵᠢᠬᠤ ᠵᠢ ᠬᠠᠮᠠᠭᠠᠯᠠᠵᠠᠢ᠃ ᠲᠤᠰ ᠬᠡᠷᠡᠭ ᠰᠢᠢᠳᠪᠦᠷᠢᠯᠡᠬᠦ ᠪᠦᠯᠬᠦᠮ ᠨᠢ ᠤᠷᠢᠳ ᠬᠤᠵᠢᠳ ᠪᠦᠬᠦ ᠤᠯᠤᠰ ᠤ᠋ᠨ ᠪᠠᠢᠴᠠᠭᠠᠬᠤ ᠪᠠᠢᠭᠤᠯᠭ᠎ᠠ ᠵᠢᠨ ᠰᠢᠯᠢᠳᠡᠭ ᠰᠤᠶᠤᠯ ᠤ᠋ᠨ ᠲᠦᠷᠦᠯ ᠲᠡᠮᠳᠡᠭ᠂ ᠬᠠᠤᠯᠢ ᠪᠡᠷ ᠵᠠᠰᠠᠬᠤ ᠶᠠᠪᠤᠳᠠᠯ ᠎ᠢ ᠰᠤᠷᠭᠠᠭᠤᠯᠢ ᠵᠢᠨ ᠬᠦᠷᠢᠶᠡᠨ ᠳ᠋ᠸ᠋ ᠤᠷᠤᠭᠤᠯᠬᠤ ᠪᠦᠬᠦ ᠤᠯᠤᠰ ᠤ᠋ᠨ ᠲᠤᠭᠤᠷᠢᠨ ᠶᠠᠷᠢᠬᠤ ᠠᠵᠢᠯᠯᠠᠭ᠎ᠠ ᠵᠢᠨ ᠢᠯᠡᠷᠡᠯ ᠵᠢᠡᠷ ᠲᠤᠪᠤᠢᠮ᠎ᠠ ᠪᠠᠢᠭᠤᠯᠭ᠎ᠠ ᠨᠢᠬᠡᠴᠢ ᠪᠡᠷ ᠦᠨᠡᠯᠡᠭᠳᠡᠵᠡᠢ᠃

ᠡᠬᠦᠨ ᠡᠴᠨ ᠭᠠᠳᠠᠨ᠎ᠠ᠂ ᠵᠠᠩ ᠯᠦ᠍ ᠫᠢᠩ (ᠡᠮᠡᠭᠲᠡᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ)᠂ ᠸᠠᠩ ᠵᠢᠶᠧ ᠫᠢᠩ (ᠡᠮᠡᠭᠲᠡᠢ᠂ ᠪᠠᠶᠠᠨᠨᠠᠭᠤᠷ ᠬᠣᠲᠠ᠎ᠶᠢᠨ ᠠᠷᠠᠳ᠎ᠤᠨ ᠪᠠᠢᠴᠠᠭᠠᠬᠤ ᠬᠤᠷᠢᠶ᠎ᠠ)᠂ ᠵᠤᠤ ᠼᠠᠢ ᠢᠦᠢ (ᠡᠮᠡᠭᠲᠡᠢ᠂ ᠬᠥᠬᠡᠬᠣᠲᠠ᠎ᠶᠢᠨ ᠢᠦᠢᠴᠢᠤᠸᠠᠨ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠤᠷᠢᠶ᠎ᠠ) ᠨᠠᠰᠤᠨ᠎ᠳᠤ ᠥᠯᠥ ᠬᠦᠷᠦᠭᠰᠡᠳ᠎ᠦᠨ ᠪᠠᠢᠴᠠᠭᠠᠬᠤ ᠠᠵᠢᠯ᠎ᠳᠤ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠦᠮᠦᠨ ᠵᠢᠡᠷ ᠰᠠᠢᠰᠢᠶᠠᠬᠳᠠᠨ ᠬᠦᠬᠢᠬᠦᠯᠦᠭᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号