ᠨᠠᠮ᠎ᠤᠨ ᠲᠤᠭ᠎ᠤᠨ ᠨᠠᠮᠢᠷᠠᠭ᠎ᠠ ᠲᠠᠢ ᠰᠢᠨ᠎ᠡ ᠠᠶᠠᠨ ᠵᠠᠮ᠎ᠳᠠᠭᠠᠨ ᠭᠠᠪᠰᠢᠭᠠᠢᠯᠠᠨᠠᠮ
2026-06-29 11:28:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

︱ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠳ᠋ᠤ ᠵᠤᠷᠢᠭᠤᠯᠪᠠ


ᠨᠠᠢᠷᠠᠭᠤᠯᠤᠬᠴᠢ ᠢ᠋ᠢᠨ ᠦᠭᠡ᠄ ᠣᠨ ᠰᠠᠷ᠎ᠠ ᠲᠡᠮᠡᠴᠡᠯ᠎ᠦᠨ ᠠᠶᠠᠨ ᠢ᠋ ᠬᠡᠷᠡᠴᠢᠯᠡᠵᠦ᠂ ᠤᠭ ᠰᠠᠨᠠᠭ᠎ᠠ ᠰᠡᠷᠭᠦᠨ ᠮᠠᠨᠳᠤᠯᠲᠠ᠎ᠶᠢᠨ ᠵᠠᠮ᠎ᠢ ᠬᠡᠷᠡᠯᠲᠦᠭᠦᠯᠦᠨ᠎ᠡ᠃  105 ᠵᠢᠯ ᠰᠠᠯᠬᠢ ᠪᠣᠷᠣᠭᠠᠨ᠎ᠢ ᠰᠦᠷᠦᠨ ᠤᠷᠤᠭᠰᠢᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠭᠠᠭᠤᠯᠤᠨ ᠠᠭᠤᠤ ᠶᠡᠬᠡ ᠰᠡᠷᠭᠦᠨ ᠮᠠᠨᠳᠤᠯᠲᠠ᠎ᠶᠢᠨ ᠰᠢᠨ᠎ᠡ ᠠᠶᠠᠨ ᠵᠠᠮ᠎ᠢᠶᠠᠷ ᠵᠠᠮᠨᠠᠪᠠ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠨᠠᠮ ᠤ᠋ᠨ ᠠᠴᠢ ᠳ᠋ᠤ ᠲᠠᠯᠠᠷᠬᠠᠨ᠂ ᠨᠠᠮ᠎ᠤᠨ ᠦᠭᠡ᠎ᠶᠢ  ᠰᠣᠨᠣᠰᠴᠤ᠂ ᠨᠠᠮ᠎ᠢᠶᠠᠨ ᠲᠠᠭᠠᠨ ᠤᠷᠤᠬᠰᠢᠯᠠᠵᠦ᠂ ᠬᠤᠪᠢᠰᠬᠠᠯ᠎ᠤᠨ ᠵᠤᠷᠢᠭ ᠰᠠᠨᠠᠭ᠎ᠠ ᠵᠢ ᠲᠠᠯ᠎ᠠ ᠨᠤᠲᠤᠭ᠎ᠤᠨ ᠥᠩ ᠰᠢᠮᠡᠯᠢᠭ ᠬᠥᠷᠥᠰᠥᠨ᠎ᠳᠦ ᠭᠦᠨ ᠦᠨᠳᠦᠰᠦᠯᠡᠭᠦᠯᠵᠠᠢ᠃ ᠲᠡᠦᠬᠡ ᠢ᠋ᠢᠨ ᠰᠢᠨ᠎ᠡ ᠭᠠᠷᠤᠭ᠎ᠠ᠎ᠲᠡᠭᠡᠷ᠎ᠡ ᠵᠤᠬᠰᠤᠨ᠂ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠤᠯᠤᠨ ᠦᠷᠬᠡᠨ ᠤᠯᠠᠨ ᠨᠠᠮ᠎ᠤᠨ ᠬᠡᠰᠢᠭᠦᠨ ᠺᠠᠳ᠋ᠷᠴᠤᠳ ᠴᠠᠭ ᠦᠶ᠎ᠡ᠎ᠶᠢᠨ ᠲᠤᠰᠢᠶᠠᠯ ᠬᠠᠷᠢᠭᠤᠴᠠᠯᠭ᠎ᠠ ᠵᠢ ᠯᠠᠪᠲᠠᠭᠤᠨ ᠪᠤᠲᠠᠲᠠᠢ ᠡᠭᠦᠷᠭᠡᠯᠡᠨ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠲᠡᠦᠬᠡ᠂ ᠦᠢᠯᠡᠳᠦᠯᠭᠡ ᠪᠠ ᠠᠷᠠᠳ ᠲᠦᠮᠡᠨ᠎ᠦ ᠰᠢᠯᠭᠠᠯᠲᠠ᠎ᠶᠢ ᠳᠠᠭᠠᠭᠠᠵᠤ ᠳᠡᠶ᠋ᠢᠯᠬᠦ ᠪᠣᠳᠠᠲᠠᠢ ᠠᠵᠢᠯᠯᠠᠭ᠎ᠠ ᠪᠣᠳᠠᠲᠤ ᠠᠮᠵᠢᠯᠲᠠ᠎ᠪᠠᠷ᠎ᠢᠶᠠᠨ ᠨᠠᠮ ᠪᠠᠢᠭᠤᠯᠤᠭᠳᠠᠭᠰᠠᠨ 105 ᠵᠢᠯ᠎ᠦᠨ ᠤᠢ᠎ᠳᠤ ᠪᠡᠯᠡᠭ ᠪᠠᠷᠢᠨᠠᠮ!


QQ20260629-112708.png


ᠲᠤᠮᠲᠠᠲᠤ ᠤᠯᠤᠰ ᠤ᠋ᠨ ᠡᠪ ᠬᠠᠮᠲᠤᠴᠤᠳ ᠤ᠋ᠨ ᠤᠶᠤᠨ ᠰᠠᠨᠠᠭᠠᠨ ᠤ᠋ ᠴᠠᠳᠢᠭ ᠢ᠋ ᠰᠤᠷᠤᠯᠴᠠᠨ᠎ᠠ


ᠬᠤᠪᠢᠰᠬᠠᠯ᠎ᠤᠨ ᠵᠤᠷᠢᠭ ᠰᠠᠨᠠᠭ᠎ᠠ ᠵᠢ ᠦᠶ᠎ᠡ ᠢ᠋ᠢᠨ ᠦᠶ᠎ᠡ᠎ᠳᠤ ᠤᠯᠠᠮᠵᠢᠯᠠᠨ᠎ᠠ

ᠥᠪᠥᠷ ᠮᠣᠩᠭᠣᠯ ᠪᠣᠯ ᠬᠤᠪᠢᠰᠬᠠᠯ᠎ᠤᠨ ᠬᠦᠨ ᠵᠤᠵᠠᠭᠠᠨ ᠤᠤᠷ ᠲᠤᠨᠳᠠᠰᠤ ᠲᠠᠢ ᠬᠠᠯᠠᠭᠤᠨ ᠨᠤᠳᠤᠭ ᠮᠥᠨ᠂ 100 ᠭᠠᠷᠤᠢ ᠵᠢᠯ᠎ᠦᠨ ᠲᠤᠷᠰᠢ᠂ ᠨᠠᠮ᠎ᠠᠴᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠪᠦᠯᠬᠦᠮᠳᠡᠨ ᠲᠡᠮᠡᠴᠡᠵᠦ᠂ ᠬᠢᠯᠢ ᠬᠢᠵᠠᠭᠠᠷ᠎ᠢ ᠰᠠᠬᠢᠵᠤ ᠬᠢᠯᠢ ᠬᠢᠵᠠᠭᠠᠷ᠎ᠢ ᠬᠦᠭᠵᠢᠬᠦᠯᠬᠦ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ ᠪᠤᠬᠢᠷᠲᠦᠯ ᠦᠭᠡᠢ ᠬᠦᠭᠵᠢᠭᠦᠯᠬᠦ᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ ᠬᠥᠭᠵᠢᠯᠲᠡ᠎ᠶᠢᠨ ᠵᠠᠮ᠎ᠢᠶᠠᠷ ᠵᠠᠮᠨᠠᠭᠰᠠᠨ ᠪᠠᠢᠨ᠎ᠠ᠃


QQ20260629-112714.png


ᠨᠠᠮ᠎ᠳᠤ ᠤᠷᠤᠬᠤ ᠲᠠᠩᠭᠠᠷᠢᠭ᠎ᠤᠨ ᠦᠭᠡᠰ ᠢ᠋ᠢᠡᠨ ᠲᠠᠬᠢᠨ ᠡᠷᠬᠢᠴᠡᠭᠦᠯᠦᠨ᠎ᠡ


ᠬᠤᠪᠢᠰᠬᠠᠯ᠎ᠤᠨ ᠭᠠᠯ ᠲᠦᠷᠡᠯᠵᠡᠭᠰᠡᠨ ᠤᠨ ᠰᠠᠷ᠎ᠠ᠎ᠳᠤ᠂ ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠰᠠᠭᠤᠷᠢᠨ ᠭᠠᠵᠠᠷ ᠲᠠᠯ᠎ᠠ ᠨᠤᠲᠤᠭ᠎ᠤᠨ ᠬᠤᠪᠢᠰᠬᠠᠯ᠎ᠤᠨ ᠣᠴᠢ᠎ᠶᠢ ᠪᠠᠳᠠᠷᠠᠭᠠᠵᠤ᠂ ᠬᠤᠪᠢᠰᠬᠠᠯ᠎ᠤᠨ ᠠᠬᠠᠮᠠᠳ ᠦᠶ᠎ᠡ᠎ᠶᠢᠨ ᠬᠢᠨ ᠠᠷᠢᠭᠤᠨ ᠴᠢᠰᠤ ᠪᠠᠨ ᠤᠷᠤᠰᠬᠠᠨ ᠡᠷᠡᠯᠬᠡᠭᠯᠡᠨ ᠪᠠᠢᠯᠳᠤᠵᠤ᠂ ᠨᠤᠲᠤᠭ ᠤᠰᠤ᠎ᠪᠠᠨ ᠰᠠᠬᠢᠨ ᠬᠢᠯᠢ ᠬᠢᠵᠠᠭᠠᠷ᠎ᠢᠶᠠᠨ ᠬᠠᠮᠠᠭᠠᠯᠠᠵᠤ᠂ ᠨᠠᠮ᠎ᠤᠨ ᠵᠢᠯᠣᠭᠣᠳᠤᠯᠭ᠎ᠠ᠎ᠶᠢ ᠲᠠᠭᠠᠵᠤ᠂ ᠪᠦᠯᠬᠦᠮᠳᠡᠨ ᠲᠡᠮᠡᠴᠡᠵᠦ ᠭᠤᠶᠠᠴᠢ ᠦᠭᠡᠢ ᠵᠢᠳᠬᠦᠬᠦ ᠬᠤᠪᠢᠰᠬᠠᠯ᠎ᠤᠨ ᠰᠠᠭᠤᠷᠢᠨ᠎ᠢ ᠴᠤᠭᠴᠠᠯᠠᠵᠠᠢ᠃ ᠪᠦᠲᠦᠭᠡᠨ ᠪᠠᠢᠭᠤᠯᠤᠯᠲᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠰᠡᠳᠬᠢᠯ ᠵᠢᠡᠨ ᠨᠢᠭᠡᠳᠭᠡᠨ ᠬᠠᠮᠲᠤ ᠪᠠᠷ ᠪᠦᠲᠦᠭᠡᠨ ᠪᠠᠢᠭᠤᠯᠵᠤ᠂ ᠬᠢᠯᠢ ᠬᠢᠵᠠᠭᠠᠷ ᠲᠣᠭᠲᠠᠭᠤᠨ᠂ ᠮᠠᠯᠵᠢᠬᠤ  ᠲᠠᠷᠢᠶᠠᠯᠠᠬᠤ ᠣᠷᠣᠨ ᠬᠥᠭᠵᠢᠭᠰᠡᠨ᠂ ᠠᠮᠢ ᠠᠬᠤᠢ ᠰᠠᠢᠵᠢᠷᠠᠭᠰᠠᠨ ᠴᠣ ᠰᠢᠨ᠎ᠡ ᠪᠠᠢᠳᠠᠯ᠎ᠢ ᠡᠭᠦᠳᠪᠡ;ᠰᠢᠨ᠎ᠡ ᠴᠠᠭ ᠦᠶ᠎ᠡ᠎ᠡᠴᠡ ᠨᠠᠭᠠᠰᠢ᠂ ᠪᠦᠬᠦ ᠣᠷᠣᠨ᠎ᠢᠶᠠᠷ᠎ᠢᠶᠠᠨ ᠠᠮᠢ ᠠᠬᠤᠢ᠎ᠶᠢ ᠤᠷᠢᠳ ᠢ᠋ᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠬᠦᠯᠬᠦ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ᠎ᠤ ᠵᠠᠰᠠᠯᠲᠠ᠂ ᠬᠢᠯᠢ ᠬᠢᠵᠠᠭᠠᠷ᠎ᠢ ᠪᠡᠬᠢᠵᠢᠭᠦᠯᠵᠦ ᠬᠢᠯᠢ ᠬᠢᠵᠠᠭᠠᠷ᠎ᠢ ᠬᠦᠭᠵᠢᠬᠦᠯᠬᠦ ᠎ᠶᠢ ᠯᠠᠪᠳᠠᠭᠤᠨ ᠪᠠᠲᠤᠲᠠᠢ ᠠᠬᠢᠭᠤᠯᠵᠤ᠂ ᠤᠮᠠᠷᠠᠲᠤ ᠬᠢᠯᠢ᠎ᠶᠢᠨ ᠡᠬᠡ ᠭᠠᠵᠠᠷ᠎ᠲᠤ ᠲᠡᠦᠬᠡᠲᠦ ᠴᠢᠨᠠᠷᠲᠠᠢ᠂ ᠪᠦᠬᠦ ᠲᠠᠯ᠎ᠠ᠎ᠶᠢᠨ ᠴᠢᠨᠠᠷᠲᠠᠢ ᠬᠤᠪᠢᠷᠠᠯᠲᠠ ᠭᠠᠷᠴᠠᠢ᠃

ᠨᠠᠮ᠎ᠤᠨ ᠤᠳᠤᠷᠢᠳᠤᠯᠭ᠎ᠠ ᠪᠣᠯ ᠤᠮᠠᠷᠠᠲᠤ ᠬᠢᠯᠢ᠎ᠶᠢᠨ ᠲᠣᠭᠲᠠᠭᠤᠨ᠎ᠤ ᠦᠨᠳᠦᠰᠦᠨ ᠪᠠᠲᠤᠯᠠᠭ᠎ᠠ ᠮᠥᠨ᠂ ᠦᠨᠳᠦᠰᠦᠲᠡᠨ᠎ᠦ ᠪᠦᠯᠬᠦᠮᠳᠡᠯ ᠪᠣᠯ ᠲᠠᠯ᠎ᠠ ᠨᠤᠲᠤᠭ᠎ᠤᠨ ᠬᠥᠭᠵᠢᠯᠲᠡ᠎ᠶᠢᠨ ᠠᠮᠢᠨ ᠰᠤᠳᠠᠰᠤ ᠮᠥᠨ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠣᠯ ᠰᠢᠨ᠎ᠡ ᠴᠠᠭ ᠦᠶ᠎ᠡ᠎ᠶᠢᠨ ᠡᠷᠡᠮᠡᠬᠡᠢᠯᠡᠨ ᠤᠷᠤᠭᠰᠢᠯᠠᠬᠤ᠎ᠶᠢᠨ ᠬᠠᠮᠤᠭ᠎ᠤᠨ ᠬᠦᠴᠦᠷᠬᠡᠭ ᠲᠡᠪᠢᠰᠭᠡᠷ ᠥᠩᠭᠡ ᠮᠥᠨ ᠭᠡᠳᠡᠭ᠎ᠢ 100 ᠭᠠᠷᠤᠢ ᠵᠢᠯ᠎ᠦᠨ ᠠᠶᠠᠨ ᠮᠠᠷᠭᠤᠰᠢ ᠦᠭᠡᠢ ᠭᠡᠷᠡᠴᠢᠯᠡᠭᠰᠡᠨ ᠪᠠᠢᠨ᠎ᠠ᠃

ᠴᠢᠨᠠᠷ ᠰᠠᠢᠲᠠᠢ ᠬᠥᠭᠵᠢᠯᠲᠡ ᠢ᠋ᠢᠨ ᠰᠢᠨ᠎ᠡ ᠬᠠᠭᠤᠲᠠᠰᠤ ᠵᠢ ᠰᠠᠢᠳᠤᠷ  ᠪᠢᠴᠢᠭᠯᠡᠨ᠎ᠡ

ᠤᠨᠤᠯ ᠨᠢ ᠴᠢᠭᠯᠡᠯ᠎ᠢ ᠵᠢᠭᠠᠵᠤ᠂ ᠪᠣᠳᠠᠲᠠᠢ ᠠᠵᠢᠯᠯᠠᠪᠠᠯ ᠰᠠᠶᠢ ᠪᠣᠳᠠᠲᠤ ᠠᠮᠵᠢᠯᠲᠠ ᠪᠦᠲᠦᠮᠵᠢ ᠣᠯᠣᠨ᠎ᠠ᠃ ᠲᠤᠮᠲᠠᠲᠤ ᠤᠯᠤᠰ᠎ᠤᠨ ᠡᠪ ᠬᠠᠮᠲᠦ ᠨᠠᠮ ᠪᠠᠢᠭᠤᠯᠤᠭᠳᠠᠭᠰᠠᠨ 105 ᠵᠢᠯ᠎ᠦᠨ ᠤᠢ ᠬᠦᠷᠴᠦ ᠢᠷᠡᠬᠦ ᠲᠠᠰᠢᠷᠠᠮ᠂ ᠪᠦᠬᠦ ᠤᠷᠤᠨ᠎ᠤ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠦᠷᠭᠡᠨ ᠤᠯᠠᠨ ᠨᠠᠮ᠎ᠤᠨ ᠬᠡᠰᠢᠭᠦᠨ ᠺᠠᠳ᠋ᠷᠴᠤᠳ ᠭᠤᠤᠯᠲᠠᠯᠭ᠎ᠠ ᠢ᠋ᠢᠨ ᠲᠤᠭᠤᠷᠢᠨ᠎ᠳᠤ ᠪᠤᠲᠠᠲᠠᠢ ᠠᠵᠢᠯᠯᠠᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ ᠪᠡᠷ ᠴᠢᠨᠠᠷ ᠰᠠᠢᠲᠠᠢ ᠬᠦᠭᠵᠢᠯᠲᠡ ᠵᠢ ᠬᠦᠲᠦᠯᠦᠨ ᠲᠠᠭᠠᠭᠤᠯᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠭᠡᠰᠢᠭᠦᠨ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ᠋ ᠰᠠᠨᠠᠭ᠎ᠠ᠎ᠶᠢ ᠠᠮᠢᠳᠤᠯᠢᠭ᠋᠎ᠢᠶᠠᠷ ᠲᠠᠢᠯᠪᠤᠷᠢᠯᠠᠵᠦ᠂ ᠰᠢᠨ᠎ᠡ ᠴᠠᠭ ᠦᠶ᠎ᠡ᠎ᠶᠢᠨ ᠤᠮᠠᠷᠠᠲᠤ ᠬᠢᠯᠢ᠎ᠶᠢᠨ ᠴᠠᠬ ᠦᠶ᠎ᠡ ᠢ᠋ᠢᠨ ᠰᠢᠯᠭᠠᠯᠲᠠ᠎ᠶᠢᠨ ᠬᠠᠭᠤᠳᠠᠰᠤ᠎ᠶᠢ ᠲᠤᠰᠢᠶᠠᠪᠠ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠪᠡᠷ ᠭᠤᠤᠯ ᠰᠢᠵᠢᠮ ᠪᠤᠯᠭᠠᠬᠤ ᠵᠢ ᠢᠮᠠᠬᠲᠠ ᠪᠠᠷᠢᠮᠲᠠᠯᠠᠵᠦ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠯᠤᠰ ᠭᠡᠳᠤ᠎ᠶᠢᠨ ᠴᠢᠨᠠᠷᠲᠠᠢ᠂ ᠰᠠᠭᠤᠷᠢ ᠴᠢᠨᠠᠷᠲᠠᠢ ᠨᠠᠮ᠎ᠤᠨ ᠪᠠᠢᠭᠤᠯᠤᠯᠲᠠ᠎ᠶᠢᠨ ᠢᠨᠵᠧᠨᠧᠷᠢᠩ ᠪᠣᠯᠭᠠᠪᠠ᠃ ᠬᠥᠬᠡᠬᠣᠲᠠ᠎ᠶᠢᠨ ᠬᠤᠳᠤᠩ ᠠᠷᠠᠳ᠎ᠤᠨ ᠲᠤᠭᠤᠷᠢᠭ᠎ᠤᠨ ᠰᠠᠨ ᠱᠦᠨ ᠳ᠋ᠢᠶᠠᠨ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ ᠯᠢ ᠢ ᡁᠢ 《ᠤᠯᠠᠭᠠᠨ ᠠᠨᠠᠷ》 ᠨᠠᠮ᠎ᠤᠨ ᠪᠠᠢᠭᠤᠯᠤᠯᠲᠠ᠎ᠶᠢᠨ ᠲᠦᠷᠦᠯ ᠲᠡᠮᠳᠡᠭ᠎ᠢ ᠡᠭᠦᠳᠴᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠎ᠶᠢ ᠠᠬᠢᠭᠤᠯᠵᠤ᠂ ᠠᠷᠠᠳ᠎ᠤᠨ ᠰᠡᠳᠬᠢᠯ᠎ᠢ ᠨᠢᠭ᠍ᠲᠠᠷᠠᠭᠤᠯᠤᠨ᠂ ᠤᠯᠠᠨ ᠲᠦᠮᠡᠨ᠎ᠢ ᠪᠦᠯᠬᠦᠮᠳᠡᠭᠦᠯᠵᠦ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ ᠢ᠋ ᠡᠭᠦᠷᠢᠲᠡ ᠴᠡᠴᠡᠭᠯᠡᠭᠦᠯᠪᠡ᠃

ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠤᠬᠴᠠᠯᠠᠬᠤ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠷᠡᠰ ᠨᠠᠢᠳᠠᠪᠤᠷᠢᠵᠢᠭᠤᠯᠪᠠ᠃ ᠪᠠᠶᠠᠨᠨᠠᠭᠤᠷ ᠬᠣᠲᠠ᠎ᠶᠢᠨ ᠤᠷᠠᠳ᠎ᠤᠨ ᠬᠣᠢᠲᠤ ᠬᠣᠰᠢᠭᠤᠨ᠎ᠤ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠪᠤᠶᠠᠨᠳᠠᠯᠭᠡᠷ 29 ᠵᠢᠯ᠎ᠭᠣᠪᠢ᠎ᠶᠢᠨ ᠬᠢᠯᠢ᠎ᠶᠢᠨ ᠱᠤᠭᠤᠮ᠎ᠢ ᠪᠠᠲᠤ ᠰᠠᠬᠢᠵᠤ᠂ ᠬᠢᠯᠢ᠎ᠶᠢᠨ ᠬᠠᠮᠠᠭᠠᠯᠠᠯᠲᠠ᠎ᠶᠢ ᠴᠠᠭᠳᠠᠨ ᠡᠵᠡᠮᠳᠡᠵᠦ᠂ ᠵᠥᠷᠢᠴᠡᠯ᠎ᠢ ᠡᠶᠡᠳᠡᠭᠦᠯᠵᠦ᠂ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡ ᠬᠠᠩᠭᠠᠵᠦ᠂ ᠡᠭᠡᠯ ᠵᠢᠷ᠎ᠦᠨ ᠪᠣᠳᠠᠲᠠᠢ ᠠᠵᠢᠯᠯᠠᠭ᠎ᠠ᠎ᠪᠠᠷ ᠢ᠋ᠢᠡᠨ ᠤᠮᠠᠷᠠᠲᠤ ᠬᠢᠯᠢ᠎ᠶᠢᠨ ᠠᠮᠤᠷ ᠲᠦᠪᠰᠢᠨ ᠲᠤᠬᠲᠠᠭᠤᠨ᠎ᠤ ᠪᠣᠯᠣᠳ ᠬᠡᠷᠡᠮ ᠲᠡᠮᠦᠷ ᠬᠠᠨ᠎ᠠ᠎ᠶᠢ ᠪᠠᠲᠤ ᠴᠣᠭᠴᠠᠯᠠᠪᠠ᠃

ᠠᠮᠢ ᠠᠬᠤᠢ᠎ᠶᠢ ᠤᠷᠢᠳ ᠢ᠋ᠢᠡᠷ ᠪᠤᠳᠤᠯᠬᠢᠯᠠᠵᠦ ᠪᠣᠬᠢᠷᠲᠤᠯ ᠦᠭᠡᠢ ᠬᠥᠭᠵᠢᠭᠦᠯᠬᠦ ᠣᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠠᠯᠠᠱᠠ᠎ᠶᠢᠨ ᠠᠬᠠᠮᠠᠳ ᠨᠠᠮ᠎ᠤᠨ ᠭᠡᠰᠢᠭᠦᠨ ᠯᠢᠦ ᠬᠣᠩ ᠢ ᠡᠯᠡᠰᠦᠨ ᠴᠦᠯ᠎ᠢ ᠵᠠᠰᠠᠭᠰᠠᠨ 40 ᠰᠢᠬᠠᠮ ᠵᠢᠯ᠎ᠦᠨ ᠬᠤᠭᠤᠴᠠᠭᠠᠨ᠎ᠳᠤ᠂ ᠴᠢᠬᠢ ᠪᠣᠢᠵᠢᠭᠤᠯᠤᠨ ᠡᠯᠡᠰᠦ᠎ᠶᠢ ᠲᠣᠭᠲᠠᠪᠤᠷᠢᠵᠢᠭᠤᠯᠵᠤ᠂ ᠠᠮᠢ ᠠᠬᠤᠢ᠎ᠶᠢ ᠰᠡᠷᠭᠦᠭᠡᠨ᠂ ᠠᠵᠢᠯ ᠡᠴᠡ᠎ᠪᠠᠨ ᠠᠮᠠᠷᠠᠭᠰᠠᠨ ᠴᠤ᠌ ᠠᠵᠢᠯ᠎ᠤᠨ ᠪᠠᠢᠷᠢ ᠡᠴᠡ ᠪᠠᠨ ᠪᠠᠭᠤᠬᠰᠠᠨ ᠦᠭᠡᠢ ᠂ᠤᠮᠠᠷᠠᠲᠤ ᠬᠢᠯᠢ᠎ᠶᠢᠨ ᠬᠥᠬᠡᠮᠳᠦᠭ ᠨᠣᠭᠣᠭᠠᠨ ᠠᠭᠤᠯᠠ ᠤᠰᠤ᠎ᠶᠢ ᠨᠠᠰᠤᠨ ᠲᠤᠷᠰᠢᠲᠠ᠎ᠪᠠᠨ ᠪᠠᠲᠤ ᠰᠠᠬᠢᠨ ᠬᠠᠮᠠᠭᠠᠯᠠᠵᠤ᠂ ᠥᠨᠢ ᠤᠳᠠᠭᠠᠨ᠎ᠤ ᠴᠢᠷᠮᠠᠢᠯᠭ᠎ᠠ᠎ᠪᠠᠷ᠎ᠢᠶᠠᠨ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠤ ᠬᠦᠴᠦᠨ ᠨᠡᠮᠡᠷᠢᠯᠡᠵᠡᠢ᠃

ᠴᠢᠰᠤ ᠪᠦᠲᠦᠭᠡᠬᠦ ᠬᠡᠯᠪᠡᠷᠢ᠎ᠶᠢᠨ᠂ ᠦᠷᠭᠦᠯᠵᠢᠯᠡᠬᠦ ᠴᠢᠨᠠᠷᠲᠠᠢ ᠠᠷᠠᠳ᠎ᠢ ᠪᠠᠶᠠᠵᠢᠭᠤᠯᠬᠤ ᠬᠥᠭᠵᠢᠭᠦᠯᠦᠨ ᠮᠠᠨᠳᠤᠭᠤᠯᠬᠤ ᠵᠠᠮ᠎ᠢ ᠭᠦᠨᠵᠡᠭᠡᠢ ᠨᠡᠭᠡᠭᠡᠪᠡ᠃ 《〈7·1〉 ᠎ᠤ᠋  ᠭᠠᠪᠢᠶᠠᠨ ᠲᠡᠮᠳᠡᠭ》 ᠬᠦᠷᠲᠡᠭᠴᠢ ᠲᠢᠩ·ᠪᠠᠭᠠᠲᠤᠷ ᠮᠠᠯᠵᠢᠬᠤ ᠣᠷᠣᠨ᠎ᠳᠤ ᠴᠢᠰᠤ ᠪᠦᠲᠦᠭᠡᠬᠦ ᠮᠠᠶᠢᠭ᠋᠎ᠤᠨ ᠶᠠᠳᠠᠭᠤ᠎ᠶᠢ ᠲᠡᠳᠬᠦᠬᠦ ᠵᠠᠭᠪᠤᠷ᠎ᠢ ᠡᠭᠦᠳᠦᠨ ᠬᠡᠷᠡᠭᠵᠢᠭᠦᠯᠵᠦ᠂ ᠮᠠᠯᠴᠢᠳ᠎ᠢ ᠳᠠᠭᠠᠭᠤᠯᠤᠨ ᠲᠣᠭᠲᠠᠭᠤᠨ᠎ᠢᠶᠠᠷ ᠶᠠᠳᠠᠭᠤ᠎ᠠᠴᠠ ᠠᠩᠭᠢᠵᠢᠷᠠᠭᠤᠯᠵᠤ᠂ ᠠᠮᠢ ᠠᠬᠤᠢ᠎ᠶᠢᠨ ᠠᠵᠤ ᠦᠢᠯᠡᠰ᠎ᠢ ᠬᠥᠭᠵᠢᠭᠦᠯᠵᠦ᠂ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠵᠤ᠂ ᠲᠠᠴᠢᠷ ᠨᠢᠮᠭᠡᠨ ᠨᠤᠲᠤᠭ ᠪᠡᠯᠴᠢᠭᠡᠷ᠎ᠢ ᠰᠠᠭᠤᠷᠢᠰᠢᠬᠤ᠎ᠳᠤ ᠲᠣᠬᠢᠷᠠᠮᠵᠢᠲᠠᠢ ᠪᠠᠶᠠᠨ ᠴᠢᠨᠡᠭᠡᠯᠢᠭ ᠠᠮᠢ ᠠᠬᠤᠢ᠎ᠶᠢᠨ ᠮᠠᠯᠵᠢᠬᠤ ᠣᠷᠣᠨ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠭᠡᠰᠢᠭᠦᠨ᠎ᠦ ᠠᠷᠠᠳ᠎ᠤᠨ ᠲᠥᠯᠥᠭᠡ ᠠᠷᠠᠳ᠎ᠢᠶᠠᠨ ᠪᠠᠶᠠᠵᠢᠭᠤᠯᠤᠭᠰᠠᠨ ᠵᠠᠰᠠᠭ᠎ᠤᠨ ᠠᠵᠢᠯ᠎ᠤᠨ ᠪᠦᠳᠦᠮᠵᠢ ᠵᠢ ᠪᠢᠴᠢᠭᠯᠡᠯ᠎ᠡ᠃

ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠭᠠᠷᠳᠠᠴᠠ ᠪᠣᠯᠭᠠᠵᠤ᠂ ᠨᠠᠮ᠎ᠤᠨ ᠲᠡᠦᠬᠡ᠎ᠶᠢᠨ ᠰᠤᠷᠤᠯᠴᠠᠯᠭ᠎ᠠ᠂ ᠨᠠᠮᠴᠢ ᠴᠢᠨᠠᠷ᠎ᠤᠨ ᠬᠥᠮᠦᠵᠢᠯ᠂ ᠲᠡᠷᠢᠭᠦᠨ᠎ᠦ ᠬᠢ᠎ᠶᠢ ᠲᠡᠮᠡᠴᠡᠨ ᠰᠢᠯᠢᠳᠡᠭ᠎ᠢ ᠡᠭᠦᠳᠬᠦ ᠵᠡᠷᠭᠡ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠬᠡᠯᠪᠡᠷᠢᠴᠢ ᠦᠵᠡᠯ᠎ᠢ ᠵᠠᠯᠠᠷᠠᠭᠤᠯᠤᠨ ᠵᠠᠰᠠᠵᠤ᠂ ᠰᠢᠯᠭᠠᠷᠠᠭᠰᠠᠨ ᠰᠤᠷᠲᠠᠯ᠎ᠢ ᠳᠠᠪᠲᠠᠨ ᠪᠣᠯᠪᠠᠰᠤᠷᠠᠭᠤᠯᠪᠠ᠃ ᠬᠢᠩᠭᠠᠨ ᠠᠢᠮᠠᠭ᠎ᠤᠨ 95 ᠨᠠᠰᠤᠲᠠᠢ ᠠᠬᠠᠮᠠᠳ ᠨᠠᠮ᠎ᠤᠨ ᠭᠡᠰᠢᠭᠦᠨ ᠪᠠᠢ ᠱᠸ᠋ ᡁᠢ  ᠬᠤᠪᠢᠰᠬᠠᠯ᠎ᠤᠨ ᠰᠤᠶᠤᠯ᠎ᠢ  ᠦᠶ᠎ᠡ ᠵᠢᠨ ᠦᠶ᠎ᠡ ᠳ᠋ᠤ ᠤᠯᠠᠮᠵᠢᠯᠠᠨ ᠲᠠᠢᠯᠪᠤᠷᠢᠯᠠᠵᠤ᠂ ᠵᠠᠯᠠᠭᠤ ᠨᠠᠮ᠎ᠤᠨ ᠭᠡᠰᠢᠭᠦᠨ ᠯᠢᠦ ᠪᠢᠨ ᠬᠤᠶᠠᠷ ᠤᠳᠠᠭ᠎ᠠ ᠴᠢᠰᠤ ᠪᠦᠲᠦᠭᠡᠬᠦ ᠭᠣᠣᠯ ᠡᠰ ᠢ᠋ᠢᠡᠨ ᠬᠠᠨᠳᠢᠪᠯᠡᠨ᠂  ᠨᠢᠭᠡᠳᠦᠭᠡᠷ ᠮᠠᠰᠢᠨ ᠮᠧᠬᠠᠨᠢᠭ᠋᠎ᠤᠨ ᠪᠦᠯᠦᠭᠯᠡᠯ᠎ᠦᠨ ᠨᠠᠮ᠎ᠤᠨ ᠭᠡᠰᠢᠭᠦᠨ ᠵᠤᠤ ᠵᠢᠩ ᠤᠷᠠᠨ ᠳᠠᠷᠬᠠᠨ᠎ᠤ ᠵᠤᠷᠢᠭ ᠰᠠᠨᠠᠭ᠎ᠠ ᠵᠢ ᠪᠠᠳᠠᠷᠠᠭᠤᠯᠵᠤ᠂ ᠠᠵᠢᠯ᠎ᠤᠨ ᠪᠠᠢᠷᠢ ᠲᠡᠭᠡᠷ᠎ᠡ ᠪᠡᠨ ᠵᠢᠳᠬᠦᠯ ᠴᠢᠷᠮᠠᠢᠯᠭ᠎ᠠ ᠭᠠᠷᠭᠠᠨ᠂ ᠦᠪᠦᠷ ᠮᠤᠩᠭᠤᠯ᠎ᠤᠨ ᠠᠬᠠᠮᠠᠳ ᠢᠳᠡᠷ ᠵᠠᠯᠠᠭᠤ ᠨᠠᠮ᠎ᠤᠨ ᠬᠡᠰᠢᠬᠦᠨ᠎ᠤ ᠡᠩᠨᠡᠭᠡ ᠵᠢᠨ ᠨᠠᠮ᠎ᠤᠨ ᠲᠦᠯᠦᠭᠡ ᠠᠷᠠᠳ ᠲᠦᠮᠡᠨ᠎ᠤ ᠲᠦᠯᠦᠭᠡ ᠴᠢᠩ ᠦᠨᠡᠨᠴᠢ ᠪᠡᠷ ᠵᠢᠳᠬᠦᠬᠦ ᠲᠦᠷᠢ ᠲᠦᠷᠬᠦ ᠵᠢ ᠱᠤᠭᠤᠨ᠎ᠠ᠃

ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠳᠡ ᠵᠢ  ᠪᠤᠢ ᠪᠤᠯᠭᠠᠨ ᠦᠢᠯᠡᠳᠦᠯᠭᠡᠵᠢᠬᠦᠯᠦᠨ᠎ᠡ

ᠠᠷᠠᠳ ᠲᠦᠮᠡᠨ᠎ᠳᠦ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠮᠥᠨ᠃ ᠲᠤᠮᠲᠠᠲᠤ ᠤᠯᠤᠰ᠎ᠤᠨ ᠡᠪ ᠬᠠᠮᠲᠦ ᠨᠠᠮ ᠪᠠᠢᠭᠤᠯᠤᠭᠳᠠᠭᠰᠠᠨ 105 ᠵᠢᠯ᠎ᠤᠨ ᠤᠢ ᠬᠦᠷᠴᠦ ᠢᠷᠡᠬᠦ ᠲᠠᠰᠢᠷᠠᠮ ᠳ᠋ᠤ ᠨᠠᠮ᠎ᠤᠨ ᠲᠦᠪ ᠬᠤᠷᠢᠶ᠎ᠠ ᠡᠴᠡ ᠪᠠᠢᠷᠢᠯᠠᠭᠤᠯᠤᠨ ᠦᠷᠨᠢᠭᠦᠯᠵᠦ ᠪᠦᠬᠦᠢ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠤᠨ ᠠᠵᠢᠯᠯᠠᠭ᠎ᠠ ᠵᠢᠨ ᠠᠴᠢ ᠬᠤᠯᠪᠤᠬᠲᠠᠯ ᠨᠢ ᠴᠢᠬᠤᠯᠠ ᠶᠡᠬᠡ ᠪᠦᠭᠡᠳ ᠠᠯᠤᠰ ᠬᠡᠳᠦ ᠵᠢᠨ ᠶᠤᠮ᠃ ᠪᠥᠬᠥ ᠣᠷᠣᠨ ᠲᠠᠶᠠᠭᠠᠷ ᠲᠤᠰᠬᠠᠢ ᠰᠡᠳᠦᠪᠲᠦ ᠰᠤᠷᠤᠯᠴᠠᠯᠭ᠎ᠠ᠎ᠶᠢ ᠭᠦᠨᠵᠡᠭᠡᠢ ᠥᠷᠨᠢᠭᠦᠯᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠂《ᠵᠠᠰᠠᠭ᠎ᠤᠨ ᠠᠵᠢᠯ᠎ᠤᠨ ᠪᠦᠲᠦᠮᠵᠢ᠎ᠶᠢ ᠬᠡᠨ᠎ᠤ ᠲᠦᠯᠦᠭᠡ ᠪᠣᠶ ᠪᠣᠯᠭᠠᠬᠤ᠂ ᠶᠠᠮᠠᠷ ᠵᠠᠰᠠᠭ᠎ᠤᠨ ᠠᠵᠢᠯ᠎ᠤᠨ ᠪᠦᠲᠦᠮᠵᠢ᠎ᠶᠢ ᠪᠣᠶ ᠪᠣᠯᠭᠠᠬᠤ᠂ ᠵᠠᠰᠠᠭ᠎ᠤᠨ ᠠᠵᠢᠯ᠎ᠤᠨ ᠪᠦᠲᠦᠮᠵᠢ᠎ᠶᠢ ᠬᠡᠷᠬᠢᠨ ᠪᠣᠶ ᠪᠣᠯᠭᠠᠬᠤ》ᠴᠠᠭ ᠦᠶ᠎ᠡ᠎ᠶᠢᠨ ᠰᠢᠯᠭᠠᠯᠲᠠ᠎ᠶᠢᠨ ᠰᠡᠳᠦᠪ᠎ᠲᠦ ᠭᠦᠨᠵᠡᠭᠡᠢ ᠬᠠᠷᠢᠭᠤᠯᠲᠠ ᠥᠭᠴᠡᠢ᠃


QQ20260629-112732.png


ᠠᠷᠠᠳ ᠤ᠋ᠨ ᠵᠦᠷᠢᠴᠡᠯ ᠢ᠋ ᠡᠶᠡᠲᠡᠭᠦᠯᠦᠨ᠎ᠡ


QQ20260629-112738.png


ᠠᠬᠠᠮᠠᠳ ᠨᠦᠬᠦᠳ ᠲᠤᠬᠯᠠᠯᠲᠠ ᠭᠠᠷᠭᠠᠨ᠎ᠠ


QQ20260629-112745.png


ᠪᠤᠲᠠᠰ ᠤ᠋ᠨ ᠪᠤᠰᠤ ᠰᠤᠶᠤᠯ ᠤ᠋ᠨ ᠦᠪ ᠢ᠋ ᠪᠡᠶᠡᠴᠢᠯᠡᠨ ᠤᠢᠯᠠᠭᠠᠨ᠎ᠠ


ᠦᠪᠦᠷ ᠮᠤᠩᠭᠤᠯ ᠤ᠋ᠨ ᠦᠪᠡᠷᠲᠡᠭᠡᠨ ᠵᠠᠰᠬᠠᠤ ᠤᠷᠤᠨ᠎ᠤ ᠤᠷᠤᠨ ᠰᠠᠭᠤᠴᠠ ᠪᠠ ᠬᠤᠲᠠ ᠬᠦᠲᠡᠭᠡ ᠢ᠋ᠢᠨ ᠪᠦᠲᠦᠭᠡᠨ ᠪᠠᠢᠭᠤᠯᠤᠯᠲᠠ ᠢ᠋ᠢᠨ ᠲᠢᠩᠬᠢᠮ ᠨᠢ ᠦᠪᠡᠷᠲᠡᠭᠡᠨ ᠵᠠᠰᠬᠠᠤ ᠤᠷᠤᠨ᠎ᠤ ᠬᠦᠭᠵᠢᠭᠦᠯᠦᠯᠲᠡ ᠪᠡ ᠦᠭᠡᠷᠡᠴᠢᠯᠡᠯᠲᠡ ᠢ᠋ᠢᠨ ᠵᠦᠪᠯᠡᠯ ᠵᠡᠷᠭᠡ ᠵᠢᠷᠭᠤᠭᠠᠨ ᠰᠠᠯᠠᠭ᠎ᠠ ᠮᠦᠴᠢᠷ ᠲᠡᠢ ᠬᠠᠮᠳᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠰᠠᠢᠨ ᠭᠡᠷ ᠪᠠᠢᠰᠢᠩ〉 ᠤ᠋ᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠠᠵᠢᠯᠯᠠᠭᠠᠨ᠎ᠤ ᠲᠥᠰᠥᠯ》 ᠢ᠋ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ 7 ᠲᠠᠯ᠎ᠠ ᠠ᠋ᠴᠠ 19 ᠵᠦᠢᠯ᠎ᠦᠨ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ 《ᠰᠠᠢᠨ ᠭᠡᠷ ᠪᠠᠢᠰᠢᠩ》ᠤ᠋ᠨ ᠪᠦᠲᠦᠭᠡᠨ ᠪᠠᠢᠭᠤᠯᠤᠯᠲᠠ᠎ᠶᠢ ᠪᠥᠬᠥ ᠬᠡᠯᠬᠢᠶ᠎ᠡ᠎ᠪᠡᠷ ᠠᠬᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ᠎ᠪᠡᠷ᠎ᠢᠶᠡᠨ ᠠᠷᠠᠳ ᠲᠦᠮᠡᠨ᠎ᠳᠦ  ᠠᠰᠢᠭ ᠬᠦᠷᠳᠡᠭᠡᠪᠡ; ᠬᠥᠨᠳᠡᠯᠡᠨ ᠲᠣᠭᠣᠷᠢᠭ᠋᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ 《1 ᠲᠥᠪᠯᠡᠷᠡᠭᠦᠯᠦᠨ ᠲᠣᠬᠢᠷᠠᠭᠤᠯᠤᠨ ᠬᠦᠷᠭᠡᠬᠦ ᠲᠥᠪ + N ᠨᠡᠢᠭᠡᠮ ᠲᠣᠭᠣᠷᠢᠭ᠋᠎ᠤᠨ ᠲᠤᠰᠠᠯᠠᠬᠤ ᠬᠣᠭᠣᠯᠠᠨ᠎ᠤ ᠴᠡᠭ》 ᠤ᠋ᠨ ᠨᠠᠰᠤᠵᠢᠯ᠎ᠤᠨ ᠬᠣᠭᠣᠯᠠ ᠲᠤᠰᠠᠯᠠᠬᠤ ᠦᠢᠯᠡᠴᠢᠯᠡᠭᠡᠨ᠎ᠦ ᠰᠢᠰᠲᠧᠮ ᠢ᠋ ᠡᠭᠦᠳᠦᠨ ᠪᠠᠢᠭᠤᠯᠵᠤ᠂ ᠨᠠᠰᠤᠲᠠᠢᠴᠤᠳ᠎ᠤᠨ《ᠬᠣᠭᠣᠯᠠ ᠬᠢᠬᠦ᠎ᠳᠦ ᠬᠦᠴᠢᠷ᠂ ᠬᠣᠭᠣᠯᠠ ᠢᠳᠡᠬᠦ᠎ᠳᠦ ᠵᠣᠪᠠᠬᠤ》ᠠᠰᠠᠭᠤᠳᠠᠯ᠎ᠢ ᠦᠨᠡᠨ᠎ᠬᠦ ᠰᠢᠢᠳᠪᠦᠷᠢᠯᠡᠨ᠎ᠡ ᠁

ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠰᠤᠷᠤᠯᠴᠠᠯᠭ᠎ᠠ ᠬᠦᠮᠦᠵᠢᠯ ᠢ᠋ ᠦᠷᠨᠢᠭᠦᠯᠦᠭᠰᠡᠨ ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠦᠳᠲᠡᠷ ᠲᠦᠷᠭᠡᠨ ᠬᠥᠳᠡᠯᠦᠯᠴᠡᠵᠦ᠂ ᠪᠦᠬᠦ ᠲᠠᠯ᠎ᠠ᠎ᠪᠠᠷ ᠪᠠᠢᠷᠢᠯᠠᠭᠤᠯᠵᠤ᠂ ᠲᠤᠰᠬᠠᠢ ᠰᠡᠳᠦᠪᠲᠦ ᠰᠤᠷᠤᠯᠴᠠᠯᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ ᠪᠠ ᠥᠪᠡᠷ᠎ᠢ᠎ᠪᠡᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠢ ᠱᠠᠲᠤ ᠬᠤᠪᠢᠶᠠᠨ ᠲᠦᠷᠦᠯ ᠬᠤᠪᠢᠶᠠᠨ ᠥᠷᠨᠢᠭᠦᠯᠵᠡᠢ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠬᠠᠮᠢᠶ᠎ᠠ ᠪᠦᠬᠦᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ 《ᠠᠷᠠᠳ᠎ᠲᠤ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠮᠥᠨ》 ᠭᠡᠬᠦ ᠭᠣᠣᠯ ᠠᠭᠤᠯᠬᠤᠨ᠎ᠢ ᠭᠦᠨᠵᠡᠭᠡᠢ ᠣᠢᠯᠠᠭᠠᠵᠤ᠂ ᠠᠵᠢᠯ ᠬᠢᠵᠦ ᠦᠢᠯᠡᠰ ᠪᠣᠰᠬᠠᠬᠤ ᠪᠠᠢᠷᠢᠰᠢᠯ᠎ᠢ ᠰᠠᠨᠠᠭᠠᠴᠢᠯᠠᠭ᠎ᠠ ᠡᠴᠡ ᠪᠠᠨ ᠬᠠᠷᠭᠤᠭᠤᠯᠵᠤ᠂ ᠡᠯ᠎ᠡ ᠲᠦᠷᠦᠯ᠎ᠦᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠪᠡᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠪᠠᠳᠤᠳᠠᠢ ᠠᠬᠢᠭᠤᠯᠤᠨ᠎ᠠ᠃

ᠡᠷᠡᠮᠡᠭᠡᠢᠯᠡᠨ ᠤᠷᠤᠭᠰᠢᠯᠠᠬᠤ ᠡᠷᠴᠢ ᠵᠤᠷᠢᠭ ᠵᠢᠡᠨ ᠬᠦᠪᠴᠢᠯᠡᠨ᠎ᠡ

ᠵᠠᠭᠤᠨ ᠵᠢᠯ᠎ᠦᠨ ᠠᠶᠠᠨ ᠰᠦᠷ ᠳᠠᠯᠠᠢᠴᠠᠲᠠᠢ ᠪᠠᠢᠵᠤ᠂ ᠲᠠᠯ᠎ᠠ ᠨᠤᠲᠤᠭ᠎ᠲᠤ ᠨᠠᠮ᠎ᠤᠨ ᠲᠤᠭ ᠦᠨᠳᠦᠷ ᠨᠠᠮᠢᠷᠠᠨ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭᠳᠠᠭᠰᠠᠨ 105 ᠵᠢᠯ᠎ᠦᠨ ᠤᠢ ᠬᠦᠷᠴᠦ ᠢᠷᠡᠬᠦ ᠲᠠᠰᠢᠷᠠᠮ᠎ᠢᠶᠠᠷ᠂ ᠥᠪᠥᠷ ᠮᠣᠩᠭᠣᠯ᠎ᠤᠨ ᠡᠯ᠎ᠡ ᠠᠢᠮᠠᠭ ᠬᠤᠳᠠ᠂ ᠡᠯ᠎ᠡ ᠠᠵᠢᠯ ᠲᠦᠷᠦᠯ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠣᠷᠣᠨ ᠪᠦᠰᠡ᠎ᠶᠢᠨ ᠣᠨᠴᠠᠯᠢᠭ᠋᠎ᠲᠠᠭᠠᠨ ᠰᠠᠭᠤᠷᠢᠯᠠᠵᠤ᠂ ᠠᠯᠢ ᠤᠯᠠᠨ ᠭᠣᠣᠯ ᠰᠡᠳᠦᠪ ᠢᠯᠡ ᠲᠣᠳᠣ᠌᠂ ᠪᠣᠳᠠᠲᠠᠢ᠎ᠶᠢ ᠡᠷᠬᠢᠮᠯᠡᠭᠰᠡᠨ᠂ ᠦᠨᠳᠦᠰᠦᠨ ᠱᠠᠲᠤᠨ᠎ᠳᠤ ᠦᠨᠳᠦᠰᠦᠯᠡᠭᠰᠡᠨ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠤᠯᠠᠨ ᠬᠡᠯᠪᠡᠷᠢ᠎ᠪᠡᠷ ᠠᠭᠤᠤ ᠶᠡᠬᠡ ᠡᠪ ᠬᠠᠮᠲᠦ ᠨᠠᠮ ᠢ᠋ᠢᠡᠨ ᠮᠠᠬᠲᠠᠨ ᠲᠠᠭᠤᠯᠠᠵᠦ᠂ ᠡᠷᠡᠮᠡᠬᠡᠢᠯᠡᠨ ᠲᠡᠮᠡᠴᠡᠬᠦ ᠬᠦᠴᠦᠨ ᠢ᠋ ᠨᠢᠬᠲᠠᠷᠠᠭᠤᠯᠤᠨ᠂ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ᠂ ᠪᠣᠳᠠᠲᠠᠢ ᠠᠵᠢᠯᠯᠠᠵᠤ ᠭᠠᠪᠢᠶ᠎ᠠ ᠪᠠᠶ᠋ᠢᠭᠤᠯᠬᠤ ᠬᠠᠯᠠᠭᠤᠨ ᠥᠷᠨᠢᠯᠲᠡ᠎ᠶᠢ ᠤᠮᠠᠷᠠᠲᠤ ᠬᠢᠯᠢ᠎ᠶᠢᠨ ᠡᠬᠡ ᠭᠠᠵᠠᠷ᠎ᠲᠤ ᠪᠤᠢ ᠪᠤᠯᠭᠠᠪᠠ᠃

ᠬᠤᠪᠢᠰᠬᠠᠯ᠎ᠤᠨ ᠰᠤᠳᠤᠯᠤᠨ ᠰᠤᠷᠤᠯᠴᠠᠯᠭ᠎ᠠ ᠪᠡᠷ ᠤᠬ ᠰᠠᠨᠠᠭ᠎ᠠ ᠵᠢ ᠲᠠᠪᠲᠠᠨ ᠪᠤᠯᠪᠠᠰᠤᠷᠠᠭᠤᠯᠵᠦ᠂ ᠬᠤᠪᠢᠰᠬᠠᠯ᠎ᠤᠨ ᠬᠸᠨ ᠢ᠋ ᠤᠯᠠᠮᠵᠢᠯᠠᠪᠠ᠃ ᠬᠢᠩᠭᠠᠨ ᠠᠢᠮᠠᠭ᠎ᠤᠨ ᠬᠢᠨ 《5·1》 ᠤ᠋ ᠬᠤᠷᠠᠯ᠎ᠤᠨ ᠭᠠᠵᠠᠷ ᠵᠡᠷᠭᠡ  ᠤᠷᠤᠨ ᠨᠤᠲᠤᠭ᠎ᠤᠨ ᠬᠤᠪᠢᠰᠬᠠᠯ᠎ᠤᠨ ᠰᠠᠭᠤᠷᠢᠨ ᠭᠠᠵᠠᠷ᠎ᠲᠸ᠋ ᠲᠦᠰᠢᠭᠯᠡᠨ᠂ ᠨᠠᠮ᠎ᠤᠨ ᠭᠡᠰᠢᠭᠦᠳ᠎ᠢ ᠵᠣᠬᠢᠶᠠᠨ ᠪᠠᠢᠭᠤᠯᠤᠨ ᠭᠣᠣᠯ ᠰᠡᠳᠦᠪᠲᠦ ᠨᠠᠮ᠎ᠤᠨ ᠡᠳᠦᠷᠯᠢᠭ᠂ ᠬᠤᠪᠢᠰᠬᠠᠯ᠎ᠤᠨ ᠰᠤᠳᠤᠯᠤᠨ ᠰᠤᠷᠤᠯᠴᠠᠬᠤ ᠠᠵᠢᠯᠯᠠᠭ᠎ᠠ᠎ᠶᠢ ᠥᠷᠨᠢᠭᠦᠯᠵᠦ᠂ ᠬᠤᠪᠢᠰᠬᠠᠯ᠎ᠤᠨ ᠣᠨ ᠰᠠᠷ᠎ᠠ᠎ᠶᠢ ᠡᠷᠬᠢᠴᠡᠬᠦᠯᠵᠦ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠪᠠ;ᠨᠡᠢᠲᠡᠯᠢᠭ ᠵᠢᠱ᠌ᠢᠶ᠎ᠡ ᠵᠢ ᠤᠬᠠᠭᠤᠯᠤᠨ ᠲᠠᠢᠯᠪᠤᠷᠢᠯᠠᠵᠤ ᠬᠠᠮᠲᠤᠷᠠᠯ  ᠬᠦᠴᠦᠨ᠎ᠢ ᠨᠢᠭ᠍ᠲᠠᠷᠠᠭᠤᠯᠤᠨ᠂ ᠪᠣᠳᠠᠲᠠᠢ ᠠᠵᠢᠯᠯᠠᠬᠤ ᠬᠡᠪ ᠰᠤᠷᠲᠠᠯ᠎ᠢ ᠪᠠᠳᠠᠷᠠᠭᠤᠯᠪᠠ᠃ ᠠᠯᠠᠱᠠ ᠠᠢᠮᠠᠭ᠎ᠤᠨ ᠡᠵᠡᠨ᠎ᠡ ᠬᠣᠰᠢᠭᠤᠨ᠎ᠤ ᠬᠢᠨ ᠲᠡᠷᠢᠭᠦᠨ᠎ᠦ ᠨᠡᠢᠲᠡᠯᠢᠭ ᠵᠢᠱ᠌ᠢᠶ᠎ᠡ ᠢ᠋ᠢᠨ ᠤᠬᠠᠭᠤᠯᠤᠨ ᠲᠠᠢᠯᠪᠤᠷᠢᠯᠠᠬᠤ ᠬᠤᠷᠠᠯ ᠬᠢᠵᠦ᠂ ᠦᠨᠳᠦᠰᠦᠨ ᠱᠠᠲᠤᠨ᠎ᠤ ᠬᠣᠰᠢᠭᠤᠴᠢ᠂ ᠬᠢᠯᠢ᠎ᠶᠢᠨ ᠬᠠᠮᠠᠭᠠᠯᠠᠭ᠍ᠴᠢ᠂ ᠪᠠᠶᠠᠵᠢᠯ᠎ᠤᠨ ᠳᠠᠭᠠᠭᠤᠯᠤᠭ᠍ᠴᠢ᠎ᠶᠢᠨ  ᠦᠯᠢᠭᠡᠷ᠎ᠢ ᠭᠦᠨᠵᠡᠭᠡᠢ ᠠᠭᠤᠲᠠᠯᠵᠦ᠂ ᠥᠷᠭᠡᠨ ᠤᠯᠠᠨ ᠨᠠᠮ᠎ᠤᠨ ᠭᠡᠰᠢᠭᠦᠨ᠎ᠢ ᠬᠥᠲᠥᠯᠥᠨ ᠵᠢᠯᠤᠭᠣᠳᠴᠤ᠂ ᠲᠡᠷᠢᠭᠦᠨ᠎ᠦ ᠬᠢ᠎ᠲᠠᠢ ᠠᠳᠠᠯᠢᠳᠬᠠᠵᠤ᠂ ᠭᠠᠪᠢᠶ᠎ᠠ ᠵᠢᠳᠬᠦᠯ ᠭᠠᠷᠭᠠᠬᠤ ᠪᠡᠷ ᠬᠦᠴᠦᠯᠡᠨ ᠴᠢᠷᠮᠠᠢᠬᠤ ᠵᠢ ᠵᠤᠷᠢᠭᠵᠢᠭᠤᠯᠵᠠᠢ; ᠬᠥᠯᠥᠨ ᠪᠤᠢ᠍ᠢᠷ᠎ᠤᠨ ᠬᠠᠢᠯᠠᠷ᠎ᠤᠨ ᠬᠢᠯᠢ᠎ᠶᠢᠨ ᠪᠠᠢᠴᠠᠭᠠᠬᠤ ᠦᠷᠳᠡᠬᠡ ᠬᠢᠯᠢ᠎ᠶᠢᠨ ᠬᠠᠮᠠᠭᠠᠯᠠᠯᠲᠠ᠎ᠶᠢᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠭᠣᠣᠯ ᠰᠡᠳᠦᠪᠲᠦ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠵᠦ᠂ ᠥᠨᠢ ᠤᠳᠠᠭᠠᠨ᠎ᠤ ᠠᠮᠤᠷ ᠲᠦᠪᠰᠢᠨ᠎ᠢ ᠪᠠᠳᠤᠯᠠᠬᠤ ᠪᠡᠷ ᠨᠠᠮ ᠪᠠᠢᠭᠤᠯᠤᠭᠳᠠᠭᠰᠠᠨ 105 ᠵᠢᠯ᠎ᠤᠨ ᠤᠢ ᠳ᠋ᠤ ᠪᠡᠯᠡᠭ ᠪᠠᠷᠢᠨ᠎ᠠ᠃

ᠨᠠᠮ ᠤᠯᠠᠨ ᠲᠦᠮᠡᠨ ᠬᠣᠯᠪᠤᠭᠠᠯᠠᠨ ᠬᠥᠳᠡᠯᠦᠯᠴᠡᠵᠦ ᠠᠷᠠᠳ᠎ᠲᠤ ᠠᠰᠢᠭ᠋ ᠬᠦᠷᠲᠡᠭᠡᠵᠦ ᠰᠡᠳᠬᠢᠯ᠎ᠢ ᠳᠤᠯᠠᠭᠠᠴᠠᠭᠤᠯᠤᠨ᠂ ᠪᠦᠯᠬᠦᠮᠳᠡᠯ᠎ᠦᠨ ᠲᠡᠪᠢᠰᠭᠡᠷ ᠥᠩᠭᠡ᠎ᠶᠢ ᠵᠤᠵᠠᠭᠠᠳᠬᠠᠪᠠ᠃ ᠪᠦᠬᠦ ᠣᠷᠣᠨ᠎ᠤ ᠡᠯ᠎ᠡ ᠵᠡᠭᠡᠯᠢ ᠭᠤᠳᠤᠮᠵᠢ᠂ ᠨᠡᠢᠭᠡᠮ ᠲᠣᠭᠣᠷᠢᠭ᠋᠂ ᠭᠠᠴᠠᠭ᠎ᠠ ᠲᠣᠰᠬᠣᠨ᠎ᠤ ᠨᠠᠮ᠎ᠤᠨ ᠵᠣᠬᠢᠶᠠᠨ ᠪᠠᠢᠭᠤᠯᠤᠯᠲᠠ ᠬᠤᠪᠢᠰᠬᠠᠯ᠎ᠤᠨ ᠳᠠᠭᠤᠤ ᠎ᠶᠢ ᠤᠯᠠᠮᠵᠢᠯᠠᠨ ᠳᠠᠭᠤᠯᠠᠬᠤ᠂ ᠨᠠᠮ ᠪᠠ ᠣᠯᠠᠨ ᠲᠦᠮᠡᠨ᠎ᠦ ᠨᠥᠬᠥᠷᠯᠡᠯ ᠪᠠᠶ᠋ᠢᠭᠤᠯᠬᠤ᠂ ᠠᠷᠠᠳ᠎ᠲᠤ ᠳᠥᠭᠥᠮ ᠦᠵᠡᠭᠦᠯᠬᠦ ᠦᠢᠯᠡᠴᠢᠯᠡᠭᠡ ᠬᠠᠩᠭᠠᠬᠤ᠂ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠶᠢ ᠪᠠᠶᠠᠷ ᠳᠤᠷᠠᠰᠬᠠᠯ᠎ᠤᠨ ᠡᠳᠦᠷ᠎ᠤᠨ ᠪᠦᠬᠦ ᠶᠠᠪᠤᠴᠠ᠎ᠳᠤ ᠠᠭᠤᠰᠤᠯᠴᠠᠭᠤᠯᠵᠤ᠂ ᠤᠯᠠᠨ ᠲᠦᠮᠡᠨ᠎ᠲᠠᠢ ᠣᠢᠷᠠᠲᠤᠭᠰᠠᠨ ᠨᠠᠮ᠎ᠤᠨ ᠪᠠᠢᠭᠤᠯᠤᠯᠲᠠ᠎ᠶᠢᠨ ᠠᠵᠢᠯᠯᠠᠭ᠎ᠠ᠎ᠪᠠᠷ ᠨᠠᠮ ᠪᠠ ᠤᠯᠠᠨ ᠲᠦᠮᠡᠨ᠎ᠢ ᠬᠤᠯᠪᠤᠨ᠂ ᠰᠡᠳᠬᠢᠯ᠎ᠢᠶᠡᠨ ᠨᠢᠭᠡᠳᠬᠡᠵᠦ᠂ ᠪᠣᠳᠠᠲᠠᠢ ᠠᠵᠢᠯᠯᠠᠵᠤ ᠡᠷᠡᠮᠡᠬᠡᠢᠯᠡᠨ ᠤᠷᠤᠭᠰᠢᠯᠠᠬᠤ ᠴᠣ ᠰᠢᠨ᠎ᠡ ᠳᠦᠷᠰᠦ ᠪᠠᠢᠳᠠᠯ᠎ᠢ ᠦᠷᠬᠦᠯᠵᠢᠯᠡᠨ ᠪᠤᠢ ᠪᠤᠯᠭᠠᠨ᠎ᠠ᠃

ᠰᠡᠳᠬᠢᠯ ᠵᠢᠡᠨ ᠨᠢᠭᠡᠳᠭᠡᠨ ᠰᠢᠨ᠎ᠠ ᠠᠶᠠᠨ ᠳ᠋ᠠᠭᠠᠨ ᠮᠤᠷᠳᠠᠨ᠎ᠠ

6 ᠰᠠᠷ᠎ᠠ᠎ᠶᠢᠨ 15 ᠤ᠋ ᠡᠳᠦᠷ ᠪᠦᠬᠦ ᠤᠯᠤᠰ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠵᠤ᠂ ᠬᠤᠷᠠᠯ ᠡᠴᠡ ᠰᠢ ᠵᠢᠨ ᠫᠢᠩ ᠤ᠋ᠨ ᠨᠠᠮ᠎ᠤᠨ ᠪᠠᠢᠭᠤᠯᠤᠯᠲᠠ ᠢ᠋ᠢᠨ ᠦᠵᠡᠯ ᠰᠠᠨᠠᠭ᠎ᠠ ᠪᠤᠯ ᠰᠢᠨ᠎ᠡ ᠴᠠᠬ ᠦᠶ᠎ᠡ ᠢ᠋ᠢᠨ ᠨᠠᠮ᠎ᠤᠨ ᠪᠠᠢᠭᠤᠯᠤᠯᠲᠠ ᠵᠢ ᠴᠢᠩᠭᠠᠳᠬᠠᠬᠤ ᠦᠨᠳᠦᠰᠦᠨ ᠵᠢᠷᠦᠮᠯᠡᠯ ᠮᠦᠨ ᠬᠡᠵᠦ ᠵᠢᠭᠠᠵᠦ ᠭᠠᠷᠭᠠᠬᠰᠠᠨ ᠪᠦᠭᠡᠳ ᠡᠨᠡ᠎ᠬᠦ ᠦᠵᠡᠯ ᠰᠠᠨᠠᠭ᠎ᠠ ᠡᠴᠡ《ᠠᠷᠪᠠᠨ ᠲᠦᠷᠪᠡ ᠵᠢ ᠪᠠᠷᠢᠮᠲᠠᠯᠠᠬᠤ》ᠵᠢ ᠲᠤᠷᠠᠳᠤᠨ ᠭᠠᠷᠭᠠᠪᠠ᠃ ᠡᠨᠡ ᠨᠢ  ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠪᠦᠬᠦ ᠲᠠᠯ᠎ᠠ᠎ᠪᠠᠷ ᠠᠬᠢᠭᠤᠯᠬᠤ᠎ᠳᠦ ᠬᠠᠮᠤᠭ᠎ᠤᠨ ᠰᠢᠨ᠎ᠡ᠂ ᠬᠠᠮᠤᠭ᠎ᠤᠨ ᠡᠷᠬᠡ ᠰᠦᠷ᠎ᠲᠠᠢ᠂ ᠬᠠᠮᠤᠭ᠎ᠤᠨ ᠦᠨᠳᠦᠰᠦᠨ ᠵᠢᠷᠤᠮᠯᠠᠯ ᠬᠠᠩᠭᠠᠵᠠᠢ᠃

ᠵᠠᠭᠤᠨ ᠵᠢᠯ᠎ᠦᠨ ᠲᠡᠮᠡᠴᠡᠯ  ᠵᠢᠡᠷ ᠰᠢᠨ᠎ᠡ ᠠᠶᠠᠨ᠎ᠢ ᠡᠬᠢᠯᠡᠭᠦᠯᠵᠦ᠂ ᠦᠨᠡᠨᠴᠢ ᠰᠢᠳᠤᠷᠭᠤ᠎ᠪᠠᠷ ᠪᠣᠳᠠᠲᠠᠢ ᠠᠵᠢᠯᠯᠠᠵᠤ ᠰᠢᠨ᠎ᠡ ᠭᠠᠪᠢᠶ᠎ᠠ ᠪᠠᠢᠭᠤᠯᠤᠨ᠎ᠠ᠃ ᠨᠠᠮ ᠪᠠᠢᠭᠤᠯᠤᠭᠳᠠᠭᠰᠠᠨ 105 ᠵᠢᠯ᠎ᠦᠨ ᠣᠶ᠎ᠶᠢᠨ ᠰᠢᠨ᠎ᠡ ᠲᠡᠦᠬᠡᠨ ᠭᠠᠷᠤᠭ᠎ᠠ ᠳᠡᠭᠡᠷ᠎ᠡ ᠵᠣᠭᠰᠣᠵᠤ᠂ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠰᠢ ᠵᠢᠨ ᠫᠢᠩ ᠤ᠋ᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠵᠦ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠠᠲᠦ ᠪᠤᠢ ᠪᠤᠯᠭᠠᠨ ᠦᠢᠯᠡᠲᠦᠯᠭᠡᠵᠢᠭᠦᠯᠵᠦ᠂ ᠶᠡᠷᠦᠩᠬᠡᠢ ᠱᠦᠵᠢ᠎ᠶᠢᠨ ᠥᠪᠥᠷ ᠮᠣᠩᠭᠣᠯ᠎ᠳᠤ ᠲᠠᠯᠪᠢᠭ᠍ᠰᠠᠨ ᠴᠢᠩ ᠰᠡᠳᠬᠢᠯ᠎ᠦᠨ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ᠂ ᠵᠤᠷᠢᠭᠰᠠᠨ ᠳ᠋ᠠᠭᠠᠨ ᠵᠠᠪᠠᠯ ᠬᠦᠷᠬᠦ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠭᠤᠤᠯ ᠰᠢᠵᠢᠮ ᠢ᠋ ᠪᠠᠲᠤ ᠡᠵᠡᠮᠳᠡᠨ᠂ ᠦᠨᠡᠨ ᠪᠣᠳᠠᠲᠠᠢ᠎ᠶᠢ ᠡᠷᠬᠢᠮᠯᠡᠵᠦ᠂ ᠪᠣᠳᠠᠲᠤ ᠠᠮᠵᠢᠯᠲᠠ ᠪᠦᠳᠦᠮᠵᠢ᠎ᠪᠠᠷ  ᠵᠢᠡᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ !

(ᠬᠡᠷᠡᠯ ᠵᠢᠷᠤᠭ᠎ᠤᠳ ᠢ᠋ ᠰᠢᠨᠬᠤᠸᠠ ᠰᠦᠯᠵᠢᠶ᠎ᠡ᠂ ᠲᠠᠯ᠎ᠠ ᠨᠤᠳᠤᠭ᠎ᠤᠨ ᠡᠭᠦᠯᠡ ᠰᠢᠯᠵᠢᠶ᠎ᠡ ᠡᠴᠡ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号