ᠪᠢᠴᠢᠯ ᠰᠢᠭᠦᠮᠵᠢ
2026-06-29 11:09:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠨᠴᠠᠭᠠᠶ ᠨᠥᠬᠥᠴᠡᠯ᠎ᠳᠦ ᠨᠡᠢᠴᠡᠬᠦ ᠴᠢᠰᠤ ᠬᠠᠨᠳᠢᠪᠯᠠᠬᠰᠠᠳ ᠲᠣᠭᠳᠠᠭᠠᠯ ᠶᠣᠰᠣᠭᠠᠷ ᠵᠧᠩᠵᠧᠦ᠎ᠳᠦ ᠨᠡᠶ᠋ᠢᠲᠡ᠎ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠎ᠳᠤ ᠰᠦᠢᠳᠬᠡᠯ ᠦᠭᠡᠢ᠎ᠪᠡᠷ ᠰᠠᠭᠤᠵᠤ ᠪᠣᠯᠣᠨ᠎ᠠ᠂ ᠭᠡᠪᠡᠴᠦ ᠣᠢᠷ᠎ᠠ᠎ᠳᠤ ᠴᠥᠭᠡᠨ ᠪᠤᠰᠤ ᠴᠢᠰᠣ ᠬᠠᠨᠳᠢᠪᠯᠠᠬᠰᠠᠳ 《A4 ᠴᠠᠭᠠᠰᠤᠨ᠎ᠠᠴᠠ ᠶᠡᠬᠡ》 ᠢᠷᠠᠭᠤ ᠠᠯᠳᠠᠷ᠎ᠤᠨ ᠦᠨᠡᠮᠯᠡᠯ ᠪᠠ ᠪᠡᠶ᠎ᠡ᠎ᠶᠢᠨ ᠦᠨᠡᠮᠯᠡᠯ᠎ᠢᠶᠡᠨ ᠦᠵᠡᠭᠦᠯᠪᠡᠯ ᠰᠠᠶᠢ ᠲᠡᠷᠭᠡᠨ᠎ᠳᠦ ᠰᠠᠭᠤᠵᠤ ᠪᠣᠯᠣᠨ᠎ᠠ᠂ ᠠᠯᠪᠠᠨ᠎ᠤ ᠲᠠᠯ᠎ᠠ᠎ᠶᠢᠨ ᠡᠯᠧᠺᠲᠷᠣᠨ ᠦᠨᠡᠮᠯᠡᠯ ᠪᠠ ᠲᠦᠷ ᠴᠠᠭ᠎ᠤᠨ ᠺᠠᠷᠲ᠎ᠢ ᠴᠥᠮ ᠰᠦᠢᠳᠬᠡᠯ ᠦᠭᠡᠢ᠎ᠪᠡᠷ ᠲᠡᠷᠭᠡᠨ᠎ᠳᠦ ᠰᠠᠭᠤᠬᠤ ᠭᠡᠷᠡᠴᠢ ᠪᠠᠷᠢᠮᠲᠠ᠎ᠪᠠᠷ ᠦᠵᠡᠬᠦ ᠦᠭᠡᠢ ᠭᠡᠵᠦ ᠲᠤᠰᠬᠠᠵᠦ ᠪᠠᠢᠨ᠎ᠠ᠃ ᠡᠭᠦᠨ᠎ᠦ ᠲᠤᠬᠠᠢ ᠵᠧᠩᠵᠧᠦ ᠬᠣᠲᠠ᠎ᠶᠢᠨ ᠵᠠᠮ ᠲᠡᠭᠡᠭᠡᠪᠦᠷᠢ᠎ᠶᠢᠨ ᠲᠣᠪᠴᠢᠶ᠎ᠠ ᠢᠯᠡᠷᠬᠡᠢᠯᠡᠬᠦ᠎ᠳᠡᠭᠡᠨ᠂ ᠣᠣᠯ ᠦᠨᠡᠮᠯᠡᠯ ᠵᠢᠡᠨ ᠦᠵᠡᠬᠦᠯᠬᠦ ᠪᠡᠷ ᠱᠠᠭᠠᠷᠳᠠᠵᠦ ᠪᠠᠢᠬᠣ ᠨᠢ ᠬᠠᠭᠣᠷᠮᠠᠭ ᠲᠦᠷ ᠴᠠᠭ᠎ᠤᠨ ᠺᠠᠷᠲ ᠵᠠᠷᠣᠬᠣ ᠠᠰᠠᠭᠣᠳᠠᠯ᠎ᠢ ᠰᠡᠷᠭᠡᠢᠯᠡᠬᠦ ᠵᠢᠨ ᠲᠦᠯᠦᠬᠡ ᠶᠣᠮ ᠬᠡᠵᠡᠢ᠃

  — 《ᠡᠮᠦᠨᠡᠲᠦ ᠣᠷᠣᠨ᠎ᠤ ᠬᠣᠲᠠ᠎ᠶᠢᠨ ᠰᠣᠨᠢᠨ》 ᠡᠴᠡ

ᠦᠨᠡᠯᠡᠯᠳᠡ᠄ ᠴᠢᠰᠤ ᠬᠠᠨᠳᠢᠪᠯᠠᠬᠰᠠᠳ᠎ᠲᠦ ᠦᠵᠡᠬᠦᠯᠬᠦ ᠬᠠᠷᠠᠭᠠᠯᠵᠠᠯ ᠵᠢᠡᠨ ᠲᠣᠭᠳᠠᠭᠠᠯ ᠶᠣᠰᠣᠭᠠᠷ ᠪᠡᠶᠡᠯᠡᠬᠦᠯᠪᠡᠯ ᠵᠣᠬᠢᠨ᠎ᠠ᠃ ᠬᠠᠷᠢᠨ ᠬᠡᠳᠦ ᠦᠨᠳᠣᠷ ᠨᠦᠬᠦᠴᠡᠯ ᠲᠣᠷᠠᠳᠴᠣ ᠶᠠᠷᠰᠢᠬ ᠲᠦᠪᠡᠭ ᠨᠡᠮᠡᠬᠦ ᠨᠢ ᠴᠢᠰᠣ ᠬᠠᠨᠳᠢᠪᠯᠠᠬᠰᠠᠳ᠎ᠦᠨ ᠬᠠᠯᠠᠭᠣᠨ ᠰᠡᠳᠬᠢᠯ᠎ᠢ ᠬᠦᠷᠥᠭᠡᠵᠦ ᠮᠡᠳᠡᠬᠦ ᠶᠣᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号