ᠰᠤᠷᠪᠤᠯᠵᠢᠯᠠᠭᠴᠢ ᠤᠷᠳᠤᠰ ᠬᠤᠳᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠳᠤᠪᠴᠢᠶ᠎ᠠ ᠡᠴᠡ ᠤᠢᠯᠠᠭᠠᠭᠰᠠᠨ ᠶ᠋ᠢᠡᠷ᠂ ᠳᠤᠰ ᠬᠤᠳᠠ ᠶ᠋ᠢᠨ ᠬᠢᠨ ᠳᠦᠷᠦᠬᠦᠭᠡᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠵᠠᠬ᠎ᠠ ᠳᠡᠯᠭᠡᠭᠦᠷ ᠤ᠋ᠨ ᠡᠵᠡᠩᠨᠡᠯᠲᠡ ᠬᠡᠷᠡᠭᠯᠡᠯᠲᠡ ᠵᠢᠨ ᠡᠮᠬᠢ ᠳᠢᠭ᠌ᠯᠢᠮ ᠢ᠋ ᠵᠢᠷᠤᠮᠵᠢᠭᠤᠯᠵᠤ᠂ ᠣᠯᠠᠨ ᠲᠦᠮᠡᠨ ᠤ᠋ ᠡᠮᠴᠢᠯᠡᠬᠡᠨ ᠤ᠋ ᠪᠠᠭᠠᠵᠢ ᠬᠡᠷᠡᠭᠰᠡᠯ ᠢ᠋ ᠬᠡᠷᠡᠭᠯᠡᠬᠦ ᠠᠮᠤᠷ ᠲᠦᠪᠰᠢᠨ ᠢ᠋ ᠪᠠᠲᠤᠯᠠᠬᠤ ᠵᠢᠨ ᠲᠥᠯᠥᠭᠡ᠂ 2026 ᠣᠨ ᠤ᠋ ᠪᠥᠬᠥ ᠬᠣᠲᠠ ᠵᠢᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠢᠨᠠᠯᠲᠠ ᠬᠠᠮᠢᠶᠠᠷᠤᠯᠲᠠ ᠵᠢᠨ ᠠᠵᠢᠯ ᠤ᠋ᠨ ᠲᠣᠬᠢᠷᠠᠭᠤᠯᠤᠯᠲᠠ ᠵᠢ ᠨᠠᠢᠳᠠᠪᠦᠷᠢᠵᠢᠭᠤᠯᠤᠨ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ 《1 ᠬᠠᠷᠠᠯᠳᠠ + 7 ᠳᠤᠰᠬᠠᠢ ᠴᠡᠭᠴᠡᠯᠡᠨ ᠵᠠᠰᠠᠯᠳᠠ + 2 ᠵᠦᠢᠯ ᠢ᠋ ᠳᠡᠭᠡᠭᠰᠢᠯᠡᠬᠦᠯᠬᠦ》 ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ᠋ ᠢ᠋ ᠨᠡᠮᠡᠭᠳᠡᠭᠦᠯᠬᠦ ᠠᠵᠢᠯᠯᠠᠭ᠎ᠠ ᠵᠢ ᠶᠠᠪᠤᠭᠳᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠨᠢ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ ᠣᠯᠵᠡᠢ᠃
ᠲᠣᠰ ᠤᠳᠠᠭᠠᠨ ᠤ᠋ ᠣᠷᠳᠣᠰ ᠬᠣᠲᠠ ᠶ᠋ᠢᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠨᠢ ᠠᠶᠤᠯ ᠲᠦᠭᠰᠢᠭᠦᠷᠢ ᠶᠡᠬᠡᠲᠡᠢ᠂ ᠣᠯᠠᠨ ᠲᠦᠮᠡᠨ ᠤ᠋ ᠠᠩᠬᠠᠷᠤᠯ ᠲᠠᠯᠪᠢᠵᠤ ᠪᠠᠢᠭ᠎ᠠ ᠭᠣᠣᠯᠳᠠᠯᠭ᠎ᠠ ᠲᠠᠢ ᠬᠦᠷᠢᠶ᠎ᠡ ᠴᠠᠷᠠᠭ᠎ᠠ ᠵᠢ ᠬᠦᠨᠳᠡᠵᠦ᠂ ᠡᠮᠴᠢᠯᠡᠭᠡᠨ ᠤ᠋ ᠵᠢᠰᠦ ᠭᠣᠶᠣᠯᠠᠬᠤ᠂ ᠠᠮᠠᠨ ᠬᠥᠨᠳᠡᠢ᠂ ᠨᠢᠳᠦᠨ ᠤ᠋ ᠰᠠᠯᠠᠭ᠎ᠠ᠂ ᠰᠦᠯᠵᠢᠶᠡᠨ ᠤ᠋ ᠪᠣᠷᠤᠯᠠᠭᠤᠯᠭ᠎ᠠ ᠵᠡᠷᠭᠡ 7 ᠶᠡᠬᠡ ᠲᠥᠷᠥᠯ ᠵᠦᠢᠯ ᠵᠢᠴᠢ ᠡᠵᠡᠩᠨᠡᠯᠲᠡ ᠵᠢᠨ ᠭᠣᠭᠴᠣᠭ᠎ᠠ ᠵᠢ ᠬᠠᠮᠤᠷᠴᠤ᠂ ᠬᠠᠤᠯᠢ ᠬᠡᠷᠡᠭᠵᠢᠭᠦᠯᠬᠦ ᠠᠵᠢᠯᠲᠠᠨ ᠡᠴᠡ ᠬᠢᠷᠢ ᠬᠡᠮ ᠢ᠋ ᠬᠢᠨᠠᠨ ᠬᠠᠷᠭᠤᠭᠤᠯᠬᠤ᠂ ᠡᠳ᠋ ᠪᠠᠷᠠᠭ᠎ᠠ ᠣᠷᠣᠭᠤᠯᠬᠤ ᠵᠢ ᠪᠠᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠬᠠᠳᠠᠭᠠᠯᠠᠵᠤ ᠠᠷᠠᠴᠢᠯᠠᠨ ᠬᠠᠮᠠᠭᠠᠯᠠᠬᠤ᠂ ᠳᠠᠩᠰᠠᠯᠠᠭᠤᠯᠤᠯᠳᠠ ᠵᠢ ᠬᠠᠮᠢᠶᠠᠷᠬᠤ᠂ ᠰᠦᠯᠵᠢᠶᠡᠨ ᠳᠡᠭᠡᠷ᠎ᠡ ᠪᠣᠷᠣᠯᠠᠭᠤᠯᠬᠤ ᠵᠡᠷᠭᠡ ᠭᠤᠭᠴᠤᠭ᠎ᠠ ᠵᠢ ᠴᠢᠩᠭ᠎ᠠ ᠪᠠᠢᠴᠠᠭᠠᠵᠤ᠂ ᠦᠨᠡᠮᠯᠡᠯ ᠦᠭᠡᠢ ᠪᠡᠷ ᠡᠵᠡᠩᠨᠡᠬᠦ᠂ ᠬᠤᠭᠤᠴᠠᠭ᠎ᠠ ᠨᠢ ᠥᠩᠭᠡᠷᠡᠭᠡᠳ ᠬᠦᠴᠦᠨ ᠦᠭᠡᠢ ᠪᠣᠯᠤᠭᠰᠠᠨ ᠪᠠᠭᠠᠵᠢ ᠬᠡᠷᠡᠭᠰᠡᠯ ᠢ᠋ ᠬᠡᠷᠡᠭᠯᠡᠬᠦ᠂ ᠲᠣᠭᠲᠠᠭᠠᠯ ᠡᠴᠠ ᠵᠥᠷᠢᠴᠡᠨ ᠰᠦᠯᠵᠢᠶ᠎ᠡ ᠪᠡᠷ ᠪᠣᠷᠣᠯᠠᠭᠤᠯᠬᠤ ᠵᠡᠷᠭᠡ ᠬᠠᠤᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭᠴᠡᠢ᠃ ᠠᠵᠢᠯ ᠤ᠋ᠨ ᠳᠤᠮᠳᠠ᠂ ᠲᠣᠰ ᠲᠣᠪᠴᠢᠶ᠎ᠠ ᠶ᠋ᠢᠨ ᠬᠢᠨ ᠬᠢᠨᠠᠨ ᠬᠠᠮᠢᠶᠠᠷᠬᠤ ᠪᠠ ᠦᠢᠯᠡᠴᠢᠯᠡᠬᠦ ᠵᠢ ᠵᠡᠷᠭᠡ ᠪᠡᠷ ᠴᠢᠬᠤᠯᠠᠴᠢᠯᠠᠵᠤ᠂ ᠨᠢᠭᠡ ᠲᠠᠯ᠎ᠠ ᠪᠠᠷ ᠠᠰᠠᠭᠤᠳᠠᠯ ᠲᠠᠢ ᠨᠢᠭᠡᠴᠢ ᠵᠢ ᠲᠠᠷᠤᠢᠬᠠᠨ ᠲᠤᠬᠠᠢ ᠵᠢᠨ ᠲᠠᠯᠠᠪᠤᠷ ᠲᠤ᠌ ᠦᠬᠡᠷᠡᠴᠢᠯᠡᠬᠦ ᠵᠢ ᠱᠠᠭᠠᠷᠳᠠᠨ᠂ ᠡᠵᠡᠩᠨᠡᠯᠳᠡ ᠶ᠋ᠢᠨ ᠭᠤᠤᠯ ᠴᠤᠭᠴᠠ ᠪᠠ ᠬᠡᠷᠡᠭᠯᠡᠭᠴᠢ ᠳ᠋ᠤ ᠬᠠᠨᠳᠤᠭᠤᠯᠤᠨ ᠬᠢᠨᠠᠨ ᠬᠠᠮᠢᠶᠠᠷᠬᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢᠯᠪᠤᠷᠢᠯᠠᠵᠤ᠂ ᠠᠵᠤ ᠠᠬᠤᠢᠯᠠᠯ ᠢ᠋ ᠬᠥᠲᠥᠯᠥᠨ ᠵᠢᠯᠤᠭᠣᠳᠴᠤ ᠪᠠᠢᠭᠠᠳ ᠠᠮᠤᠷ ᠲᠦᠪᠰᠢᠨ ᠤ᠋ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢᠳᠠᠪᠤᠷᠢᠵᠢᠭᠤᠯᠪᠠ; ᠨᠥᠭᠥᠭᠡ ᠲᠠᠯ᠎ᠠ ᠪᠠᠷ ᠬᠠᠤᠯᠢ ᠲᠣᠭᠲᠠᠭᠠᠯ ᠡᠴᠠ ᠵᠥᠷᠢᠴᠡᠭᠰᠡᠨ ᠰᠢᠨᠵᠢ ᠴᠢᠨᠠᠷ ᠶ᠋ᠢᠡᠷ ᠬᠦᠨᠳᠦ ᠨᠣᠴᠢᠲᠠᠢ ᠦᠢᠯᠡ ᠠᠵᠢᠯᠯᠠᠭ᠎ᠠ ᠵᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠪᠠ᠃ ᠣᠲᠣᠬᠠᠨ ᠪᠣᠯᠲᠠᠯ᠎ᠠ᠂ ᠪᠥᠬᠥ ᠬᠣᠲᠠ ᠶ᠋ᠢᠨ ᠨᠡᠶ᠋ᠢᠲᠡ 466 ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠡᠵᠡᠩᠨᠡᠯᠲᠡ ᠶ᠋ᠢᠨ ᠭᠤᠤᠯ ᠴᠤᠭᠴᠠ ᠪᠠ ᠬᠡᠷᠡᠭᠯᠡᠯᠲᠡ ᠵᠢᠨ ᠨᠢᠭᠡᠴᠢ ᠵᠢ ᠪᠠᠢᠴᠠᠭᠠᠵᠤ᠂ 47 ᠵᠦᠢᠯ ᠤ᠋ᠨ ᠠᠮᠤᠷ ᠲᠦᠪᠰᠢᠨ ᠤ᠋ ᠳᠠᠯᠳᠠ ᠬᠡᠮ ᠢ᠋ ᠪᠠᠢᠴᠠᠭᠠᠵᠤ ᠭᠠᠷᠭᠠᠨ᠂ 24 ᠨᠢᠭᠡᠴᠢ ᠵᠢ ᠴᠡᠭᠴᠡᠯᠡᠨ ᠰᠠᠢᠵᠢᠷᠠᠭᠤᠯᠬᠤ ᠵᠢ ᠵᠠᠷᠯᠢᠭ᠍ᠳᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号