ᠪᠤᠳᠠᠰ᠎ᠤᠨ ᠪᠤᠰᠤ ᠰᠣᠶᠣᠯ᠎ᠤᠨ ᠥᠪ᠎ᠢ ᠬᠠᠤᠯᠢ ᠪᠡᠷ ᠬᠠᠮᠠᠭᠠᠯᠠᠬᠤ ᠲᠤᠬᠠᠢ ᠦᠬᠦᠯᠡᠬᠦ ᠨᠢ
2026-06-29 10:45:51
ᠵᠣᠬᠢᠶᠠᠭ᠍ᠴᠢ᠄
ᠤᠷᠠᠨᠴᠢᠮᠡᠭ
ᠣᠩᠱᠢᠭ᠍ᠰᠠᠨ ᠣᠳᠠᠭ᠎ᠠ᠄
★★★☆☆

ᠪᠤᠳᠠᠰ᠎ᠤᠨ ᠪᠤᠰᠤ ᠰᠣᠶᠤᠯ᠎ᠤᠨ ᠥᠪ᠎ᠪᠤᠯ ᠬᠦᠮᠦᠨ ᠲᠦᠷᠦᠯᠬᠢᠳᠡᠨ᠎ᠤ ᠪᠤᠯᠪᠠᠰᠤᠨ᠎ᠤ ᠦᠷᠬᠦᠯᠵᠢᠯᠡᠯ ᠵᠠᠯᠭᠠᠮᠵᠢᠯᠠᠯ᠎ᠤᠨ ᠠᠮᠢᠳᠤ ᠲᠦᠯᠦᠪ ᠰᠢᠨᠵᠢ᠂ ᠲᠡᠤᠬᠡ᠎ᠶ᠋ᠢᠨ ᠬᠦᠭᠵᠢᠯᠳᠠ ᠬᠤᠪᠢᠷᠠᠯᠲᠠ᠎ᠶ᠋ᠢᠨ ᠭᠡᠷᠡᠴᠢᠯᠡᠭ᠌ᠴᠢ ᠪᠤᠯᠬᠤ᠎ᠪᠠᠷ ᠦᠯᠦ᠍ ᠪᠠᠷᠠᠮ ᠱᠢᠨᠵᠢᠯᠡᠬᠦ᠌ ᠣᠬᠠᠭᠠᠨ᠂ ᠰᠤᠷᠭᠠᠨ ᠬᠦᠮᠦᠵᠢᠯ᠂ ᠠᠵᠤ ᠠᠬᠤᠢ᠎ᠳᠤ ᠴᠤ᠌ ᠯᠣᠳᠤ ᠶᠡᠭᠡ ᠥᠷᠲᠡᠭ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ ᠮᠠᠨ᠎ᠤ ᠤᠯᠤᠰ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠢ ᠬᠠᠮᠠᠭᠠᠯᠠᠨ ᠤᠯᠠᠮᠵᠢᠯᠠᠬᠤ ᠠᠵᠢᠯ᠎ᠤᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠦᠭᠴᠤ᠂ 《ᠪᠤᠳᠠᠰ᠎ᠤᠨ ᠪᠤᠰᠤ ᠰᠤᠶᠤᠯ᠎ᠤᠨ ᠦᠪ᠎ᠢ ᠰᠢᠰᠲᠸᠮᠳᠤ ᠴᠢᠨᠠᠷᠳᠠᠢ ᠪᠡᠷ ᠬᠠᠮᠠᠭᠠᠯᠠᠬᠤ ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠤ᠂ ᠠᠷᠠᠳ ᠲᠦᠮᠡᠨ᠎ᠤ ᠡᠳᠦᠷ ᠢᠷᠡᠬᠦᠶ᠎ᠠ ᠨᠡᠮᠡᠭᠳᠡᠵᠤ ᠪᠠᠢᠭ᠎ᠠ ᠤᠶᠤᠨ᠎ᠤ ᠰᠤᠶᠤᠯ᠎ᠤᠨ ᠬᠡᠷᠡᠭᠴᠡᠭᠡ ᠵᠢ ᠨᠡᠩ ᠰᠠᠢᠳᠤᠷ ᠬᠠᠩᠭᠠᠵᠤ᠂ ᠰᠤᠶᠤᠯ᠎ᠤᠨ ᠢᠳᠡᠬᠡᠯ᠎ᠤᠨ ᠲᠠᠯ᠎ᠡ ᠪᠡᠷ ᠦᠪᠡᠷ᠎ᠢ ᠪᠠᠨ ᠬᠦᠴᠦᠷᠭᠡᠭᠵᠢᠬᠦᠯᠬᠦ ᠵᠢ ᠠᠬᠢᠭᠤᠯᠬᠤ ᠬᠡᠷᠡᠭᠳᠡᠢ》 ᠬᠡᠵᠤ ᠴᠢᠬᠤᠯᠠᠴᠢᠯᠠᠪᠠ᠃ ᠮᠠᠨ᠎ᠤ ᠲᠡᠷᠬᠡᠳᠡᠬᠢ ᠡᠯᠪᠡᠭ ᠪᠠᠶᠠᠯᠢᠭ ᠪᠤᠳᠠᠰ᠎ᠤᠨ ᠪᠤᠰᠤ ᠰᠤᠶᠤᠯ᠎ᠤᠨ ᠦᠪ᠎ᠢ ᠰᠠᠢᠳᠤᠷ ᠬᠠᠮᠠᠭᠠᠯᠠᠵᠤ ᠤᠯᠠᠮᠵᠢᠯᠠᠵᠤ ᠰᠠᠢᠳᠤᠷ ᠬᠡᠷᠡᠭᠯᠡᠵᠤ ᠠᠰᠢᠬᠯᠠᠬᠤ ᠨᠢ ᠲᠤᠮᠳᠠᠳᠤ ᠵᠢᠨ ᠰᠤᠶᠤᠯ᠎ᠤᠨ ᠦᠨᠳᠦᠰᠦ ᠰᠤᠷᠪᠤᠯᠵᠢ  ᠵᠢ ᠦᠷᠬᠦᠯᠵᠢᠯᠡᠬᠦᠯᠵᠤ᠂ ᠰᠤᠶᠤᠯ᠎ᠤᠨ ᠢᠳᠡᠬᠡᠯ᠎ᠢᠶᠡᠨ ᠪᠠᠳᠤᠳᠬᠠᠬᠤ ᠳ᠋ᠤ ᠲᠤᠢᠯ᠎ᠤᠨ  ᠴᠢᠬᠤᠯᠠ ᠠᠴᠢ ᠬᠤᠯᠪᠤᠬᠳᠠᠯ ᠲᠠᠢ ᠶᠤᠮ᠃

ᠨᠢᠬᠡ᠂ ᠪᠤᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭ ᠱᠢᠨᠵᠢ

ᠪᠤᠳᠠᠰ᠎ᠤᠨ ᠪᠤᠰᠤ ᠰᠣᠶᠣᠯ᠎ᠤᠨ ᠥᠪ᠎ᠨᠢ ᠪᠤᠰᠤᠳ ᠪᠤᠳᠠᠰ᠎ᠤᠨ ᠥᠪ᠎ᠲᠠᠢ ᠬᠠᠷᠢᠴᠠᠭᠤᠯᠪᠠᠯ ᠲᠡᠭᠦᠨ᠎ᠤ ᠦᠪᠡᠷᠮᠢᠴᠡ ᠣᠨᠴᠠᠯᠢᠭ᠎ᠲᠠᠢ ᠪᠠᠢᠳᠠᠭ᠃ ᠶᠠᠭᠤᠨ᠎ᠤ ᠡᠮᠦᠨ᠎ᠡ ᠪᠤᠳᠠᠰ᠎ᠤᠨ ᠪᠤᠰᠤ ᠰᠣᠶᠣᠯ᠎ᠤᠨ ᠥᠪ᠎ᠨᠢ ᠲᠡᠤᠬᠡᠲᠤ ᠤᠯᠠᠮᠵᠢᠯᠠᠯᠲᠤ ᠴᠢᠨᠠᠷ᠎ᠲᠠᠢ᠃ ᠪᠤᠳᠠᠰ᠎ᠤᠨ ᠪᠤᠰᠤ ᠰᠣᠶᠣᠯ᠎ᠤᠨ ᠥᠪ ᠪᠣᠯ ᠣᠳᠤ᠎ᠠᠴᠠ ᠡᠮᠦᠨ᠎ᠡ ᠬᠡᠳᠦᠨ ᠵᠠᠭᠤᠨ ᠵᠢᠯ ᠴᠢᠨᠠᠭ᠍ᠰᠢᠯᠠᠨ ᠬᠡᠳᠦᠨ ᠮᠢᠩᠭᠠᠨ ᠵᠢᠯ᠎ᠤᠨ ᠡᠮᠦᠨ᠎ᠡ ᠶᠠᠮᠠᠷ ᠨᠢᠭᠡᠨ ᠤᠷᠤᠨ ᠪᠦᠰᠡ ᠵᠢᠴᠢ ᠭᠠᠵᠠᠷ ᠨᠤᠳᠤᠭ᠎ᠤᠨ ᠦᠨᠳᠦᠰᠦᠲᠡᠨ᠂ ᠠᠢᠮᠠᠭ᠎ᠤᠨ ᠳᠤᠲᠤᠭᠠᠳᠤ᠎ᠳᠠᠭᠠᠨ ᠪᠥᠷᠢᠯᠳᠤᠵᠦ᠍᠂ ᠡᠨᠡ ᠤᠷᠤᠨ ᠪᠦᠰᠡ ᠭᠠᠵᠠᠷ ᠨᠤᠲᠤᠭ᠎ᠤᠨ ᠬᠦᠮᠦᠰ᠎ᠨᠢ ᠲᠡᠤᠬᠡ᠎ᠶ᠋ᠢᠨ ᠣᠯᠪᠠᠭ᠎ᠠ ᠤᠷᠤᠰᠭᠠᠯ᠎ᠳᠤ ᠤᠯᠠᠷᠢᠨ ᠲᠠᠷᠬᠠᠬᠤ ᠶᠠᠪᠤᠴᠠ᠎ᠳᠤ ᠠᠮᠨ᠎ᠪᠠᠷ ᠳᠠᠮᠵᠢᠭ᠍ᠰᠠᠨ ᠪᠤᠶᠤ ᠦᠪᠡᠷ᠎ᠤᠨ ᠣᠷᠣᠯᠳᠤᠯᠭ᠎ᠠ᠎ᠪᠠᠷ ᠦᠨᠡᠨ ᠵᠢᠷᠦᠬᠡᠨ᠎ᠤ ᠮᠡᠳᠡᠷᠡᠮᠵᠢ᠎ᠪᠠᠷ ᠤᠯᠠᠮᠵᠢᠯᠠᠨ ᠵᠠᠯᠭᠠᠮᠵᠢᠯᠠᠵᠤ ᠢᠷᠡᠭ᠌ᠰᠡᠨ ᠰᠣᠶᠣᠯ᠎ᠤᠨ ᠥᠪ ᠪᠣᠯᠣᠨ᠎ᠠ᠃

ᠪᠤᠳᠠᠰ᠎ᠤᠨ ᠪᠤᠰᠤ ᠰᠣᠶᠣᠯ᠎ᠤᠨ ᠥᠪ᠎ᠨᠢ ᠨᠢᠭᠡᠨ ᠤᠷᠤᠨ ᠪᠦᠰᠡ ᠭᠠᠵᠠᠷ ᠨᠤᠲᠤᠭ᠎ᠤᠨ ᠬᠦᠮᠦᠰ᠎ᠤᠨ ᠪᠣᠶᠣ ᠨᠢᠭᠡᠨ ᠦᠨᠳᠦᠰᠦᠲᠡᠨ᠎ᠤ ᠬᠦᠮᠦᠰ᠎ᠤᠨ ᠠᠮᠢᠳᠤᠷᠠᠯ᠎ᠤᠨ ᠬᠡᠪ ᠮᠠᠶᠢᠭ᠂ ᠭᠤᠸ᠎ᠠ ᠰᠠᠢᠬᠠᠨ᠎ᠤ ᠣᠢᠯᠠᠭᠠᠯᠲᠠ᠎ᠶ᠋ᠢ ᠬᠠᠷᠠᠭᠤᠯᠳᠠᠭ ᠮᠦᠷᠲᠡᠭᠡᠨ ᠡᠳᠡᠭᠡᠷ ᠬᠦᠮᠦᠰ᠎ᠦᠨ ᠬᠠᠮᠤᠭ᠎ᠤᠨ ᠭᠦᠨ ᠭᠦᠨᠵᠡᠭᠡᠢ ᠰᠤᠶᠤᠯ᠎ᠤᠨ ᠲᠡᠤᠬᠡ᠎ᠶ᠋ᠢᠨ ᠡᠬᠢ ᠰᠣᠷᠪᠤᠯᠵᠢ᠎ᠵᠢ ᠠᠬᠤᠭᠤᠯᠵᠤ ᠪᠠᠢᠳᠠᠭ᠃ ᠳᠠᠷᠤᠢ ᠤᠤᠯ ᠰᠤᠶᠤᠯ᠎ᠤᠨ ᠤᠤᠷ ᠴᠢᠨᠠᠷ ᠨᠢ ᠣᠨ᠎ᠤ ᠬᠦᠷᠳᠦ᠍᠎ᠶ᠋ᠢᠨ ᠣᠷᠴᠢᠨ ᠣᠷᠣᠱᠢᠬᠤᠢ᠎ᠶ᠋ᠢᠨ ᠬᠦᠭ᠌ᠵᠢᠯᠲᠡ ᠬᠤᠪᠢᠷᠠᠯᠲᠠ᠎ᠶ᠋ᠢ ᠦᠩᠬᠡᠷᠡᠬᠦᠯᠦᠭᠰᠡᠨ ᠭᠡᠷᠡᠴᠢ ᠨᠢ ᠪᠣᠯᠵᠤ᠂ ᠲᠤᠰ ᠤᠷᠤᠨ ᠪᠦᠰᠡ ᠭᠠᠵᠠᠷ ᠨᠤᠲᠤᠭ᠎ᠤᠨ ᠪᠣᠶᠣ ᠲᠣᠰ ᠦᠨᠳᠦᠰᠦᠲᠡᠨ᠎ᠦ ᠦᠪᠡᠷᠮᠢᠴᠡ ᠰᠤᠶᠣᠯ᠎ᠤᠨ ᠬᠦᠭ᠌ᠵᠢᠯᠲᠡ᠎ᠶ᠋ᠢᠨ ᠤᠯᠠ  ᠮᠥᠷ ᠨᠢ ᠪᠣᠯᠳᠠᠭ᠃ ᠳᠠᠬᠢᠪᠠᠯ᠂ ᠪᠤᠳᠠᠰ᠎ᠤᠨ ᠪᠤᠰᠤ ᠰᠣᠶᠣᠯ᠎ᠤᠨ ᠥᠪ ᠨᠢ ᠲᠤᠰ ᠤᠷᠤᠨ ᠪᠦᠰᠡ ᠭᠠᠵᠠᠷ ᠨᠤᠲᠤᠭ ᠪᠤᠶᠤ ᠲᠤᠰ ᠦᠨᠳᠦᠰᠦᠲᠡᠨ᠎ᠦ ᠬᠠᠮᠲᠦ᠍ ᠪᠠᠷ ᠡᠳ᠋ᠯᠡᠬᠥ᠌ ᠰᠣᠶᠣᠯ᠎ᠤᠨ ᠥᠪ ᠪᠠᠢᠵᠤ᠂ ᠳᠠᠶᠠᠭᠠᠷ ᠣᠯᠠᠨ᠎ᠤ ᠰᠡᠳᠭᠢᠯ᠎ᠳᠦ ᠭᠦᠨ ᠣᠢᠯᠠᠭᠠᠭ᠍ᠳᠠᠵᠤ ᠮᠡᠳᠡᠷᠡᠭ᠌ᠳᠡᠭ᠌ᠰᠡᠨ ᠪᠣᠯᠬᠤᠷ ᠲᠡᠷᠡ ᠨᠢ ᠠᠰᠤᠷᠤ ᠶᠡᠬᠡ ᠰᠣᠶᠣᠯ᠎ᠤᠨ ᠦᠨ᠎ᠡ ᠦᠷᠲᠡᠭ ᠲᠠᠢ ᠪᠠᠢᠳᠠᠭ᠃ ᠡᠨᠡ᠎ᠬᠦ᠌ ᠰᠣᠶᠣᠯ᠎ᠤᠨ ᠦᠨ᠎ᠡ ᠦᠷᠲᠡᠭ ᠨᠢ ᠵᠣᠬᠢᠬᠤ ᠳᠦᠪᠱᠢᠨ᠎ᠳᠡᠭᠡᠨ ᠬᠤᠪᠢᠷᠠᠨ ᠱᠢᠯᠵᠢᠭᠡᠳ ᠠᠵᠤ ᠠᠬᠤᠢ᠎ᠶ᠋ᠢᠨ ᠦᠨ᠎ᠡ ᠦᠷᠲᠡᠭ ᠲᠠᠢ ᠪᠣᠯᠵᠤ᠂ ᠲᠤᠰ ᠤᠷᠤᠨ ᠪᠦᠰᠡ ᠭᠠᠵᠠᠷ ᠨᠤᠲᠤᠭ ᠪᠣᠶᠣ ᠲᠤᠰ ᠦᠨᠳᠦᠰᠦᠲᠡᠨ᠎ᠦ ᠬᠦᠮᠦᠰ᠎ᠲᠡᠬᠡᠨ ᠮᠣᠨᠳᠠᠭ ᠶᠡᠬᠡ ᠠᠵᠤ ᠠᠬᠤᠢ᠎ᠶ᠋ᠢᠨ ᠦᠨ᠎ᠡ ᠦᠷᠲᠡᠭ᠎ᠢ ᠠᠪᠴᠢᠷᠠᠳᠠᠭ᠃

ᠬᠤᠶᠠᠷ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠤᠯᠢ᠎ᠪᠡᠷ ᠬᠠᠮᠠᠭᠠᠯᠠᠬᠰᠠᠨ ᠶᠠᠪᠤᠴᠠ

ᠪᠤᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ᠎ᠳᠤ  ᠣᠯᠠᠨ ᠵᠦᠢᠯ᠎ᠦᠨ ᠠᠷᠭ᠎ᠠ ᠪᠠᠷᠢᠯ ᠪᠠᠢᠳᠠᠭ᠂ ᠡᠭᠦᠨ᠎ᠳᠦ ᠬᠠᠤᠯᠢ ᠴᠠᠭᠠᠵᠠ ᠪᠡᠷ ᠬᠠᠮᠠᠭᠠᠯᠠᠬᠤ ᠨᠢ ᠬᠠᠮᠤᠭ᠎ᠤᠨ ᠬᠦᠴᠦᠳᠠᠢ ᠪᠦᠬᠡᠳ ᠪᠠᠳᠤᠯᠠᠭ᠎ᠠ ᠲᠠᠢ ᠬᠠᠮᠠᠭᠠᠯᠠᠯᠲᠠ ᠪᠣᠯᠬᠤ ᠶᠤᠮ᠃ ᠬᠡᠬᠦ ᠳ᠋ᠡᠬᠡᠨ ᠪᠤᠳᠠᠰ᠎ᠤᠨ ᠪᠤᠰᠤ ᠰᠣᠶᠣᠯ᠎ᠤᠨ ᠥᠪ᠎ᠦᠨ ᠦᠪᠡᠷᠮᠢᠴᠡ ᠣᠨᠴᠠᠯᠢᠭ᠎ᠠᠴᠠ ᠪᠤᠯᠵᠤ ᠲᠡᠭᠦᠨ᠎ᠢ ᠬᠠᠤᠯᠢ᠎ᠪᠡᠷ ᠬᠠᠮᠠᠭᠠᠯᠠᠬᠤ ᠳ᠋ᠤ ᠪᠣᠳᠠᠰ᠎ᠤᠨ ᠰᠣᠶᠣᠯ᠎ᠤᠨ ᠥᠪ᠎ᠦᠨ ᠬᠠᠮᠠᠭᠠᠯᠠᠯᠲᠠ ᠲᠠᠢ ᠮᠠᠰᠢ ᠠᠳᠠᠯᠢ ᠦᠬᠡᠢ ᠪᠠᠢᠳᠠᠭ᠃

ᠮᠠᠨ᠎ᠤ ᠤᠯᠤᠰ᠎ᠤᠨ ᠰᠣᠶᠣᠯ᠎ᠤᠨ ᠥᠪ᠎ᠢ ᠬᠠᠮᠠᠭᠠᠯᠠᠬᠤ ᠬᠠᠤᠯᠢ ᠵᠢ ᠳᠤᠭ᠍ᠲᠠᠭᠠᠵᠤ ᠬᠡᠷᠡᠭᠵᠢᠬᠦᠯᠦᠭᠰᠡᠨ ᠲᠤᠬᠠᠢ ᠮᠦᠷᠳᠡᠪᠠᠯ᠂ 1988 ᠣᠨ᠎ᠤ 《ᠲᠡᠤᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠬᠠᠤᠯᠢ》 ᠨᠡᠢᠳᠡᠯᠡᠭᠳᠡᠵᠤ᠂ ᠬᠦᠳᠡᠯᠬᠦ᠌ ᠪᠠ ᠦᠯᠦ᠍ ᠭᠦᠳᠡᠯᠬᠦ᠌ ᠲᠡᠤᠬᠡ᠎ᠶ᠋ᠢᠨ ᠳᠣᠷᠠᠰᠭᠠᠯᠳᠤ ᠵᠦᠢᠯᠡᠰ᠎ᠢ ᠬᠠᠤᠯᠢ ᠪᠡᠷ ᠬᠠᠮᠠᠭᠠᠯᠠᠬᠤ ᠬᠦᠷᠢᠶ᠎ᠡ ᠬᠡᠪᠴᠢᠶᠡᠨ ᠳ᠋ᠤ ᠣᠷᠣᠭᠤᠯᠪᠠ᠃ ᠡᠬᠦᠨ ᠡᠴᠡ ᠡᠬᠢᠯᠡᠵᠤ ᠪᠤᠳᠠᠰ᠎ᠤᠨ ᠪᠤᠰᠤ ᠰᠣᠶᠣᠯ᠎ᠤᠨ ᠥᠪ ᠨᠢ ᠬᠠᠤᠯᠢ ᠪᠡᠷ ᠬᠠᠮᠠᠭᠠᠯᠠᠬᠤ ᠬᠦᠷᠢᠶ᠎ᠡ ᠬᠡᠪᠴᠢᠶᠡᠨ᠎ᠳᠦ ᠣᠷᠣᠭ᠍ᠰᠠᠨ ᠪᠠᠢᠨ᠎ᠠ᠃ ᠲᠡᠬᠦᠨ᠎ᠡᠴᠡ ᠬᠣᠢᠰᠢ᠂ ᠮᠠᠨ᠎ᠤ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠲᠤᠬᠠᠢ ᠬᠠᠤᠯᠢ ᠳᠤᠭ᠍ᠲᠠᠭᠠᠬᠤ ᠠᠵᠢᠯᠯᠠᠭ᠎ᠠ ᠵᠢᠩᠬᠢᠨᠢ᠎ᠪᠡᠷ ᠡᠬᠢᠯᠡᠪᠠ᠃ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠦᠨ ᠶᠡᠬᠡ ᠬᠤᠷᠠᠯ᠎ᠤᠨ ᠰᠤᠷᠭᠠᠨ ᠬᠦᠮᠦᠵᠢᠯ ᠱᠢᠨᠵᠢᠯᠡᠬᠦ᠌ ᠤᠬᠠᠭᠠᠨ ᠰᠤᠶᠤᠯ ᠡᠷᠡᠭᠦᠯ ᠬᠠᠮᠠᠭᠠᠯᠠᠯ᠎ᠤᠨ ᠵᠦᠪᠯᠡᠯ ᠤᠷᠢᠳ ᠬᠣᠵᠢᠳ ᠶᠦᠨᠨᠠᠨ᠂ ᠱᠢᠨᠵᠢᠶᠠᠩ ᠵᠡᠷᠭᠡ ᠭᠠᠵᠠᠷ ᠣᠷᠣᠨ᠎ᠢᠶᠠᠷ ᠶᠠᠪᠣᠵᠣ᠂ ᠤᠯᠠᠮᠵᠢᠯᠠᠯᠲᠤ ᠰᠤᠶᠤᠯ ᠤᠷᠠᠯᠢᠭ᠂ ᠭᠠᠷ ᠤᠷᠠᠯᠠᠯ ᠵᠡᠷᠭᠡ ᠤᠯᠠᠮᠵᠢᠯᠠᠯᠲᠤ ᠰᠣᠶᠣᠯ᠎ᠤᠨ ᠥᠪ᠎ᠦᠨ ᠬᠠᠮᠠᠭᠠᠯᠠᠯᠲᠠ᠎ᠶ᠋ᠢᠨ ᠪᠠᠢᠳᠠᠯ ᠪᠠ ᠣᠷᠣᠱᠢᠵᠤ ᠪᠠᠢᠭ᠎ᠠ ᠠᠰᠠᠭᠤᠳᠠᠯ᠎ᠳᠤ ᠭᠦᠨᠵᠡᠭᠡᠢ ᠰᠣᠳᠣᠯᠭ᠎ᠠ ᠬᠢᠵᠦ ᠬᠠᠮᠢᠭ᠎ᠠ ᠪᠦᠬᠦᠢ ᠪᠠᠢᠭᠤᠯᠭ᠎ᠠ ᠲᠠᠢ ᠬᠠᠮᠲᠤ ᠬᠠᠤᠯᠢ ᠳᠣᠭ᠍ᠲᠠᠭᠠᠬᠤ ᠰᠤᠳᠤᠯᠭᠠᠨ᠎ᠤ ᠬᠤᠷᠠᠯ ᠪᠠ ᠣᠯᠠᠨ ᠤᠯᠤᠰ᠎ᠤᠨ ᠶᠠᠷᠢᠯᠴᠠᠭᠠᠨ᠎ᠤ ᠬᠤᠷᠠᠯ᠎ᠢ ᠶᠠᠪᠤᠭ᠍ᠳᠠᠭᠤᠯᠵᠠᠢ᠃ ᠡᠭᠦᠨ᠎ᠦ ᠰᠠᠭᠤᠷᠢᠨ ᠳᠡᠭᠡᠷ᠎ᠡ 2003 ᠣᠨ᠎ᠳᠤ 《ᠪᠦᠭᠦᠲᠡ ᠨᠠᠢᠷᠠᠮᠲᠠᠬᠤ ᠳᠤᠮᠳᠠᠲᠤ ᠠᠷᠠᠳ ᠤᠯᠤᠰ᠎ᠤᠨ ᠠᠷᠠᠳ᠎ᠤᠨ ᠳᠤᠮᠳᠠᠬᠢ ᠤᠯᠠᠮᠵᠢᠯᠠᠯᠲᠤ ᠰᠤᠶᠤᠯ᠎ᠤᠨ ᠬᠠᠮᠠᠭᠠᠯᠠᠯᠲᠠ᠎ᠶ᠋ᠢᠨ ᠬᠠᠤᠯᠢ》 ᠶ᠋ᠢᠨ ᠡᠬᠡ ᠨᠤᠤᠷᠠᠭ᠎ᠢ ᠲᠣᠭᠤᠷᠪᠢᠨ ᠪᠢᠴᠢᠵᠡᠢ᠃ 2011 ᠣᠨ ᠳ᠋ᠤ 《ᠪᠦᠭᠦᠲᠡ ᠨᠠᠢᠷᠠᠮᠲᠠᠬᠤ ᠳᠤᠮᠳᠠᠲᠤ ᠠᠷᠠᠳ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠦᠨ ᠬᠠᠤᠯᠢ》 ᠨᠡᠢᠳᠡᠯᠡᠭᠳᠡᠭᠰᠡᠨ ᠪᠠᠢᠨ᠎ᠠ᠃ ᠡᠭᠦᠨ᠎ᠤ ᠡᠮᠦᠨ᠎ᠡ 2004 ᠣᠨ᠎ᠳᠦ ᠮᠠᠨ᠎ᠤ ᠤᠯᠤᠰ ᠪᠠᠰᠠ ᠣᠯᠠᠨ ᠤᠯᠤᠰ᠎ᠤᠨ ᠬᠣᠯᠪᠤᠭᠠᠲᠤ ᠪᠠᠢᠭᠤᠯᠭ᠎ᠠ᠎ᠶ᠋ᠢᠨ ᠵᠣᠬᠢᠶᠠᠨ ᠪᠠᠢᠭᠤᠯᠤᠭ᠍ᠰᠠᠨ 《ᠪᠤᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠨᠡᠢᠲᠡ᠎ᠶ᠋ᠢᠨ ᠭᠡᠷ᠎ᠡ》 ᠳ᠋ᠤ ᠣᠷᠣᠯᠴᠠᠵᠤ᠂ 《ᠪᠤᠳᠠᠰ᠎ᠤᠨ ᠪᠤᠰᠤ ᠰᠣᠶᠣᠯ᠎ᠤᠨ ᠥᠪ》 ᠬᠡᠬᠦ ᠨᠢᠬᠡᠳᠦᠯ ᠲᠠᠢ ᠨᠡᠷᠡᠢᠳᠦᠯ᠎ᠢ ᠬᠡᠷᠡᠭᠯᠡᠵᠤ ᠬᠡᠷᠡᠭ᠌ᠵᠢᠭᠦᠯᠦᠭᠰᠡᠨ ᠶᠤᠮ᠃

《ᠪᠦᠭᠦᠲᠡ ᠨᠠᠢᠷᠠᠮᠲᠠᠬᠤ ᠳᠤᠮᠳᠠᠲᠤ ᠠᠷᠠᠳ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠦᠨ ᠬᠠᠤᠯᠢ》 ᠪᠤᠯ ᠮᠠᠨ᠎ᠤ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠰᠠᠭᠤᠷᠢ ᠬᠠᠦᠯᠢ ᠪᠣᠯᠬᠤ ᠶᠤᠮ᠃ ᠡᠭᠦᠨ᠎ᠤ ᠲᠠᠭᠠᠤ ᠡᠯ᠎ᠡ ᠮᠤᠵᠢ ᠤᠷᠤᠨ᠎ᠪᠠᠰᠠ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠲᠤᠬᠠᠢ ᠬᠤᠯᠪᠤᠬᠳᠠᠯ ᠪᠦᠬᠦᠢ ᠬᠠᠤᠯᠢ ᠳᠤᠭ᠍ᠲᠠᠭᠠᠯ᠎ᠢ ᠳᠣᠭ᠍ᠲᠠᠭᠠᠭ᠍ᠰᠠᠨ ᠪᠠᠢᠨ᠎ᠠ᠃

ᠭᠤᠷᠪᠠ᠂ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠤᠯᠢ ᠪᠡᠷ ᠬᠠᠮᠠᠭᠠᠯᠠᠬᠤ᠎ᠳᠦ ᠣᠷᠣᠱᠢᠵᠤ ᠪᠠᠢᠭ᠎ᠠ ᠠᠰᠠᠭᠤᠳᠠᠯ

ᠪᠤᠳᠠᠰ᠎ᠤᠨ ᠪᠤᠰᠤ ᠰᠣᠶᠣᠯ᠎ᠤᠨ ᠥᠪ᠎ᠢ ᠬᠠᠤᠯᠢ ᠪᠡᠷ ᠬᠠᠮᠠᠭᠠᠯᠠᠬᠤ ᠲᠠᠯ᠎ᠠ᠎ᠪᠠᠷ ᠣᠯᠠᠨ ᠤᠯᠤᠰ᠎ᠤᠨ᠂ ᠪᠦᠬᠦ᠌ ᠤᠯᠤᠰ᠎ᠤᠨ᠂ ᠣᠷᠣᠨ ᠨᠤᠳᠤᠭ᠎ᠤᠨ ᠬᠡᠪᠴᠢᠶᠡᠨ᠎ᠳᠦ ᠴᠦᠮ ᠬᠤᠯᠪᠤᠬᠳᠠᠯ ᠪᠦᠬᠦᠢ ᠬᠠᠤᠯᠢ ᠳᠣᠭ᠍ᠲᠠᠭᠠᠯ ᠲᠠᠢ ᠪᠤᠯᠤᠬᠰᠠᠨ ᠪᠤᠯᠪᠠᠴᠤ ᠠᠵᠤ ᠠᠬᠤᠢ᠎ᠶ᠋ᠢᠨ ᠬᠦᠭ᠌ᠵᠢᠯᠲᠡ᠂ ᠨᠡᠢᠬᠡᠮ᠎ᠦᠨ ᠱᠢᠨ᠎ᠡ ᠣᠷᠴᠢᠨ ᠠᠬᠤᠢ᠎ᠶ᠋ᠢᠨ ᠬᠤᠪᠢᠷᠠᠯᠲᠠ᠎ᠶ᠋ᠢ ᠳᠠᠭᠠᠯᠳᠤᠨ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠤᠯᠢ ᠪᠡᠷ ᠬᠠᠮᠠᠭᠠᠯᠠᠬᠤ ᠲᠠᠯ᠎ᠠ᠎ᠪᠠᠷ ᠮᠠᠰᠢ ᠣᠯᠠᠨ ᠠᠰᠠᠭᠤᠳᠠᠯ ᠣᠷᠣᠱᠢᠵᠤ ᠪᠣᠢ᠃

ᠶᠠᠭᠤᠨ᠎ᠤ ᠡᠮᠦᠨ᠎ᠡ᠂ ᠤᠷᠤᠨ ᠨᠤᠳᠤᠭ᠎ᠤᠨ ᠬᠢᠨ᠎ᠤ ᠭᠠᠵᠠᠷ ᠤᠷᠤᠨ᠎ᠤ ᠪᠠᠢᠳᠠᠯ ᠳ᠋ᠠᠭᠠᠨ ᠲᠤᠬᠢᠷᠠᠭᠤᠯᠤᠨ ᠢᠵᠢ ᠪᠦᠷᠢᠳᠦᠬᠦᠯᠦᠭᠰᠡᠨ ᠬᠠᠦᠯᠢ ᠵᠢ ᠲᠤᠬᠳᠠᠭᠠᠨ ᠭᠡᠷᠡᠭᠵᠢᠬᠦᠯᠬᠦ ᠲᠠᠯ᠎ᠠ ᠪᠡᠷ ᠬᠦᠷᠦᠯᠴᠡᠬᠦ ᠦᠬᠡᠢ᠃ ᠡᠯ᠎ᠡ ᠮᠤᠵᠢ ᠣᠷᠣᠨ ᠦᠪᠡᠷ᠎ᠦᠨ ᠲᠤᠬᠠᠢ᠎ᠶ᠋ᠢᠨ ᠭᠠᠵᠠᠷ ᠣᠷᠣᠨ᠎ᠳᠠᠭᠠᠨ ᠲᠤᠬᠢᠷᠠᠬᠰᠠᠨ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠬᠠᠤᠯᠢ ᠵᠢ ᠳᠣᠭ᠍ᠲᠠᠭᠠᠵᠤ ᠬᠡᠷᠡᠭ᠌ᠵᠢᠭᠦᠯᠪᠠᠯ ᠵᠤᠬᠢᠰᠳᠠᠢ ᠪᠠᠢᠬᠰᠠᠨ᠂ ᠭᠡᠪᠡᠴᠦ᠍ ᠤᠯᠠᠩᠬᠢ ᠭᠠᠵᠠᠷ ᠤᠷᠤᠨ 《ᠪᠦᠭᠦᠲᠡ ᠨᠠᠢᠷᠠᠮᠲᠠᠬᠤ ᠳᠤᠮᠳᠠᠲᠤ ᠠᠷᠠᠳ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠦᠨ ᠬᠠᠤᠯᠢ》 ᠵᠢᠨ ᠠᠭᠤᠯᠭ᠎ᠠ ᠵᠢ ᠲᠡᠷᠡ ᠬᠡᠪ᠎ᠢᠶᠡᠷ ᠨᠢ ᠲᠠᠪᠳᠠᠵᠤ᠂ ᠬᠠᠨᠳᠤᠯᠭᠠᠳᠤ ᠴᠢᠨᠠᠷ᠎ᠢᠶᠡᠷ ᠲᠤᠳᠠᠮᠠᠭ ᠪᠤᠯᠤᠬᠰᠠᠨ᠎ᠢᠶᠡᠷ ᠵᠠᠷᠢᠮ ᠭᠠᠵᠠᠷ ᠤᠷᠤᠨ᠎ᠤ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠤᠯᠢ᠎ᠪᠡᠷ ᠬᠠᠮᠠᠭᠠᠯᠠᠬᠤ ᠶᠠᠪᠣᠴᠠ᠎ᠳᠤ ᠲᠤᠯᠭᠠᠷᠠᠭ᠍ᠰᠠᠨ ᠠᠰᠠᠭᠤᠳᠠᠯ᠎ᠢ ᠵᠣᠬᠢᠰᠲᠠᠢ ᠱᠢᠢᠳᠪᠦᠷᠢᠯᠡᠵᠦ᠍ ᠴᠢᠳᠠᠬᠤ ᠦᠭᠡᠢ ᠪᠠᠢᠵᠤ᠂ ᠲᠤᠬᠠᠢ᠎ᠶ᠋ᠢᠨ ᠭᠠᠵᠠᠷ ᠤᠷᠤᠨ᠎ᠤ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠤᠯᠢ ᠪᠡᠷ ᠬᠠᠮᠠᠭᠠᠯᠠᠬᠤ ᠦᠷ᠎ᠠ ᠪᠦᠳᠦᠮᠵᠢ᠎ᠶ᠋ᠢ ᠨᠦᠯᠦᠭᠡᠯᠡᠭ᠌ᠰᠡᠨ ᠪᠠᠢᠨ᠎ᠠ᠃

ᠲᠠᠷᠠᠭ᠎ᠠ ᠨᠢ᠂ ᠪᠤᠳᠠᠰ᠎ᠤᠨ ᠪᠤᠰᠤ ᠰᠣᠶᠣᠯ᠎ᠤᠨ ᠥᠪ ᠤ᠋ᠨ ᠤᠯᠠᠮᠵᠢᠯᠠᠬᠴᠢ ᠵᠢ ᠬᠠᠤᠯᠢ ᠪᠡᠷ ᠬᠠᠮᠠᠭᠠᠯᠠᠬᠤ ᠲᠠᠯ᠎ᠠ ᠪᠡᠷ ᠬᠦᠷᠦᠯᠴᠡᠬᠦ᠌ ᠦᠭᠡᠢ᠃ ᠪᠤᠳᠠᠰ᠎ᠤᠨ ᠪᠤᠰᠤ ᠰᠣᠶᠣᠯ᠎ᠤᠨ ᠥᠪ᠎ᠤᠨ ᠨᠢᠭᠡᠨ ᠳᠤᠪᠤᠢᠮ᠎ᠠ ᠣᠨᠴᠠᠯᠢᠭ ᠨᠢ ᠲᠡᠭᠦᠨ᠎ᠢ ᠦᠪᠯᠡᠨ ᠤᠯᠠᠮᠵᠢᠯᠠᠬᠤ ᠱᠢᠨᠵᠢ᠎ᠳᠦ ᠪᠤᠢ᠃ ᠡᠷᠭᠡᠪᠰᠢ ᠦᠶ᠎ᠠ ᠦᠶ᠎ᠠ ᠵᠢᠨ ᠥᠪᠯᠡᠨ ᠤᠯᠠᠮᠵᠢᠯᠠᠬᠴᠢ ᠪᠡᠷ ᠲᠡᠮᠵᠢᠨ ᠰᠠᠶᠢ ᠤᠯᠠᠮᠵᠢᠯᠠᠨ ᠬᠦᠭᠵᠢᠬᠦᠯᠵᠤ ᠴᠢᠳᠠᠳᠠᠭ᠃ ᠭᠡᠪᠡᠴᠦ᠍ ᠣᠳᠣᠬᠠᠨ᠎ᠳᠤ ᠬᠤᠯᠪᠤᠬᠳᠠᠯ ᠪᠦᠬᠦᠢ ᠬᠠᠤᠯᠢ ᠳᠣᠭ᠍ᠲᠠᠭᠠᠯ᠎ᠢᠶᠡᠷ ᠪᠤᠳᠠᠰ᠎ᠤᠨ ᠪᠤᠰᠤ ᠰᠤᠶᠤᠯ᠎ᠢ ᠥᠪᠯᠠᠨ ᠤᠯᠠᠮᠵᠢᠯᠠᠬᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠲᠠᠯ᠎ᠠ ᠪᠡᠷ ᠬᠦᠷᠦᠯᠴᠡᠬᠦ ᠦᠬᠡᠢ᠂ ᠡᠬᠦᠨ᠎ᠤ ᠤᠯᠠᠮ᠎ᠢᠶᠡᠷ ᠥᠪᠯᠡᠨ ᠤᠯᠠᠮᠵᠢᠯᠠᠬᠴᠢ ᠵᠢᠨ ᠢᠳᠡᠪᠬᠢᠵᠢᠯ᠎ᠢ ᠲᠠᠢᠴᠢᠯᠠᠬᠤ ᠬᠦᠴᠦᠨ ᠳᠣᠲᠠᠮᠠᠭ ᠪᠦᠭᠡᠳ ᠱᠢᠨ᠎ᠡ ᠥᠪᠯᠡᠨ ᠤᠯᠠᠮᠵᠢᠯᠠᠬᠴᠢ ᠵᠢ ᠬᠦᠮᠦᠵᠢᠬᠦᠯᠬᠦ ᠦᠷᠢᠰᠦᠯᠳᠦᠬᠡᠨ ᠳ᠋ᠤ ᠲᠤᠯᠭᠠᠷᠠᠪᠠ᠃

ᠲᠠᠬᠢᠪᠠᠯ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠬᠠᠮᠠᠭᠠᠯᠠᠯᠳᠠ ᠵᠢᠨ ᠬᠠᠤᠯᠢ᠎ᠶ᠋ᠢᠨ ᠤᠠᠬᠭᠤᠯᠭ᠎ᠠ ᠰᠤᠷᠲᠠᠯᠴᠢᠯᠠᠭ᠎ᠠ ᠬᠦᠷᠦᠯᠴᠡᠬᠦ ᠦᠬᠡᠢ᠃ ᠮᠠᠨ᠎ᠤ ᠤᠯᠤᠰ ᠬᠡᠳᠦᠢᠪᠡᠷ 6 ᠰᠠᠷ᠎ᠠ᠎ᠶ᠋ᠢᠨ ᠬᠣᠶᠠᠳᠤᠭᠠᠷ ᠭᠠᠷᠠᠭ᠎ᠤᠨ ᠭᠠᠷᠠᠭ᠎ᠤᠨ ᠵᠢᠷᠭᠤᠭᠠᠨ᠎ᠤ ᠡᠳᠦᠷ᠎ᠢ 《ᠰᠤᠶᠤᠯ ᠪᠠ ᠪᠠᠢᠭᠠᠯᠢ ᠵᠢᠨ ᠥᠪ᠎ᠦᠨ ᠡᠳᠦᠷ》 ᠵᠢᠡᠷ ᠲᠤᠬᠳᠠᠭᠠᠵᠤ ᠤᠬᠠᠭᠤᠯᠭ᠎ᠠ ᠵᠢᠨ ᠠᠵᠢᠯ᠎ᠢ ᠦᠷᠨᠢᠭᠦᠯᠬᠦ᠌᠎ᠶ᠋ᠢ ᠴᠢᠬᠤᠯᠠᠴᠢᠯᠠᠭ᠍ᠰᠠᠨ ᠪᠣᠯᠪᠠᠴᠦ᠍᠂ ᠤᠷᠤᠨ ᠪᠦᠰᠡ ᠭᠠᠵᠠᠷ ᠨᠤᠲᠤᠭ᠎ᠤᠨ ᠴᠢᠨᠠᠷᠲᠠᠢ ᠪᠤᠳᠠᠰ᠎ᠤᠨ ᠪᠤᠰᠤ ᠰᠣᠶᠣᠯ᠎ᠤᠨ ᠥᠪ᠎ᠢ ᠲᠤᠤᠱᠳᠠᠢ ᠤᠬᠠᠭᠤᠯᠬᠤ ᠲᠠᠯ᠎ᠠ ᠪᠡᠷ ᠬᠦᠷᠦᠯᠴᠡᠬᠦ ᠦᠬᠡᠢ᠃ ᠨᠦᠬᠦᠬᠡ ᠲᠠᠯ᠎ᠠ ᠪᠡᠷ ᠬᠠᠤᠯᠢ ᠬᠡᠷᠡᠭ᠌ᠵᠢᠭᠦᠯᠬᠦ ᠲᠠᠯ᠎ᠠ᠎ᠪᠠᠷ ᠲᠦᠷᠢᠮᠵᠢᠩᠬᠦᠢ ᠪᠤᠰᠤ᠂ ᠤᠴᠢᠷ ᠨᠢ ᠡᠯ᠎ᠡ ᠪᠤᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠪᠠᠢᠭᠤᠯᠭ᠎ᠠ ᠨᠢ ᠬᠠᠤᠯᠢ ᠬᠡᠷᠡᠭ᠌ᠵᠢᠭᠦᠯᠬᠦ ᠡᠷᠬᠡ ᠦᠭᠡᠢ ᠪᠦᠭᠡᠳ ᠬᠦᠮᠦᠨ᠎ᠦ ᠬᠦᠴᠦ᠍ᠨ᠂ ᠪᠤᠳᠠᠰ᠎ᠤᠨ ᠬᠦᠴᠦ᠍ᠨ ᠬᠦᠷᠦᠯᠴᠡᠬᠦ᠌ ᠦᠭᠡᠢ ᠵᠡᠷᠬᠡ ᠪᠤᠰᠤᠳᠴᠢ ᠰᠢᠯᠳᠠᠭᠠᠨ ᠤᠷᠤᠰᠢᠵᠤ ᠪᠤᠢ᠃

ᠳᠥᠷᠪᠡ᠂ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠤᠯᠢ ᠪᠡᠷ ᠬᠠᠮᠠᠭᠠᠯᠠᠬᠤ ᠲᠤᠬᠠᠢ ᠰᠠᠨᠠᠭᠤᠯᠭ᠎ᠠ

(ᠨᠢᠭᠡ) ᠬᠠᠮᠢᠶ᠎ᠠ ᠪᠦᠬᠦᠢ ᠬᠠᠤᠯᠢ ᠳᠣᠭ᠍ᠲᠠᠭᠠᠯ᠎ᠳᠤ ᠵᠠᠰᠠᠪᠤᠷᠢ ᠣᠷᠤᠭᠤᠯᠵᠤ ᠬᠠᠤᠯᠢ ᠪᠡᠷ ᠬᠠᠮᠠᠭᠠᠯᠠᠬᠤ ᠱᠢᠰᠲ᠋ᠧᠮ᠎ᠢ ᠲᠡᠭᠦᠯᠳᠡᠷᠵᠢᠭᠦᠯᠬᠦ ᠬᠡᠷᠡᠭᠳᠡᠢ᠃ ᠶᠠᠭᠤᠨ᠎ᠤ ᠡᠮᠦᠨ᠎ᠡ ᠪᠤᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠲᠤᠬᠠᠢ ᠬᠠᠮᠢᠶ᠎ᠠ ᠪᠦᠬᠦᠢ ᠬᠠᠤᠯᠢ ᠳᠤᠭ᠍ᠲᠠᠭᠠᠯ᠎ᠢ ᠳᠤᠭ᠍ᠲᠠᠭᠠᠬᠤ ᠬᠡᠷᠡᠭ᠌ᠲᠡᠢ᠃ ᠳᠡᠯᠡᠬᠡᠢ᠎ᠵᠢᠨ ᠬᠦᠷᠢᠶ᠎ᠡ ᠬᠡᠪᠴᠢᠶᠡᠨ᠎ᠳᠤ ᠬᠡᠷᠡᠭ᠌ᠯᠡᠵᠦ᠍ ᠪᠠᠢᠭ᠎ᠠ 《ᠪᠤᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠨᠡᠢᠲᠡ᠎ᠶ᠋ᠢᠨ ᠭᠡᠷ᠎ᠡ》 ᠵᠡᠷᠭᠡ ᠬᠠᠤᠯᠢ ᠳᠤᠭ᠍ᠲᠠᠭᠠᠯ᠎ᠤᠨ ᠭᠤᠣᠯ ᠤᠬᠠᠭ᠍ᠳᠠᠬᠤᠨ᠂ ᠵᠠᠷᠴᠢᠮ᠂ ᠠᠭᠤᠯᠭ᠎ᠠ᠂ ᠣᠨᠣᠯ᠎ᠢ ᠮᠠᠨ᠎ᠤ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠬᠠᠤᠯᠢ ᠳ᠋ᠤ ᠠᠭᠤᠰᠬᠠᠨ ᠣᠷᠣᠭᠤᠯᠵᠤ᠂ ᠤᠯᠤᠰ᠎ᠤᠨ ᠳᠤᠲᠤᠭᠠᠳᠤ᠎ᠶ᠋ᠢᠨ ᠬᠠᠤᠯᠢ ᠪᠠ ᠣᠯᠠᠨ ᠤᠯᠤᠰ᠎ᠤᠨ ᠬᠠᠤᠯᠢ᠎ᠶ᠋ᠢᠨ ᠨᠢᠭᠡᠳᠦᠯᠲᠡᠢ ᠪᠠᠢᠬᠤ᠎ᠶ᠋ᠢ ᠪᠠᠲᠤᠯᠠᠬᠤ ᠬᠡᠷᠡᠭᠳᠡᠢ᠃ ᠡᠯ᠎ᠡ ᠮᠤᠵᠢ ᠣᠷᠣᠨ᠎ᠤ ᠬᠢᠨ ᠲᠤᠰ ᠭᠠᠵᠠᠷ ᠣᠷᠣᠨ᠎ᠤ ᠪᠤᠳᠠᠰ᠎ᠤᠨ ᠪᠤᠰᠤ ᠰᠣᠶᠣᠯ᠎ᠤᠨ ᠥᠪ᠎ᠤᠨ ᠪᠤᠳᠠᠲᠣ ᠪᠠᠢᠳᠠᠯ᠎ᠪᠠ ᠬᠠᠮᠠᠭᠠᠯᠠᠯᠲᠠ ᠬᠦᠭ᠌ᠵᠢᠯᠲᠡ᠎ᠳᠤ ᠵᠤᠬᠢᠴᠠᠭ᠍ᠰᠠᠨ᠂ ᠬᠡᠷᠡᠭ᠌ᠵᠢᠭᠦᠯᠵᠤ ᠪᠤᠯᠬᠤᠢᠴᠡ ᠴᠢᠨᠠᠷ᠎ᠢᠶᠠᠷ ᠴᠢᠩᠭ᠎ᠠ᠂ ᠤᠶᠠᠨ ᠴᠢᠨᠠᠷᠳᠠᠢ ᠲᠤᠰ ᠭᠠᠵᠠᠷ ᠣᠷᠣᠨ᠎ᠤ ᠪᠤᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠬᠠᠤᠯᠢ ᠳᠤᠭ᠍ᠲᠠᠭᠠᠯ᠎ᠢ ᠳᠤᠭ᠍ᠲᠠᠭᠠᠨ ᠬᠡᠷᠡᠭ᠌ᠵᠢᠭᠦᠯᠬᠦ ᠪᠦᠬᠡᠳ ᠠᠳᠠᠯᠢ ᠪᠤᠰᠤ ᠲᠦᠷᠦᠯ ᠵᠦᠢᠯ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠳᠠ ᠳ᠋ᠤ ᠠᠳᠠᠯᠢ ᠪᠤᠰᠤ ᠠᠷᠭ᠎ᠠ ᠵᠢ ᠬᠡᠷᠡᠭᠵᠢᠬᠦᠯᠵᠤ᠂ ᠬᠠᠮᠠᠭᠠᠯᠠᠯᠲᠠ᠎ᠶ᠋ᠢᠨ ᠵᠠᠷᠦᠳᠠᠯ᠂ ᠬᠠᠮᠠᠭᠠᠯᠠᠯᠲᠠ᠎ᠶ᠋ᠢᠨ ᠦᠷ᠎ᠡ ᠳ᠋ᠦᠩ ᠵᠡᠷᠬᠡ ᠵᠢ ᠨᠠᠷᠢᠪᠴᠢᠯᠠᠨ ᠳᠣᠭ᠍ᠲᠠᠭᠠᠵᠤ᠂ ᠡᠯ᠎ᠡ ᠭᠤᠤᠯ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠪᠠ ᠡᠭᠦᠷᠭᠡ᠂ ᠴᠢᠨᠠᠭ᠍ᠰᠢᠯᠠᠨ ᠪᠤᠳᠠᠰ᠎ᠤᠨ ᠪᠤᠰᠤ ᠰᠣᠶᠣᠯ᠎ᠤᠨ ᠥᠪ ᠪᠣᠶᠣ ᠥᠪᠯᠡᠨ ᠤᠯᠠᠮᠵᠢᠯᠠᠬᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ ᠬᠤᠬᠢᠷᠠᠯ᠎ᠳᠤ ᠤᠴᠠᠷᠠᠬᠤ ᠦᠶ᠎ᠡ ᠳ᠋ᠤ ᠬᠠᠤᠯᠢ ᠴᠠᠭᠠᠵᠠ᠎ᠶ᠋ᠢᠨ ᠳᠤᠰᠠᠯᠠᠮᠵᠢ ᠬᠠᠩᠭᠠᠬᠤ ᠠᠷᠭ᠎ᠠ ᠪᠠᠷᠢᠯ᠎ᠢ ᠨᠡᠮᠡᠵᠦ᠍ ᠳᠣᠭ᠍ᠲᠠᠭᠠᠪᠠᠯ ᠵᠤᠬᠢᠨ᠎ᠠ᠃

(ᠬᠤᠶᠡᠷ) ᠪᠤᠳᠠᠰ᠎ᠤᠨ ᠪᠤᠰᠤ ᠰᠣᠶᠣᠯ᠎ᠤᠨ ᠥᠪ᠎ᠤᠨ ᠡᠯ᠎ᠡ ᠭᠤᠤᠯ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠪᠠ ᠡᠭᠦᠷᠭᠡ᠎ᠶ᠋ᠢ ᠲᠣᠳᠣᠷᠬᠠᠢᠯᠠᠨ᠂ ᠦᠪᠯᠡᠨ ᠤᠯᠠᠮᠵᠢᠯᠠᠬᠴᠢ᠎ᠶ᠋ᠢ ᠤᠷᠮᠠᠱᠢᠭᠤᠯᠬᠤ ᠳᠤᠭ᠍ᠲᠠᠯᠴᠠᠭ᠎ᠠ᠎ᠶ᠋ᠢ ᠪᠦᠷᠢᠨᠰᠢᠬᠦᠯᠬᠦ ᠬᠡᠷᠡᠭᠳᠡᠢ᠃ ᠪᠤᠳᠠᠰ᠎ᠤᠨ ᠪᠤᠰᠤ ᠰᠣᠶᠣᠯ᠎ᠤᠨ ᠥᠪ᠎ᠨᠢ ᠦᠪᠯᠡᠨ ᠤᠯᠠᠮᠵᠢᠯᠠᠬᠤ ᠠᠷᠭ᠎ᠠ᠎ᠪᠠᠷ ᠳᠠᠮᠵᠢᠨ ᠬᠦᠭ᠌ᠵᠢᠳᠡᠭ᠂ ᠡᠢᠮᠦ᠎ᠠᠴᠠ ᠦᠪᠯᠡᠨ ᠤᠯᠠᠮᠵᠢᠯᠠᠬᠴᠢ᠎ᠨᠢ ᠪᠤᠳᠠᠰ᠎ᠤᠨ ᠪᠤᠰᠤ ᠰᠣᠶᠣᠯ᠎ᠤᠨ ᠥᠪ᠎ᠤᠨ ᠬᠦᠭ᠌ᠵᠢᠯᠲᠡ᠎ᠶ᠋ᠢᠨ ᠬᠠᠮᠤᠭ᠎ᠤᠨ ᠵᠠᠩᠭᠢᠯᠠᠭ᠎ᠠ᠎ᠶ᠋ᠢᠨ ᠨᠢᠭᠡᠨ ᠭᠤᠤᠯ ᠴᠤᠬᠴᠠ ᠪᠣᠯᠣᠨ᠎ᠠ᠃ ᠭᠡᠲᠡᠯ᠎ᠡ ᠣᠳᠣᠬᠠᠨ᠎ᠤ ᠪᠤᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ᠎ᠳᠤ ᠦᠪᠯᠡᠨ ᠤᠯᠠᠮᠵᠢᠯᠠᠬᠴᠢ᠎ᠶ᠋ᠢᠨ ᠲᠤᠬᠠᠢ ᠲᠣᠳᠣᠷᠬᠠᠢ ᠳᠣᠭ᠍ᠲᠠᠭᠠᠯ ᠦᠭᠡᠢ᠃ ᠡᠢᠮᠦ ᠡᠴᠡ ᠶᠠᠭᠤᠨ᠎ᠤ ᠡᠮᠦᠨ᠎ᠡ ᠦᠪᠯᠡᠨ ᠤᠯᠠᠮᠵᠢᠯᠠᠬᠴᠢ᠎ᠶ᠋ᠢᠨ ᠬᠠᠤᠯᠢ ᠶᠣᠰᠣᠨ᠎ᠤ ᠡᠷᠬᠡ ᠡᠭᠦᠷᠭᠡ᠂ ᠨᠡᠢᠬᠡᠮ᠎ᠤᠨ ᠬᠠᠷᠢᠭᠤᠴᠠᠯᠭ᠎ᠠ ᠵᠡᠷᠭᠡ᠎ᠶ᠋ᠢ ᠲᠤᠳᠤᠷᠬᠠᠢ ᠳᠤᠭ᠍ᠲᠠᠭᠠᠨ ᠬᠡᠷᠡᠭ᠌ᠵᠢᠭᠦᠯᠬᠦ ᠬᠡᠷᠡᠭᠳᠡᠢ᠃

ᠪᠠᠰᠠ ᠦᠪᠯᠡᠨ ᠤᠯᠠᠮᠵᠢᠯᠠᠬᠴᠢ᠎ᠶ᠋ᠢ ᠤᠷᠮᠠᠱᠢᠭᠤᠯᠬᠤ ᠳᠤᠭ᠍ᠲᠠᠯᠴᠠᠭ᠎ᠠ᠎ᠶ᠋ᠢ ᠲᠡᠭᠦᠯᠳᠡᠷᠵᠢᠭᠦᠯᠬᠦ ᠲᠠᠯ᠎ᠠ ᠪᠡᠷ ᠡᠯ᠎ᠡ ᠱᠠᠲᠣᠨ᠎ᠤ ᠵᠠᠰᠠᠭ᠎ᠤᠨ ᠤᠷᠳᠤᠨ᠎ᠠᠴᠠ ᠳᠦᠷᠪᠡᠨ ᠲᠡᠰ᠎ᠤᠨ ᠦᠪᠯᠡᠨ ᠤᠯᠠᠮᠵᠢᠯᠠᠬᠴᠢ᠎ᠳ᠋ᠤ ᠦᠭᠬᠦ ᠬᠠᠮᠢᠶ᠎ᠠ ᠪᠦᠬᠦᠢ ᠨᠦᠬᠦᠪᠦᠷᠢ ᠮᠦᠩᠭᠦ᠎ᠶ᠋ᠢ ᠲᠥᠪ᠎ᠤᠨ ᠡᠳ᠋᠎ᠤᠨ ᠵᠠᠰᠠᠭ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠲᠥᠰᠥᠪ᠎ᠲᠤ ᠣᠷᠤᠭᠤᠯᠵᠤ᠂ ᠦᠪᠯᠡᠨ ᠤᠯᠠᠮᠵᠢᠯᠠᠬᠴᠢ᠎ᠶ᠋ᠢ ᠪᠤᠳᠠᠰ᠎ᠤᠨ ᠲᠠᠯ᠎ᠠ᠎ᠪᠡᠷ ᠣᠷᠮᠠᠱᠢᠭᠤᠯᠬᠤ ᠬᠡᠷᠡᠭᠳᠡᠢ᠃ ᠬᠠᠮᠤᠭ᠎ᠤᠨ ᠴᠢᠬᠤᠯᠠ ᠨᠢ ᠦᠪᠯᠡᠨ ᠤᠯᠠᠮᠵᠢᠯᠠᠬᠴᠢ ᠵᠢᠨ ᠪᠤᠳᠠᠰ᠎ᠤᠨ ᠪᠤᠰᠤ ᠰᠤᠶᠤᠯ᠎ᠤᠨ ᠦᠪ᠎ᠢ ᠰᠤᠷᠲᠠᠯᠴᠢᠯᠠᠨ ᠳᠡᠯᠭᠡᠷᠡᠭᠦᠯᠵᠦ᠍ ᠦᠪᠯᠡᠨ ᠵᠠᠯᠭᠠᠮᠵᠢᠯᠠᠬᠤ ᠶᠠᠪᠤᠴᠠ ᠳ᠋ᠡᠬᠢ ᠵᠢᠷᠤᠭ ᠳᠥᠷᠰᠦ ᠠᠪᠬᠤ᠂ ᠰᠢᠩᠬᠡᠬᠡᠯᠳᠡ ᠬᠢᠬᠦ ᠮᠡᠳᠤ ᠵᠢᠨ ᠠᠵᠢᠯ᠎ᠢ ᠢᠳᠡᠪᠬᠢᠳᠡᠢ ᠳᠡᠮᠵᠢᠬᠦ ᠬᠡᠷᠡᠭ᠌ᠲᠡᠢ᠃ ᠡᠭᠦᠨ᠎ᠤ ᠬᠠᠮᠲᠤ᠌᠂ ᠱᠢᠨ᠎ᠡ  ᠪᠡᠷ ᠬᠦᠮᠦᠵᠢᠬᠦᠯᠦᠭᠰᠡᠨ ᠦᠪᠯᠡᠨ ᠤᠯᠠᠮᠵᠢᠯᠠᠬᠴᠢ ᠨᠠᠷ᠎ᠲᠤ ᠲᠡᠭᠦᠨ᠎ᠤ ᠪᠤᠳᠠᠲᠣ ᠪᠠᠢᠳᠠᠯ᠎ᠳᠤ ᠵᠣᠬᠢᠴᠠᠭ᠍ᠰᠠᠨ ᠠᠵᠢᠯ ᠬᠢᠵᠤ ᠦᠢᠯᠡᠰ ᠪᠣᠰᠭᠠᠬᠤ ᠪᠤᠳᠠᠰ᠎ᠤᠨ ᠨᠦᠬᠦᠴᠡᠯ ᠪᠣᠶᠣ ᠤᠷᠴᠢᠨ ᠨᠦᠬᠦᠴᠡᠯ᠎ᠢ ᠬᠠᠩᠭᠠᠵᠤ᠂ ᠪᠤᠳᠠᠰ᠎ᠤᠨ ᠪᠤᠰᠤ ᠰᠣᠶᠣᠯ᠎ᠤᠨ ᠥᠪ᠎ᠢ ᠰᠤᠷᠤᠯᠴᠠᠨ ᠡᠵᠡᠮᠱᠢᠵᠤ ᠤᠯᠠᠮᠵᠢᠯᠠᠨ ᠵᠠᠯᠭᠠᠮᠵᠢᠯᠠᠬᠤ ᠳᠤᠷ᠎ᠠ ᠰᠣᠨᠢᠷᠬᠠᠯ᠎ᠢ ᠨᠢ ᠬᠦᠬᠵᠢᠬᠡᠬᠦ ᠬᠡᠷᠡᠭᠳᠡᠢ᠃

ᠦᠪᠯᠡᠨ ᠵᠠᠯᠭᠠᠮᠵᠢᠯᠠᠭ᠍ᠴᠢ᠎ᠶ᠋ᠢ ᠤᠷᠮᠠᠱᠢᠭᠤᠯᠬᠤ᠎ᠳᠤ ᠪᠤᠳᠠᠰ᠎ᠤᠨ ᠲᠠᠯ᠎ᠠ᠎ᠶ᠋ᠢᠨ ᠤᠷᠮᠠᠱᠢᠭᠤᠯᠣᠯ᠎ᠠᠴᠠ ᠭᠠᠳᠠᠨ᠎ᠠ᠂ ᠪᠠᠰᠠ ᠤᠶᠤᠨ ᠰᠠᠨᠠᠭᠠᠨ᠎ᠤ ᠲᠠᠯ᠎ᠠ ᠪᠡᠷ ᠤᠷᠮᠠᠱᠢᠭᠤᠯᠵᠤ᠂ ᠶᠠᠮᠠᠷ ᠨᠢᠭᠡᠨ ᠪᠤᠳᠠᠰ᠎ᠤᠨ ᠪᠤᠰᠤ ᠰᠣᠶᠣᠯ᠎ᠤᠨ ᠥᠪ᠎ᠤᠨ ᠦᠪᠯᠡᠨ ᠤᠯᠠᠮᠵᠢᠯᠠᠬᠴᠢ ᠵᠢ ᠨᠡᠷᠡᠢᠳᠬᠦ ᠳ᠋ᠡᠬᠡᠨ ᠳᠤᠰᠭᠠᠢ ᠪᠠᠢᠭᠤᠯᠭ᠎ᠠ᠎ᠠᠴᠠ ᠨᠡᠢᠬᠡᠮ ᠳᠠᠶᠠᠭᠠᠷ᠎ᠲᠤ ᠤᠷᠢᠳᠴᠢᠯᠡᠨ ᠵᠠᠷᠯᠡᠯ ᠨᠡᠢᠳᠡᠯᠡᠵᠤ᠂  ᠤᠯᠤᠰ᠎ᠠᠴᠠ ᠨᠢᠭᠡᠳᠦᠯᠲᠡᠢ ᠵᠢᠷᠣᠵᠦ᠍ ᠲᠦᠯᠦᠪᠯᠡᠭ᠌ᠰᠡᠨ ᠦᠨᠡᠮᠯᠡᠯ ᠣᠯᠭᠤᠵᠤ ᠲᠡᠬᠦᠨ ᠳ᠋ᠤ ᠨᠢᠭᠡᠨ ᠦᠪᠯᠡᠨ ᠤᠯᠠᠮᠵᠢᠯᠠᠬᠴᠢ ᠪᠣᠯᠣᠭ᠍ᠰᠠᠨ᠎ᠤ ᠢᠷᠠᠭᠤ ᠠᠯᠳᠠᠷ᠎ᠢ ᠦᠨᠡᠨ ᠪᠤᠳᠠᠳᠠᠢ ᠮᠡᠳᠡᠷᠡᠭᠦᠯᠬᠦ᠌ ᠬᠡᠷᠡᠭ᠌ᠲᠡᠢ᠃ ᠳᠠᠷᠠᠭ᠎ᠠ᠎ᠨᠢ᠂ ᠦᠪᠯᠡᠨ ᠤᠯᠠᠮᠵᠢᠯᠠᠬᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠴᠢᠩᠭ᠎ᠠ ᠬᠠᠮᠠᠭᠠᠯᠠᠬᠤ ᠬᠡᠷᠡᠭᠳᠡᠢ᠃

(ᠭᠤᠷᠪᠠ) ᠪᠤᠳᠠᠰ᠎ᠤᠨ ᠪᠤᠰᠤ ᠰᠣᠶᠣᠯ᠎ᠤᠨ ᠥᠪ᠎ᠤᠨ ᠬᠦᠳᠡᠯᠥᠩᠭᠦᠢ ᠬᠠᠮᠠᠭᠠᠯᠠᠯᠲᠠ᠎ᠶ᠋ᠢᠨ ᠲᠤᠭ᠍ᠲᠠᠯᠴᠠᠭ᠎ᠠ᠎ᠶ᠋ᠢ ᠲᠡᠭᠦᠯᠳᠡᠷᠵᠢᠭᠦᠯᠬᠦ ᠬᠡᠷᠡᠭᠳᠡᠢ᠃ ᠪᠤᠳᠠᠰ᠎ᠤᠨ ᠪᠤᠰᠤ ᠰᠣᠶᠣᠯ᠎ᠤᠨ ᠥᠪ ᠨᠢ ᠤᠯᠠᠮᠵᠢᠯᠠᠭ᠍ᠳᠠᠬᠤ ᠶᠠᠪᠤᠴᠠ ᠳᠤᠮᠳᠠ᠎ᠪᠠᠨ ᠳᠠᠰᠤᠷᠠᠯᠲᠠ ᠦᠭᠡᠢ ᠬᠤᠪᠢᠷᠠᠨ ᠬᠦᠭᠵᠢᠳᠡᠭ᠂ ᠡᠢᠮᠦ ᠡᠴᠡ ᠪᠤᠳᠠᠰ᠎ᠤᠨ ᠪᠤᠰᠤ ᠰᠣᠶᠣᠯ᠎ᠤᠨ ᠥᠪ᠎ᠤᠨ ᠬᠦᠳᠡᠯᠦᠩᠬᠦᠢ ᠬᠠᠮᠠᠭᠠᠯᠠᠯᠲᠠ᠎ᠶ᠋ᠢᠨ ᠵᠠᠭ᠍ᠪᠤᠷ᠎ᠢ ᠪᠦᠷᠢᠯᠳᠦᠬᠦᠯᠬᠦ ᠬᠡᠷᠡᠭᠳᠡᠢ᠃  ᠪᠤᠳᠠᠰ᠎ᠤᠨ ᠪᠤᠰᠤ ᠰᠣᠶᠣᠯ᠎ᠤᠨ ᠥᠪ᠎ᠤᠨ ᠦᠨᠳᠦᠰᠦᠨ ᠣᠨᠴᠠᠯᠢᠭ ᠱᠢᠨᠵᠢ᠂ ᠭᠤᠣᠯ ᠬᠡᠯᠪᠡᠷᠢ ᠳᠥᠷᠬᠦ᠂ ᠦᠢᠯᠡ ᠠᠵᠢᠯᠯᠠᠭ᠎ᠠ᠎ᠶ᠋ᠢ ᠬᠡᠷᠡᠯ ᠵᠢᠷᠤᠭ᠂ ᠪᠢᠴᠢᠯᠭᠡ ᠱᠢᠩᠭᠡᠭᠡᠯᠲᠡ᠂ ᠳᠠᠭᠤ ᠲᠦᠷᠰᠤ ᠱᠢᠩᠭᠡᠭᠡᠯᠲᠡ᠂ 3D ᠮᠡᠷᠭᠡᠵᠢᠯ᠎ᠢ ᠠᠰᠢᠬᠯᠠᠨ ᠲᠣᠭᠠᠴᠢᠯᠠᠯᠳᠠ ᠵᠢᠨ ᠬᠡᠯᠪᠡᠷᠢ ᠵᠢᠨ ᠬᠦᠮᠦᠷᠭᠡ ᠪᠠᠢᠭᠤᠯᠵᠤ᠂ ᠪᠤᠳᠠᠰ᠎ᠤᠨ ᠪᠤᠰᠤ ᠰᠣᠶᠣᠯ᠎ᠤᠨ ᠥᠪ᠎ᠢ ᠦᠨᠳᠦᠰᠦᠨ᠎ᠠᠴᠠ ᠨᠢ ᠰᠠᠢᠳᠤᠷ ᠬᠠᠮᠠᠭᠠᠯᠠᠬᠤ ᠬᠡᠷᠡᠭᠳᠡᠢ᠃ ᠡᠭᠦᠨ᠎ᠤ ᠰᠠᠭᠤᠷᠢᠨ ᠳᠡᠭᠡᠷ᠎ᠡ᠂  ᠱᠢᠨ᠎ᠡ ᠰᠡᠳᠭᠢᠭᠦᠢ᠂ ᠱᠢᠨ᠎ᠡ ᠵᠢ ᠡᠭᠦᠳᠦᠨ ᠡᠰᠭᠡᠵᠦ᠍ ᠵᠠᠭ᠍ᠪᠤᠷᠴᠢᠯᠠᠨ᠂ ᠪᠤᠳᠠᠰ᠎ᠤᠨ ᠪᠤᠰᠤ ᠰᠣᠶᠣᠯ᠎ᠤᠨ ᠥᠪ᠎ᠲᠤ ᠱᠢᠨ᠎ᠡ ᠠᠮᠢᠵᠢᠷᠠᠯ᠎ᠤᠨ ᠬᠦᠴᠦᠨ ᠣᠯᠭᠤᠵᠣ᠂ ᠲᠡᠭᠦᠨ᠎ᠤ ᠦᠷᠭᠦᠯᠵᠢᠯᠡᠬᠦ ᠬᠦᠭ᠌ᠵᠢᠯᠲᠡ᠎ᠶ᠋ᠢ ᠪᠠᠲᠣᠯᠠᠨ᠂ ᠰᠣᠶᠣᠯ ᠠᠵᠤ ᠠᠬᠤᠢ ᠵᠢᠨ ᠦᠨ᠎ᠡ ᠦᠷᠲᠡᠭ᠎ᠢ ᠨᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠳᠡᠢ᠃

ᠬᠤᠷᠢᠶᠠᠩᠭᠤᠢᠯᠠᠪᠠᠯ᠂ ᠪᠢᠳᠡ ᠭᠠᠷ ᠬᠤᠯᠪᠣᠨ ᠬᠠᠮᠲᠤᠷᠠᠯᠴᠠᠵᠤ᠂ ᠨᠡᠩ ᠪᠦᠷᠢᠨ ᠲᠡᠭᠦᠯᠳᠡᠷ ᠨᠡᠩ ᠪᠦᠲᠦᠮᠵᠢᠲᠡᠢ ᠬᠠᠤᠯᠢ ᠴᠠᠭᠠᠵᠠ ᠵᠢᠨ ᠬᠠᠮᠠᠭᠠᠯᠠᠯᠲᠠ᠎ᠶ᠋ᠢᠨ ᠲᠣᠭ᠍ᠲᠠᠴᠠ᠎ᠶ᠋ᠢ ᠪᠦᠷᠢᠯᠳᠦᠭᠦᠯᠦᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠤᠯᠢ ᠴᠠᠭᠠᠵᠠ ᠵᠢᠨ ᠬᠠᠮᠠᠭᠠᠯᠠᠯᠲᠠ ᠳᠣᠣᠷ᠎ᠠ᠂ ᠴᠠᠭ ᠦᠶ᠎ᠡ᠎ᠶ᠋ᠢᠨ ᠬᠦᠭᠵᠢᠯᠳᠠ ᠳ᠋ᠤ ᠨᠡᠢᠴᠡᠬᠦᠯᠦᠨ ᠤᠯᠠᠮᠵᠢᠯᠠᠨ ᠵᠠᠯᠭᠠᠮᠵᠢᠯᠠᠵᠤ᠂ ᠳᠡᠯᠡᠬᠡᠢ᠎ᠶ᠋ᠢᠨ ᠰᠣᠶᠣᠯ᠎ᠤᠨ ᠦᠢᠯᠡᠰ᠎ᠲᠤ ᠬᠦᠴᠦᠨ ᠴᠢᠳᠠᠯ᠎ᠢᠶᠠᠨ ᠡᠷᠭᠦᠨ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠬᠦᠭᠵᠢᠯᠳᠠ᠎ᠳᠤ ᠭᠡᠷᠡᠯ ᠭᠢᠯᠪᠠᠭ᠎ᠠ ᠨᠡᠮᠡᠷᠢᠯᠡᠶ᠎ᠡ᠃

(ᠵᠣᠬᠢᠶᠠᠬᠴᠢ ᠵᠢᠨ ᠬᠠᠶᠢᠬ᠄ ᠦᠪᠦᠷ ᠮᠤᠩᠭᠤᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭᠠᠭᠤᠯᠢ ᠵᠢᠨ ᠬᠠᠤᠯᠢ ᠰᠤᠳᠤᠯᠤᠯ᠎ᠦᠨ ᠲᠡᠭᠡᠳᠦ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号