ᠴᠡᠴᠡᠷᠯᠢᠭᠳᠤ ᠨᠤᠭᠤᠭᠠᠨ ᠬᠦᠬᠡᠬᠤᠳᠠ᠎ᠳᠠᠭᠠᠨ ᠴᠡᠭᠡᠵᠢ ᠲᠠᠨᠢᠬᠦᠨ ᠠᠮᠢᠳᠤᠷᠠᠨ᠎ᠠ
2026-06-29 11:21:06
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠬᠥᠬᠡᠬᠣᠲᠠ ᠵᠢᠨ ᠵᠡᠭᠡᠯᠢ ᠭᠤᠳᠤᠮᠵᠢ᠎ᠪᠠᠷ ᠰᠡᠯᠡᠭᠦᠴᠡᠨ ᠠᠯᠬᠤᠬᠤᠶ᠎ᠠ ᠵᠡᠭᠡᠯᠢ ᠭᠤᠳᠤᠮᠵᠢ᠎ᠨᠣᠮᠢᠨ ᠨᠣᠭᠣᠭᠠᠨ ᠵᠢᠡᠷ ᠭᠤᠶᠤᠵᠤ᠂ ᠠᠮᠢᠵᠢᠷᠠᠯ ᠪᠢᠯᠬᠠᠭᠰᠠᠨ ᠦᠩᠭᠡ ᠦᠵᠡᠮᠵᠢ ᠬᠠᠷᠠᠭᠰᠠᠨ ᠪᠦᠬᠦᠨ ᠤ᠋ ᠬᠠᠷᠠᠭ᠎ᠠ ᠶ᠋ᠢ ᠪᠤᠯᠢᠶᠠᠨ᠎ᠠ᠃ ᠪᠠᠢᠡᠭᠭᠤ ᠶᠠᠪᠤᠭᠳᠠᠵᠤ ᠪᠠᠢᠭ᠎ᠠ ᠬᠣᠲᠠ ᠵᠢᠨ ᠠᠮᠢ ᠠᠬᠤᠶ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠪᠠ ᠨᠤᠭᠤᠭᠠᠷᠠᠭᠤᠯᠤᠯᠲᠠ ᠵᠢᠨ ᠭᠠᠵᠠᠷ ᠢ᠋᠎ᠨᠠᠷᠢᠯᠢᠭ ᠬᠠᠮᠢᠶᠠᠷᠴᠤ ᠬᠠᠮᠠᠭᠠᠯᠠᠬᠤ ᠳ᠋ᠤ ᠲᠦᠱᠢᠭ᠌ᠯᠡᠨ᠂ ᠬᠦᠬᠡᠬᠤᠲᠠ ᠠᠮᠢ ᠠᠬᠤᠶ ᠵᠢᠨ ᠨᠤᠭᠤᠭᠠᠷᠠᠭᠤᠯᠤᠯᠲᠠ ᠵᠢᠨ ᠪᠦᠰᠡ ᠶ᠋ᠢ ᠲᠠᠰ ᠳᠡᠪᠱᠢᠭᠦᠯᠵᠦ᠍᠂ ᠴᠡᠴᠡᠷᠯᠢᠭ ᠵᠢᠡᠷ ᠵᠢᠭᠤᠯᠴᠢᠯᠠᠬᠤ ᠴᠢᠳᠠᠮᠵᠢ ᠶ᠋ᠢ ᠦᠷᠭᠦᠯᠵᠢᠯᠡᠨ ᠲᠡᠭᠦᠯᠳᠡᠷᠵᠢᠭᠦᠯᠤᠨ᠂ ᠬᠣᠲᠠ ᠵᠢᠨ ᠰᠠᠭᠤᠭᠠᠯᠢ ᠠᠷᠠᠳ᠎ᠲᠠᠭᠠᠨ ᠤᠷᠤᠰᠢᠨ ᠰᠠᠭᠤᠷᠢᠰᠢᠬᠤ᠎ᠳᠤ ᠨᠠᠡᠭ ᠲᠠᠭᠠᠯᠠᠮᠵᠢᠳᠠᠢ᠂ ᠨᠠᠡᠭ ᠰᠠᠢᠨ ᠰᠠᠢᠬᠠᠨ ᠡᠶ᠎ᠠ ᠵᠤᠬᠢᠴᠠᠡᠭᠭᠤᠢ ᠤᠷᠴᠢᠨ᠎ᠢ ᠪᠦᠷᠢᠯᠳᠦᠬᠦᠯᠤᠨ ᠦᠭᠴᠤ ᠪᠠᠢᠨ᠎ᠠ ᠃

ᠵᠦᠯᠭᠡᠳᠤ ᠴᠡᠴᠡᠷᠯᠢᠭ ᠪᠣᠯ ᠬᠦᠬᠡᠬᠤᠳᠠ᠎ᠵᠢᠨ ᠰᠠᠭᠤᠭᠠᠯᠢ ᠠᠷᠠᠳ ᠤ᠋ᠨ ᠡᠳᠦᠷ ᠲᠤᠲᠤᠮ ᠤ᠋ᠨ ᠰᠡᠯᠡᠭᠦᠴᠡᠯ ᠤ᠋ᠨ ᠬᠠᠯᠠᠮᠱᠢᠯ ᠭᠠᠵᠠᠷ ᠪᠣᠯᠬᠤ ᠶᠤᠮ᠃ ᠥᠷᠯᠥᠭᠡ ᠡᠷᠳᠡ ᠴᠡᠴᠡᠷᠯᠢᠭ ᠢ᠋ ᠠᠷᠠᠴᠢᠯᠠᠨ ᠬᠠᠮᠠᠭᠠᠯᠠᠬᠤ ᠠᠵᠢᠯᠴᠢᠳ ᠴᠡᠴᠡᠭ ᠤᠰᠤᠯᠠᠬᠤ᠂ ᠡᠪᠡᠰᠦ ᠠᠷᠢᠯᠭᠠᠬᠤ ᠠᠵᠢᠯ ᠵᠢᠡᠨ ᠡᠬᠢᠯᠡᠭᠦᠯᠬᠦ ᠳ᠋ᠤ᠂ ᠤᠢᠷ᠎ᠠ ᠬᠠᠪᠢ ᠵᠢᠨ ᠰᠠᠭᠤᠭᠠᠯᠢ ᠠᠷᠠᠳ ᠴᠤ᠌ ᠴᠡᠴᠡᠷᠯᠢᠭ ᠵᠢᠡᠷ ᠰᠡᠯᠡᠭᠦᠴᠡᠨ ᠠᠯᠬᠤᠵᠤ ᠪᠡᠶ᠎ᠡ᠎ᠪᠡᠨ ᠴᠢᠭᠢᠷᠠᠭ᠍ᠵᠢᠭᠤᠯᠵᠤ ᠡᠬᠢᠯᠡᠨ᠎ᠡ᠃ 《ᠠᠰᠠᠷ᠎ᠠᠴᠠ ᠪᠠᠭᠤᠭᠠᠳ ᠳᠡᠮᠡᠢ ᠬᠤᠯᠠ ᠶᠠᠪᠤᠬᠤ ᠦᠭᠡᠢ ᠨᠣᠭᠣᠭᠠᠷᠠᠭᠤᠯᠤᠯᠲᠠ ᠵᠢᠨ ᠭᠠᠵᠠᠷ ᠲᠠᠢ᠂ ᠠᠭᠤᠷ ᠠᠮᠢᠰᠭᠤᠯ ᠰᠡᠷᠢᠭᠦᠨ ᠲᠠᠭᠠᠯᠠᠮᠵᠢᠲᠠᠢ᠂ ᠥᠷᠯᠥᠭᠡ ᠦᠳᠡᠰᠢ ᠴᠡᠴᠡᠷᠯᠢᠭ ᠵᠢᠡᠷ ᠰᠡᠯᠡᠭᠦᠴᠡᠨ ᠲᠣᠭᠣᠷᠢᠬᠤ ᠨᠢ ᠨᠢᠭᠡᠨᠲᠡ ᠮᠢᠨᠤ ᠡᠳᠦᠷ ᠲᠤᠲᠤᠮ ᠤ᠋ᠨ ᠳᠠᠳᠭᠠᠯ ᠪᠣᠯᠵᠠᠢ᠂ ᠪᠢᠳᠡᠨ ᠤ᠋ ᠵᠢᠷᠭᠠᠯᠲᠤ ᠲᠦᠷᠦᠭ᠌ᠳᠡᠯ ᠶᠠᠪᠤᠬᠤ ᠲᠤᠳᠤᠮ ᠨᠡᠮᠡᠭᠳᠡᠵᠤ ᠪᠠᠢᠨ᠎ᠠ》 ᠭᠡᠵᠤ ᠬᠤᠲᠠ ᠵᠢᠨ ᠠᠷᠠᠳ ᠯᠢ ᠯᠸᠢ ᠬᠠᠨᠤᠮᠵᠢᠲᠠᠢ ᠬᠡᠯᠡᠨ᠎ᠡ᠃

ᠬᠥᠬᠡᠬᠣᠲᠠ ᠵᠢᠨ ᠭᠤᠤᠯ ᠬᠣᠲᠠ ᠲᠣᠭᠣᠷᠢᠭ ᠤ᠋ᠨ ᠬᠡᠪᠴᠢᠶ᠎ᠡ ᠪᠡᠷ ᠬᠠᠮᠤᠭ ᠤ᠋ᠨ ᠲᠤᠮᠤ ᠴᠢᠳᠠᠮᠵᠢᠲᠤ ᠴᠢᠨᠠᠷᠲᠠᠶ ᠴᠡᠴᠡᠷᠯᠢᠭ ᠪᠣᠯᠤᠭ᠍ᠰᠠᠨ ᠤ᠋ ᠬᠤᠪᠢ ᠳ᠋ᠤ᠂ ᠵᠦᠯᠭᠡᠳᠤ ᠴᠡᠴᠡᠷᠯᠢᠭ ᠤ᠋ᠨ ᠶᠡᠷᠦᠩᠬᠡᠶ ᠲᠠᠯᠠᠪᠠᠶ 17 ᠲᠦᠮᠡᠨ ᠲᠡᠭ᠌ᠰᠢ ᠳᠥᠷᠪᠡᠯᠵᠢᠨ ᠮᠧᠲ᠋ᠷ ᠤᠷᠴᠢᠮ ᠪᠠᠢᠵᠤ᠂ ᠴᠡᠴᠡᠷᠯᠢᠭ ᠳᠣᠲᠣᠷᠠᠬᠢ ᠥᠷᠭᠡᠨ ᠠᠭᠤᠳᠠᠮ ᠵᠦᠯᠭᠡᠨ ᠳᠡᠭᠡᠷ᠎ᠡ ᠬᠤᠵᠢᠷᠰᠠᠭ ᠦᠯᠦᠩ᠂ ᠶᠦᠷᠬᠦᠭ ᠵᠡᠷᠭᠡ ᠨᠤᠲᠤᠭ ᠤ᠋ᠨ ᠡᠪᠡᠰᠦ ᠤᠷᠭᠤᠮᠠᠯ ᠢ᠋ ᠰᠣᠩᠭᠣᠨ ᠲᠠᠷᠢᠬᠤ ᠵᠢᠨ ᠬᠠᠮᠲᠤ ᠬᠦᠷᠢᠶᠡᠯᠡᠩ ᠲᠣᠭᠣᠷᠢᠭ᠎ᠲᠤ᠌ ᠪᠠᠰᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠲᠦᠭᠡᠮᠡᠯᠵᠢᠭᠦᠯᠬᠦ᠌ ᠦᠵᠡᠭᠦᠯᠭᠡ ᠵᠢᠨ ᠬᠡᠷᠡᠮ᠂ ᠰᠡᠯᠡᠭᠦᠴᠡᠯ ᠤ᠋ᠨ ᠠᠭᠤᠳᠠᠮ ᠲᠠᠯᠠᠪᠠᠶ ᠶ᠋ᠢ ᠲᠤᠬᠢᠷᠠᠭᠤᠯᠵᠤ᠂ ᠬᠤᠲᠠ ᠵᠢᠨ ᠰᠠᠭᠤᠭᠠᠯᠢ ᠠᠷᠠᠳ ᠤ᠋ᠨ ᠡᠳᠦᠷ ᠲᠤᠲᠤᠮ ᠤ᠋ᠨ ᠰᠡᠯᠡᠭᠦᠴᠡᠨ ᠲᠤᠭᠤᠷᠢᠬᠤ ᠪᠠ ᠵᠠᠯᠠᠭᠤᠴᠤᠳ ᠪᠠᠭᠠᠴᠤᠳ ᠤ᠋ᠨ ᠰᠤᠳᠤᠯᠤᠨ ᠰᠤᠷᠤᠯᠴᠠᠬᠤ ᠬᠡᠷᠡᠭ᠌ᠴᠡᠭᠡ ᠱᠠᠭᠠᠷᠳᠠᠯᠭ᠎ᠠ ᠶ᠋ᠢ ᠵᠡᠷᠭᠡ ᠳ᠋ᠤᠨᠢ ᠬᠠᠷᠠᠭᠠᠯᠵᠠᠪᠠ᠃

ᠵᠦᠯᠭᠡᠳᠤ ᠴᠡᠴᠡᠷᠯᠢᠭ ᠡᠴᠡ ᠭᠠᠷᠴᠤ ᠡᠮᠦᠨᠡᠰᠢ ᠶᠠᠪᠤᠪᠠᠯ᠂ ᠪᠥᠬᠥ᠌ ᠣᠷᠳᠣ᠎ᠨᠢ 27 ᠺᠢᠯᠣᠮᠧᠲ᠋ᠷ ᠪᠦᠬᠦᠢ ᠪᠠᠭ᠎ᠠ ᠲᠦᠷᠭᠡᠨ ᠭᠤᠤᠯ ᠤ᠋ᠨ ᠨᠤᠭᠤᠭᠠᠷᠠᠭᠤᠯᠤᠯᠲᠠ ᠵᠢᠨ ᠵᠠᠮ ᠬᠤᠲᠠ ᠵᠢᠨ ᠡᠮᠤᠨᠡᠭᠦᠷ ᠰᠤᠨᠤᠯᠵᠠᠨ᠂ ᠬᠥᠬᠡᠬᠣᠲᠠ ᠵᠢᠨ ᠠᠮᠢ ᠠᠬᠤᠶ ᠵᠢᠨ ᠪᠠᠢᠷᠢᠱᠢᠯ ᠤ᠋ᠨ ᠵᠠᠩᠭᠢᠯᠠᠭ᠎ᠠ ᠵᠢᠨ ᠨᠢᠭᠡ ᠭᠣᠭ᠍ᠴᠣᠭ᠎ᠠ ᠪᠣᠯᠵᠣ᠂ ᠭᠤᠤᠯ ᠤ᠋ᠨ ᠵᠠᠮ ᠤ᠋ᠨ ᠵᠡᠭᠦᠨ ᠬᠡᠰᠡᠭ ᠤ᠋ᠨ ᠭᠤᠤᠯ ᠴᠣᠭ᠍ᠴᠠ᠎ᠨᠢ ᠰᠠᠢᠬᠠᠨ ᠲᠣᠭᠣᠷᠢᠭ᠎ᠲᠤ ᠬᠠᠷᠢᠶᠠᠯᠠᠭᠳᠠᠵᠤ᠂ ᠳᠤᠮᠳᠠ ᠬᠡᠰᠡᠭ᠎ᠨᠢ ᠢᠦᠢᠴᠢᠤᠸᠠᠨ ᠲᠣᠭᠣᠷᠢᠭ᠎ᠲᠤ ᠬᠠᠷᠢᠶᠠᠯᠠᠭᠳᠠᠨ᠂ ᠰᠠᠯᠪᠤᠷᠢ ᠤᠷᠤᠰᠭᠠᠯ ᠤ᠋ᠨ ᠵᠠᠳᠠᠭᠠᠶ ᠭᠤᠤᠯ ᠬᠣᠲᠣᠩ ᠠᠷᠠᠳ ᠤ᠋ᠨ ᠲᠣᠭᠣᠷᠢᠭ ᠤ᠋ᠨ ᠬᠠᠭᠤᠴᠢᠨ ᠬᠣᠲᠠ ᠶ᠋ᠢ ᠭᠤᠯᠳᠤ᠎ᠪᠠᠷ ᠲᠤᠭᠤᠯᠪᠠ᠃

ᠬᠣᠲᠣᠩ ᠠᠷᠠᠳ ᠤ᠋ᠨ ᠲᠣᠭᠣᠷᠢᠭ ᠤ᠋ᠨ ᠵᠠᠳᠠᠭᠠᠢ ᠭᠣᠣᠯ ᠬᠠᠭᠤᠴᠢᠨ ᠬᠤᠳᠡ ᠵᠢᠨ ᠭᠣᠣᠯ ᠨᠣᠭᠣᠭᠠᠨ ᠬᠤᠩᠬᠢᠯ ᠪᠣᠯᠤᠭ᠍ᠰᠠᠨ ᠤ᠋ ᠬᠤᠪᠢ ᠳ᠋ᠤ᠂ ᠤᠯᠠᠨ ᠵᠢᠯ ᠦᠷᠭᠦᠯᠵᠢᠯᠡᠭ᠌ᠰᠡᠨ ᠭᠣᠣᠯ ᠤ᠋ᠨ ᠬᠡᠪᠡᠯᠢ ᠶ᠋ᠢ ᠴᠡᠪᠡᠷᠯᠡᠬᠦ᠌᠂ ᠣᠢᠵᠢᠭᠤᠯᠵᠤ ᠨᠥᠬᠥᠨ ᠵᠠᠢᠯᠠᠬᠤ᠎ᠪᠠᠷ ᠳᠠᠮᠵᠢᠨ᠂ ᠶᠠᠪᠠᠭᠠᠨ ᠵᠠᠮ ᠱᠢᠨᠡᠳᠴᠦ᠍᠂ ᠥᠩᠭᠡᠷᠡᠭ᠌ᠰᠡᠨ ᠳ᠋ᠤ ᠪᠥᠭ᠌ᠯᠡᠷᠡᠵᠦ᠍ ᠡᠮᠬᠢ ᠵᠠᠮᠪᠠᠷᠠᠭ᠎ᠠ ᠦᠭᠡᠢ ᠪᠠᠢᠭ᠍ᠰᠠᠨ ᠬᠠᠭᠤᠴᠢᠨ ᠭᠣᠣᠯ ᠤ᠋ᠨ ᠬᠡᠪᠡᠯᠢ ᠲᠤᠢᠯᠪᠤᠷᠢᠲᠠᠢ ᠵᠠᠰᠠᠭᠳᠠᠵᠤ ᠴᠤ᠋ ᠰᠢᠨ᠎ᠡ ᠪᠠᠢᠳᠠᠯ ᠵᠢᠡᠷ ᠬᠤᠯᠠ ᠤᠢᠷ᠎ᠠ ᠵᠢᠨ ᠬᠦᠮᠦᠰ ᠢ᠋ ᠤᠭᠲᠤᠨ᠎ᠠ᠃ 《ᠭᠣᠣᠯ ᠤ᠋ᠨ ᠤᠰᠤ ᠪᠤᠯᠠᠩᠭᠢᠷ᠎ᠲᠠᠶ ᠪᠠᠢᠭ᠍ᠰᠠᠨ᠎ᠠᠴᠠ ᠪᠡᠨ ᠲᠤᠩᠭᠠᠯᠠᠭᠰᠢᠭᠰᠠᠨ ᠢ᠋ ᠪᠢ ᠨᠢᠳᠦ᠍ ᠪᠡᠷ ᠵᠢᠡᠨ ᠬᠠᠷᠠᠯ᠎ᠠ᠂ ᠮᠠᠨ ᠤ᠋ ᠡᠨᠡ ᠬᠠᠭᠤᠴᠢᠨ ᠬᠤᠳᠠ ᠵᠢᠨ ᠲᠣᠭᠣᠷᠢᠭ᠎ᠲᠤ ᠭᠣᠣᠯ ᠳᠠᠭᠠᠤ ᠡᠢᠮᠤ ᠰᠠᠢᠬᠠᠨ ᠨᠤᠭᠤᠭᠠᠷᠠᠭᠤᠯᠤᠯᠲᠠ ᠵᠢᠨ ᠭᠠᠵᠠᠷ ᠲᠠᠢ ᠪᠣᠯᠤᠨ᠎ᠠ ᠭᠡᠵᠦ᠍ ᠶᠡᠷᠦ᠍ ᠨᠢ ᠪᠤᠳᠤᠵᠤ ᠤᠯᠤᠭᠰᠠᠨ ᠦᠭᠡᠢ᠃ ᠣᠳᠣ ᠡᠳᠦᠷ ᠳᠡᠭᠡᠨ ᠡᠨᠡᠭᠦᠷ ᠬᠥᠭ᠌ᠰᠢᠨ᠎ᠲᠡᠶ᠎ᠪᠡᠨ ᠰᠡᠯᠡᠭᠦᠴᠡᠨ ᠠᠯᠬᠤᠵᠤ ᠬᠦᠯ ᠤ᠋ᠨ ᠴᠢᠯᠡᠭᠡ ᠪᠡᠨ ᠭᠠᠷᠭᠠᠵᠤ ᠪᠠᠢᠨ᠎ᠠ》 ᠭᠡᠵᠤ ᠡᠨᠳᠡ ᠦᠰᠴᠤ ᠲᠦᠷᠦᠭᠰᠡᠨ ᠰᠠᠭᠤᠭᠠᠯᠢ ᠠᠷᠠᠳ ᠵᠠᠩ ᠱᠸᠨ ᠬᠡᠯᠡᠨ᠎ᠡ᠃

ᠡᠨᠡ ᠵᠢᠯ᠎ᠡᠴᠡ ᠨᠠᠭᠠᠰᠢ᠂ ᠬᠥᠬᠡᠬᠣᠲᠠ ᠵᠢᠨ ᠴᠡᠴᠡᠷᠯᠢᠭ ᠤ᠋ᠨ ᠪᠥᠲᠥᠭᠡᠨ ᠪᠠᠢᠭᠤᠯᠤᠯᠲᠠ ᠵᠢᠨ ᠦᠶ᠋ᠯᠡᠴᠢᠯᠡᠭᠡᠨ ᠤ᠋ ᠲᠥᠪ᠎ᠤᠨ ᠬᠢᠨ ᠪᠠᠭ᠎ᠠ ᠲᠦᠷᠭᠡᠨ ᠭᠤᠤᠯ ᠤ᠋ᠨ ᠪᠥᠬᠥ᠌ ᠱᠤᠭᠤᠮ ᠤ᠋ᠨ ᠵᠠᠰᠠᠯᠲᠠ ᠶ᠋ᠢ ᠨᠢᠭᠡᠳᠦᠯᠲᠡᠶ ᠲᠥᠯᠥᠪᠵᠢᠭᠦᠯᠦᠨ ᠳᠡᠭᠡᠭ᠌ᠰᠢᠯᠡᠭᠦᠯᠵᠦ᠍᠂ ᠦᠶᠡᠷ ᠵᠠᠯᠠᠬᠤ ᠠᠮᠤᠷ ᠲᠦᠪᠱᠢᠨ ᠤ᠋ ᠬᠣᠷᠢᠭ᠎ᠠ ᠱᠤᠭᠤᠮ ᠢ᠋ ᠴᠢᠩᠭ᠎ᠠ ᠰᠠᠬᠢᠵᠤ᠂ ᠤᠷᠭᠤᠴᠠ ᠮᠠᠭᠤᠳᠠᠭ᠍ᠰᠠᠨ ᠤᠷᠭᠤᠮᠠᠯ ᠤ᠋ᠨ ᠪᠦᠷᠬᠦᠴᠡ ᠶ᠋ᠢ ᠪᠠᠢᠩᠭᠤ ᠵᠢᠨ ᠴᠢᠨᠠᠷᠲᠠᠢ ᠨᠥᠬᠥᠨ ᠲᠠᠷᠢᠵᠤ᠂ ᠵᠠᠮ ᠢ᠋ ᠰᠡᠯᠪᠢᠨ ᠵᠠᠰᠠᠵᠤ᠂ ᠪᠥᠬᠥ᠌ ᠬᠦᠷᠢᠶ᠎ᠡ ᠴᠠᠷᠠᠭᠠᠨ ᠳ᠋ᠤ ᠤᠰᠤ ᠨᠡᠪᠲᠡᠷᠡᠬᠦ᠌ ᠱᠢᠰᠲ᠋ᠧᠮ ᠢ᠋ ᠳᠡᠪᠢᠰᠴᠦ᠍᠂ ᠵᠠᠮ ᠳᠠᠭᠠᠤ ᠵᠢᠨ ᠰᠠᠭᠤᠭᠠᠯᠢ ᠠᠷᠠᠳ᠎ᠲᠤ ᠠᠱᠢᠭ ᠬᠦᠷᠲᠡᠭᠡᠪᠡ᠃

ᠰᠠᠢᠬᠠᠨ ᠲᠣᠭᠣᠷᠢᠭ ᠤ᠋ᠨ ᠡᠮᠦᠨ᠎ᠡ ᠬᠡᠰᠡᠭ ᠤ᠋ᠨ ᠶᠡᠬᠡ ᠲᠦᠷᠭᠡᠨ ᠭᠤᠤᠯ ᠤ᠋ᠨ ᠬᠤᠲᠠ ᠵᠢᠨ ᠲᠡᠭᠦᠷᠭᠡ ᠵᠢᠨ ᠬᠡᠭᠡᠷ᠎ᠡ ᠵᠢᠨ ᠴᠡᠴᠡᠷᠯᠢᠭ ᠤ᠋ᠨ ᠦᠵᠡᠮᠵᠢ ᠵᠢᠨ ᠪᠦᠰᠡ ᠳ᠋ᠤ ᠪᠠᠢᠭᠠᠯᠢᠯᠢᠭ ᠤᠰᠤᠨ ᠤ᠋ ᠡᠷᠭᠢ ᠵᠢᠨ ᠦᠵᠡᠮᠵᠢ ᠬᠠᠷᠠᠭᠠᠨ ᠳ᠋ᠤ ᠲᠤᠳᠤᠷᠠᠵᠤ᠂ 35 ᠺᠢᠯᠣᠮᠧᠲ᠋ᠷ ᠤ᠋ᠨ ᠭᠤᠤᠯ ᠬᠣᠩᠭᠢᠯ ᠨᠢ 28 ᠦᠵᠡᠮᠵᠢ ᠵᠢᠨ ᠴᠡᠭ ᠢ᠋ ᠬᠣᠯᠪᠣᠨ᠂ ᠭᠤᠤᠯ ᠤ᠋ᠨ ᠵᠠᠮ ᠤ᠋ᠨ ᠤᠤᠯ ᠳᠦᠷᠰᠤ ᠪᠠᠢᠳᠠᠯ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠬᠠᠳᠠᠭᠠᠯᠠᠨ ᠬᠤᠲᠠ ᠵᠢᠨ ᠠᠷᠠᠳ ᠲᠤ᠌ ᠲᠤᠯᠢᠯᠠᠭᠤᠯᠤᠨ᠎ᠠ᠃ ᠡᠨᠡ ᠬᠠᠪᠤᠷ ᠰᠠᠢᠬᠠᠨ ᠲᠣᠭᠣᠷᠢᠭ ᠤ᠋ᠨ ᠴᠡᠴᠡᠷᠯᠢᠭ᠌ ᠤ᠋ᠨ ᠰᠠᠯᠠᠭ᠎ᠠ ᠮᠥᠴᠢᠷ᠎ᠤᠨ ᠬᠢᠨ ᠮᠢᠩᠭ᠎ᠠ ᠭᠠᠷᠤᠶ ᠰᠠᠭᠤᠷᠢ ᠤᠨᠵᠢᠭᠢᠷ ᠤᠳᠠ ᠵᠠᠢᠯᠠᠵᠤ᠂ ᠤᠰᠤᠨ ᠤ᠋ ᠡᠷᠭᠢ ᠵᠢᠨ ᠠᠮᠢ ᠠᠬᠤᠶ ᠵᠢᠨ ᠬᠠᠯᠬᠠᠪᠴᠢ ᠶ᠋ᠢ ᠪᠡᠬᠢᠵᠢᠭᠦᠯᠪᠡ᠃ ᠤᠳᠤ ᠬᠡᠳᠦᠢᠪᠡᠷ ᠲᠠᠱᠢᠭᠤᠷ ᠡᠪᠡᠰᠦ ᠪᠠᠳᠠᠷᠠᠨ ᠳᠡᠯᠭᠡᠷᠡᠬᠦ᠌ ᠴᠡᠴᠡᠭ ᠤ᠋ᠨ ᠤᠯᠠᠷᠢᠯ ᠪᠣᠯᠤᠭ᠎ᠠ ᠦᠭᠡᠢ ᠪᠣᠯᠪᠠᠴᠤ᠌᠂ ᠨᠢᠭᠡᠨᠲᠡ ᠴᠥᠭᠡᠨ ᠪᠤᠰᠤ ᠬᠤᠳᠠ ᠵᠢᠨ ᠠᠷᠠᠳ ᠲᠤᠰᠭᠠᠢᠯᠠᠨ ᠵᠤᠷᠢᠨ ᠢᠷᠡᠵᠦ᠍ ᠶᠠᠪᠠᠭᠠᠨ ᠠᠶᠠᠯᠠᠵᠤ᠂ ᠬᠡᠭᠡᠷ᠎ᠡ ᠪᠠᠭᠤᠳᠠᠯᠯᠠᠨ᠂ ᠭᠡᠷᠡᠯ ᠵᠢᠷᠤᠭ ᠠᠪᠴᠤ ᠳᠤᠷᠠᠰᠬᠠᠯ ᠦᠯᠡᠳᠡᠭᠡᠵᠤ ᠪᠤᠢ᠃

ᠬᠦᠬᠡᠬᠤᠲᠠ ᠵᠢᠯ ᠳᠠᠷᠠᠭᠠᠯᠠᠨ ᠬᠤᠷᠠᠭ᠍ᠰᠠᠨ ᠨᠦᠯᠤᠮᠡᠯ ᠰᠢᠪᠠᠷ ᠢ᠋ ᠴᠡᠪᠡᠷᠯᠡᠬᠦ᠌᠂ ᠠᠵᠤ ᠦᠢᠯᠡᠳᠪᠦᠷᠢ ᠵᠢᠨ ᠰᠡᠭᠦᠯ ᠤ᠋ᠨ ᠤᠰᠤ ᠶ᠋ᠢ ᠴᠡᠪᠡᠷᠱᠢᠭᠦᠯᠦᠭᠰᠡᠨ ᠵᠢᠡᠷ᠂ ᠭᠤᠤᠯ ᠤ᠋ᠨ ᠬᠣᠶᠠᠷ ᠬᠥᠪᠡᠭᠡᠨ ᠤ᠋ ᠤᠷᠭᠤᠮᠠᠯ ᠤ᠋ᠨ ᠬᠤᠴᠢᠯᠭ᠎ᠠ ᠳᠠᠬᠢᠨ ᠠᠮᠢᠵᠢᠷᠠᠯ ᠪᠢᠯᠬᠠᠵᠤ᠂ ᠪᠥᠬᠥ᠌ ᠱᠤᠭᠤᠮ ᠤ᠋ᠨ ᠳᠤᠭᠤᠶ ᠤᠨᠤᠬᠤ ᠲᠤᠰᠬᠠᠢ ᠵᠤᠷᠢᠭᠤᠯᠤᠯᠲᠠ ᠵᠢᠨ ᠵᠠᠮ᠂ ᠶᠠᠪᠠᠭᠠᠨ ᠵᠠᠮ ᠢ᠋ ᠳᠥᠷᠪᠡᠨ ᠵᠦᠭ ᠨᠠᠶ᠋ᠮᠠᠨ ᠵᠣᠪᠬᠢᠰ᠎ᠲᠤ ᠨᠡᠪᠲᠡᠷᠡᠭᠦᠯᠤᠨ᠂ ᠬᠣᠲᠠ ᠵᠢᠨ ᠠᠷᠠᠳ ᠤ᠋ᠨ ᠡᠳᠦᠷ ᠲᠤᠲᠤᠮ ᠤ᠋ᠨ ᠪᠡᠶ᠎ᠡ ᠴᠢᠬᠢᠷᠠᠭᠵᠢᠭᠤᠯᠬᠤ ᠬᠡᠷᠡᠭ᠌ᠴᠡᠭᠡ ᠱᠠᠭᠠᠷᠳᠠᠯᠭ᠎ᠠ ᠶ᠋ᠢ ᠬᠠᠩᠭᠠᠭᠰᠠᠨ ᠵᠢᠡᠷ ᠪᠠᠷᠠᠬᠤ ᠥᠬᠡᠶ ᠪᠠᠰᠠ ᠣᠢᠷ᠎ᠠ ᠲᠡᠭᠦᠷᠭᠡ ᠵᠢᠨ ᠬᠥᠳᠡᠭᠡ ᠲᠣᠰᠭᠣᠨ ᠤ᠋ ᠬᠡᠭᠡᠷ᠎ᠡ ᠪᠠᠭᠤᠳᠠᠯᠯᠠᠬᠤ᠂ ᠰᠡᠯᠡᠭᠦᠴᠡᠯ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠵᠢᠨ ᠬᠦᠭᠵᠢᠯᠲᠡ ᠶ᠋ᠢ ᠴᠤ᠌᠎ᠳᠠᠢᠴᠢᠯᠠᠪᠠ᠃

ᠪᠦᠬᠦ ᠬᠤᠲᠠ ᠵᠢᠨ ᠤᠷᠲᠤ ᠬᠤᠭᠤᠴᠠᠭᠠᠨ ᠤ᠋ ᠨᠤᠭᠤᠭᠠᠷᠠᠭᠤᠯᠤᠯᠲᠠ ᠶ᠋ᠢ ᠪᠠᠲᠤᠯᠠᠬᠤ ᠳ᠋ᠤ ᠨᠠᠷᠢᠨ ᠨᠢᠮᠪᠠᠢ ᠠᠷᠠᠴᠢᠯᠠᠨ ᠬᠠᠮᠠᠭᠠᠯᠠᠯᠲᠠ ᠬᠠᠮᠢᠶᠠᠷᠤᠯᠲᠠ ᠡᠴᠡ ᠰᠠᠯᠵᠤ ᠴᠢᠳᠠᠰᠢ ᠦᠭᠡᠢ ᠶᠤᠮ᠃ ᠤᠢᠯᠠᠭᠠᠭᠰᠠᠨ ᠵᠢᠡᠷ᠂ 2026 ᠣᠨ ᠨᠢ ᠬᠤᠲᠠ ᠵᠢᠨ ᠶᠡᠷᠦᠩᠬᠡᠢᠯᠡᠭ᠌ᠰᠡᠨ ᠵᠠᠰᠠᠯᠲᠠ ᠶ᠋ᠢ ᠳᠡᠭᠡᠭ᠌ᠰᠢᠯᠡᠭᠦᠯᠬᠦ᠌ ᠣᠨ ᠪᠣᠯᠤᠭ᠍ᠰᠠᠨ ᠤ᠋ ᠬᠤᠪᠢ ᠳ᠋ᠤ᠂ ᠬᠦᠬᠡᠬᠤᠲᠠ 3 ᠰᠠᠷ᠎ᠠ᠎ᠠᠴᠠ ᠡᠬᠢᠯᠡᠨ ᠬᠠᠪᠤᠷ ᠤ᠋ᠨ ᠤᠯᠠᠷᠢᠯ ᠤ᠋ᠨ ᠨᠥᠬᠥᠵᠦ᠍ ᠳᠠᠷᠢᠬᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯ ᠢ᠋ ᠪᠥᠬᠥ᠌ ᠲᠠᠯ᠎ᠠ᠎ᠪᠠᠷ ᠡᠬᠢᠯᠡᠭᠦᠯᠵᠦ᠍᠂ ᠭᠠᠴᠤᠷ᠎ᠠ᠂ ᠬᠣᠩᠭᠣᠷᠴᠤᠭ᠍ᠲᠤ ᠮᠣᠳᠣ᠂ ᠵᠡᠷᠯᠢᠭ ᠲᠣᠭᠣᠷ᠂ ᠭᠤᠤᠯᠲᠤ ᠪᠣᠷᠣ ᠵᠡᠷᠭᠡ ᠲᠤᠬᠠᠢ ᠵᠢᠨ ᠭᠠᠵᠠᠷ ᠲᠤ᠌ ᠤᠷᠭᠤᠬᠤ ᠳ᠋ᠤ ᠲᠤᠬᠢᠷᠠᠮᠵᠢᠲᠠᠢ ᠨᠤᠲᠤᠭ ᠤ᠋ᠨ ᠴᠢᠬᠢ ᠮᠣᠳᠣ ᠶ᠋ᠢ ᠤᠷᠢᠳ ᠵᠢᠡᠷ ᠰᠣᠩᠭᠣᠨ ᠬᠡᠷᠡᠭ᠌ᠯᠡᠵᠦ᠍᠂ ᠭᠤᠤᠯᠳᠠᠭᠤ ᠭᠤᠤᠯ ᠵᠠᠮ᠂ ᠭᠤᠤᠯ ᠤ᠋ᠨ ᠬᠥᠪᠡᠭᠡᠨ᠎ᠳᠡᠬᠢ ᠨᠤᠭᠤᠭᠠᠷᠠᠭᠤᠯᠤᠯᠲᠠ ᠵᠢᠨ ᠪᠦᠰᠡ ᠳ᠋ᠡᠬᠢ ᠬᠤᠭᠤᠰᠤᠨ ᠪᠠ ᠲᠤᠲᠠᠭᠤ ᠶ᠋ᠢ ᠨᠥᠬᠥᠪᠥᠷᠢᠯᠡᠵᠦ᠍᠂ 5 ᠰᠠᠷ᠎ᠠ ᠵᠢᠨ ᠰᠡᠭᠦᠯᠴᠢ᠎ᠡᠴᠡ ᠡᠮᠦᠨ᠎ᠡ ᠨᠢᠭᠡᠨᠲᠡ ᠴᠡᠴᠡᠭ ᠪᠠ ᠪᠤᠳᠠ ᠮᠣᠳᠣ ᠳᠠᠷᠢᠬᠤ ᠡᠭᠦᠷᠭᠡ ᠶ᠋ᠢ ᠪᠦᠬᠦᠨ ᠢ᠋ ᠪᠡᠶᠡᠯᠡᠭᠦᠯᠦᠭᠰᠡᠨ ᠪᠠᠢᠨ᠎ᠠ᠃ ᠠᠷᠠᠴᠢᠯᠠᠨ ᠬᠠᠮᠠᠭᠠᠯᠠᠬᠤ ᠠᠩᠭᠢ᠎ᠵᠢᠨ ᠬᠢᠨ ᠣᠷᠭᠢᠯ ᠤ᠋ᠨ ᠬᠤᠭᠤᠴᠠᠭ᠎ᠠ ᠶ᠋ᠢ ᠵᠦᠷᠢᠭᠦᠯᠵᠤ ᠠᠵᠢᠯᠯᠠᠬᠤ ᠠᠷᠭ᠎ᠠ ᠶ᠋ᠢ ᠬᠡᠷᠡᠭ᠌ᠵᠢᠭᠦᠯᠵᠦ᠍᠂ ᠲᠣᠷᠤᠭ ᠮᠣᠳᠣ ᠶ᠋ᠢ ᠵᠠᠰᠠᠨ ᠬᠠᠢᠴᠢᠯᠠᠬᠤ᠂ ᠬᠤᠪᠠᠬᠠᠢᠷᠠᠭ᠍ᠰᠠᠨ ᠰᠠᠯᠠᠭ᠎ᠠ ᠨᠠᠮᠠᠭ᠎ᠠ ᠶ᠋ᠢ ᠴᠡᠪᠡᠷᠯᠡᠵᠤ ᠵᠥᠭᠡᠭᠡᠪᠦᠷᠢᠯᠡᠬᠦ᠌᠂ ᠡᠪᠡᠳᠴᠢᠨ ᠬᠣᠷᠣᠬᠠᠶ ᠵᠢᠨ ᠬᠥᠨᠥᠭᠡᠯ ᠢ᠋ ᠨᠢᠭᠡᠳᠦᠯᠲᠡᠶ ᠰᠡᠷᠭᠡᠢᠯᠡᠨ ᠨᠢᠭᠡᠳᠦᠯᠲᠡᠶ ᠵᠠᠰᠠᠵᠤ᠂ 5 ᠰᠠᠷ᠎ᠠ ᠳ᠋ᠤ ᠤᠳᠠ ᠤᠯᠢᠶᠠᠰᠤ ᠵᠢᠨ ᠤᠩᠭᠠᠷᠢᠯ ᠬᠡᠢᠰᠬᠦ ᠤᠷᠭᠢᠯ ᠤ᠋ᠨ ᠬᠤᠭᠤᠴᠠᠭᠠᠨ ᠳ᠋ᠤ᠂ ᠮᠠᠨᠠᠠ ᠵᠢᠡᠷ ᠤᠬᠢᠶᠠᠵᠤ ᠱᠦᠭᠦᠷᠳᠡᠬᠦ᠌ ᠲᠡᠷᠭᠡ ᠪᠥᠬᠥ᠌ ᠣᠷᠣᠨ ᠪᠦᠰᠡ ᠪᠡᠷ ᠲᠣᠭᠣᠷᠢᠨ ᠠᠵᠢᠯᠯᠠᠵᠤ᠂ ᠤᠩᠭᠠᠷᠢᠯ ᠬᠡᠢᠰᠬᠦ ᠶ᠋ᠢ ᠪᠠᠭᠠᠰᠬᠠᠪᠠ᠃ ᠡᠭᠦᠨ ᠤ᠋ ᠬᠠᠮᠲᠤ ᠬᠠᠷᠰᠢᠯ ᠡᠭᠦᠰᠭᠡᠬᠦ ᠱᠢᠷᠠᠯᠵᠢ ᠵᠢᠨ ᠲᠤᠰᠭᠠᠶ ᠵᠠᠰᠠᠯᠲᠠ ᠵᠢᠨ ᠠᠵᠢᠯ ᠢ᠋ ᠵᠡᠷᠭᠡ ᠪᠡᠷ ᠠᠬᠢᠭᠤᠯᠵᠤ᠂ 4 ᠰᠠᠷ᠎ᠠ ᠵᠢᠨ ᠰᠡᠭᠦᠯᠴᠢ ᠪᠣᠯᠲᠠᠯ᠎ᠠ ᠴᠡᠴᠡᠷᠯᠢᠭ᠂ ᠭᠤᠤᠯ ᠤ᠋ᠨ ᠵᠠᠮ ᠤ᠋ᠨ ᠨᠣᠭᠣᠭᠠᠷᠠᠭᠤᠯᠤᠯᠲᠠ ᠵᠢᠨ ᠭᠠᠵᠠᠷ ᠤ᠋ᠨ 323ᠾᠧᠺᠲ᠋ᠠᠷ ᠪᠦᠬᠦᠢ ᠱᠢᠷᠠᠯᠵᠢ ᠶ᠋ᠢ ᠲᠥᠪᠯᠡᠷᠡᠭᠦᠯᠦᠨ ᠴᠡᠪᠡᠷᠯᠡᠵᠦ᠍᠂ ᠭᠤᠤᠯᠳᠠᠯᠭ᠎ᠠ᠎ᠲᠠᠶ ᠭᠠᠵᠠᠷ ᠤ᠋ᠨ ᠬᠥᠷᠥᠰᠥ ᠶ᠋ᠢ ᠭᠦᠨ ᠤᠷᠪᠠᠭᠤᠯᠵᠤ᠂ ᠣᠯᠠᠨ ᠲᠦᠮᠡᠨ ᠤ᠋ ᠡᠷᠡᠭᠦᠯ ᠮᠡᠨᠳᠦ ᠪᠠ ᠨᠣᠭᠣᠭᠠᠷᠠᠭᠤᠯᠤᠯᠲᠠ ᠵᠢᠨ ᠦᠵᠡᠮᠵᠢ ᠶ᠋ᠢ ᠪᠥᠬᠥ᠌ ᠲᠠᠯ᠎ᠠ᠎ᠪᠠᠷ ᠰᠠᠬᠢᠨ ᠬᠠᠮᠠᠭᠠᠯᠠᠪᠠ᠃

ᠲᠣᠮᠣ ᠬᠡᠯᠪᠡᠷᠢ ᠵᠢᠨ ᠭᠤᠤᠯ ᠤ᠋ᠨ ᠬᠦᠪᠡᠭᠡᠨ ᠳ᠋ᠡᠬᠢ ᠬᠣᠩᠭᠢᠯ ᠢ᠋ ᠪᠠᠢᠭᠤᠯᠬᠤ ᠵᠢᠨ ᠬᠠᠮᠲᠤ᠂ ᠬᠥᠬᠡᠬᠣᠲᠠ ᠰᠤᠯᠠ ᠪᠠᠢᠭ᠎ᠠ ᠥᠨᠴᠥᠭ ᠪᠤᠯᠤᠩ ᠭᠠᠵᠠᠷ ᠢ᠋ ᠦᠷᠭᠦᠯᠵᠢᠯᠡᠨ ᠠᠰᠢᠭᠯᠠᠯᠲᠠ ᠳ᠋ᠤ ᠤᠷᠤᠭᠤᠯᠵᠤ᠂ ᠵᠢᠵᠢᠭ ᠪᠢᠴᠢᠯ ᠵᠢᠭᠤᠯᠴᠢᠯᠠᠯ ᠤ᠋ᠨ ᠬᠦᠷᠢᠶᠡᠯᠡᠩ ᠢ᠋ ᠨᠢᠭ᠍ᠲᠠᠷᠠᠭᠤᠯᠤᠨ᠂ ᠬᠣᠲᠠ ᠵᠢᠨ ᠠᠷᠠᠳ ᠤ᠋ᠨ ᠴᠡᠴᠡᠷᠯᠢᠭ ᠵᠢᠡᠷ ᠵᠢᠭᠤᠯᠴᠢᠯᠠᠬᠤ ᠦᠶ᠋ᠯᠡᠴᠢᠯᠡᠭᠡᠨ ᠤ᠋ ᠬᠦᠷᠢᠶ᠎ᠡ ᠬᠡᠪᠴᠢᠶ᠎ᠡ ᠶ᠋ᠢ ᠪᠠᠭᠠᠰᠭᠠᠪᠠ᠃ ᠬᠥᠬᠡᠬᠣᠲᠠ ᠵᠢᠨ ᠡᠯ᠎ᠡ ᠲᠥᠷᠥᠯ ᠤ᠋ᠨ ᠴᠡᠴᠡᠷᠯᠢᠭ᠂ ᠬᠠᠷᠮᠠᠨ ᠴᠡᠴᠡᠷᠯᠢᠭ ᠤ᠋ᠨ ᠶᠡᠷᠦᠩᠬᠡᠶ ᠲᠤᠭ᠎ᠠ 2025 ᠣᠨ ᠤ᠋ ᠡᠴᠦᠰ ᠪᠤᠯᠬᠤ ᠳ᠋ᠤ ᠨᠢᠭᠡᠨᠲᠡ 1009 ᠪᠣᠯᠵᠣ᠂ ᠡᠭᠦᠨ ᠳ᠋ᠤ ᠬᠠᠷᠮᠠᠨ ᠴᠡᠴᠡᠷᠯᠢᠭ᠂ ᠵᠡᠭᠡᠯᠢ ᠵᠢᠨ ᠥᠨᠴᠥᠭ ᠪᠤᠯᠤᠩ ᠳ᠋ᠤ 684 ᠨᠣᠭᠣᠭᠠᠷᠠᠭᠤᠯᠤᠯᠲᠠ ᠵᠢᠨ ᠭᠠᠵᠠᠷ᠎ᠲᠠᠶ ᠪᠣᠯᠵᠠᠢ᠃ 2026 ᠣᠨ ᠤ᠋ ᠨᠣᠭᠣᠭᠠᠷᠠᠭᠤᠯᠤᠯᠲᠠ ᠵᠢᠨ ᠠᠵᠢᠯ ᠤ᠋ᠨ ᠲᠣᠬᠢᠷᠠᠭᠤᠯᠤᠯᠲᠠ ᠶᠣᠰᠣᠭᠠᠷ᠂ ᠬᠥᠬᠡᠬᠣᠲᠠ ᠪᠠᠰᠠ 50 ᠬᠠᠭᠤᠴᠢᠨ ᠬᠦᠷᠢᠶᠡᠯᠡᠩ ᠲᠣᠭᠣᠷᠢᠭ᠂ 30 ᠭᠠᠷᠤᠶ ᠺᠢᠯᠣᠮᠧᠲ᠋ᠷ ᠬᠣᠲᠠ ᠵᠢᠨ ᠨᠣᠭᠣᠭᠠᠷᠠᠭᠤᠯᠤᠯᠲᠠ ᠵᠢᠨ ᠵᠠᠮ ᠳ᠋ᠤ ᠦᠵᠡᠮᠵᠢ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌ ᠠᠵᠢᠯ ᠢ᠋ ᠦᠷᠨᠢᠬᠦᠯᠬᠦ ᠪᠡᠷ ᠪᠤᠢ᠃

ᠠᠮᠢ ᠠᠬᠤᠶ ᠵᠢᠨ ᠪᠥᠲᠥᠭᠡᠨ ᠪᠠᠢᠭᠤᠯᠤᠯᠲᠠ ᠦᠷ᠎ᠡ ᠪᠦᠲᠦᠮᠵᠢ ᠤᠯᠵᠤ᠂ ᠬᠥᠬᠡᠬᠣᠲᠠ ᠵᠢᠨ ᠣᠯᠠᠨ ᠵᠦᠶ᠋ᠯ ᠤ᠋ᠨ ᠨᠣᠭᠣᠭᠠᠷᠠᠭᠤᠯᠤᠯᠲᠠ ᠵᠢᠨ ᠭᠤᠤᠯ ᠭᠦᠶ᠋ᠴᠡᠳᠭᠡᠯ ᠲᠣᠭ᠎ᠠ 2025 ᠣᠨ ᠤ᠋ ᠰᠡᠬᠦᠯᠴᠢ ᠪᠤᠯᠬᠤ᠎ᠳᠤ ᠤᠯᠤᠰ ᠤ᠋ᠨ ᠠᠮᠢ ᠠᠬᠤᠶ ᠵᠢᠨ ᠴᠡᠴᠡᠷᠯᠢᠭᠳᠤ ᠬᠣᠲᠠ ᠶ᠋ᠢ ᠪᠦᠳᠦᠭᠡᠨ ᠪᠠᠢᠭᠤᠯᠬᠤ ᠪᠠᠷᠢᠮᠵᠢᠶ᠎ᠠ ᠳ᠋ᠤ ᠬᠦᠷᠴᠠᠢ᠃ ᠤᠳᠤ  ᠬᠥᠬᠡᠬᠣᠲᠠ ᠵᠢᠨ ᠨᠤᠭᠤᠭᠠᠷᠠᠭᠤᠯᠤᠯᠲᠠ ᠵᠢᠨ ᠵᠠᠮ ᠤ᠋ᠨ ᠪᠥᠬᠥ᠌ ᠣᠷᠳᠣ 679.12 ᠺᠢᠯᠣᠮᠧᠲ᠋ᠷ ᠪᠤᠯᠵᠤ᠂ ᠴᠡᠴᠡᠷᠯᠢᠭ ᠤ᠋ᠨ ᠨᠣᠭᠣᠭᠠᠷᠠᠭᠤᠯᠤᠯᠲᠠ ᠵᠢᠨ ᠦᠶ᠋ᠯᠡᠴᠢᠯᠡᠭᠡᠨ ᠤ᠋ ᠷᠠᠳᠢᠦ᠍ᠰ ᠤ᠋ᠨ ᠪᠦᠷᠬᠦᠴᠡ ᠵᠢᠨ ᠨᠣᠷᠮ᠎ᠠ 89.05%᠎ᠳ᠋ᠤ ᠬᠦᠷᠴᠦ᠍᠂ ᠬᠣᠲᠠ ᠵᠢᠨ ᠠᠷᠠᠳ ᠡᠭᠦᠳᠡ ᠭᠠᠷᠤᠮᠠᠭᠴᠠ ᠨᠤᠭᠤᠭᠠᠷᠠᠭᠤᠯᠤᠯᠲᠠ ᠲᠠᠢ ᠪᠤᠯᠵᠤ᠂ ᠣᠢᠷ᠎ᠠ ᠬᠠᠪᠢ᠎ᠳᠠᠭᠠᠨ ᠴᠡᠴᠡᠷᠯᠢᠭ ᠵᠢᠡᠷ ᠵᠢᠭᠤᠯᠴᠢᠯᠠᠬᠤ ᠳ᠋ᠤ ᠨᠠᠩ ᠲᠥᠬᠥᠮ ᠳᠦᠲᠡ ᠪᠣᠯᠪᠠ᠃

ᠨᠠᠷᠢᠯᠢᠭ ᠣᠨᠣᠪᠴᠢᠲᠠᠶ ᠪᠣᠳᠠᠲᠠᠶ ᠶ᠋ᠢ ᠡᠷᠬᠢᠮᠯᠡᠭ᠌ᠰᠡᠨ ᠠᠮᠢ ᠠᠬᠤᠶ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠨᠠᠷᠢᠯᠢᠭ ᠬᠠᠮᠢᠶᠠᠷᠴᠤ᠌ ᠬᠠᠮᠠᠭᠠᠯᠠᠬᠤ᠂ ᠨᠤᠭᠤᠭᠠᠷᠠᠭᠤᠯᠤᠯᠲᠠ ᠵᠢᠨ ᠭᠠᠵᠠᠷ ᠢ᠋ ᠥᠷᠭᠡᠳᠭᠡᠬᠦ᠌ ᠠᠯᠢ ᠣᠯᠠᠨ ᠠᠷᠭ᠎ᠠ ᠬᠡᠮᠵᠢᠶ᠎ᠡ ᠨᠢ ᠠᠮᠢ ᠠᠬᠤᠶ ᠵᠢᠨ ᠠᠷᠠᠳ ᠤ᠋ᠨ ᠠᠮᠢᠳᠤᠷᠠᠯ ᠲᠦ᠍ ᠦᠵᠡᠬᠦᠯᠬᠦ ᠦᠷ᠎ᠠ ᠠᠱᠢᠭ ᠢ᠋ ᠦᠷᠭᠦᠯᠵᠢᠯᠡᠨ ᠨᠡᠮᠡᠭᠳᠡᠬᠦᠯᠪᠠ᠃ ᠤᠳᠤ ᠬᠥᠬᠡᠬᠣᠲᠠ ᠵᠢᠨ ᠠᠷᠠᠳ ᠬᠤᠯᠠ ᠠᠶᠠᠯᠠᠬᠤ ᠴᠢᠬᠤᠯᠠ ᠦᠭᠡᠢ᠂ ᠤᠢᠷ᠎ᠠ ᠬᠠᠪᠢ᠎ᠵᠢᠨ᠎ᠵᠢᠡᠨ ᠨᠣᠭᠣᠭᠠᠷᠠᠭᠤᠯᠤᠯᠲᠠ ᠵᠢᠨ ᠵᠠᠮ ᠵᠢᠡᠷ ᠰᠡᠯᠡᠬᠦᠴᠡᠨ ᠠᠯᠬᠤᠵᠤ᠂ ᠴᠡᠴᠡᠷᠯᠢᠭ ᠵᠢᠡᠷ ᠲᠤᠭᠤᠷᠢᠨ ᠦᠵᠡᠮᠵᠢ ᠰᠣᠨᠢᠷᠬᠠᠵᠤ᠂ ᠲᠠᠭᠠᠯᠠᠮᠵᠢᠲᠠᠢ ᠤᠷᠴᠢᠨ᠎ᠳᠤ ᠲᠠᠢᠪᠤᠡᠭ ᠠᠮᠢᠳᠤᠷᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号