ᠤᠢᠷᠠᠳ᠋ᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠎ᠤᠨ ᠬᠢᠨ ᠥᠪᠥᠷ ᠮᠣᠩᠭᠣᠯ᠎ᠤᠨ ᠬᠣᠩ ᠾᠧ ᠡᠨᠧᠷᠭᠢ ᠠᠷᠪᠢᠯᠠᠨ ᠪᠣᠬᠢᠷᠲᠤᠯ ᠪᠣᠳᠠᠰ ᠤ᠋ᠨ ᠭᠠᠳᠠᠭᠰᠢᠯᠠᠭᠤᠯᠤᠯᠳᠠ ᠵᠢ ᠪᠠᠭᠠᠰᠬᠠᠬᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ ᠵᠡᠷᠭᠡ 4 ᠠᠵᠤ ᠠᠬᠤᠶ᠋ᠢᠯᠠᠯ᠎ᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶᠢᠨ ᠬᠠᠲᠠᠭᠤ ᠪᠡᠶᠡᠲᠦ᠍ ᠬᠠᠶᠠᠭᠳᠠᠮᠠᠯ ᠪᠣᠳᠠᠰᠢ᠋ ᠡᠬᠢ ᠪᠠᠶᠠᠯᠢᠭᠵᠢᠭᠤᠯᠤᠨ ᠶᠡᠷᠦᠩᠬᠡᠶ᠋ᠢᠯᠡᠨ ᠠᠰᠢᠭᠯᠠᠬᠤ᠎ᠶᠢ ᠮᠠᠭᠠᠳᠯᠠᠨ ᠲᠤᠭᠳᠠᠭᠠᠬᠤ ᠪᠠᠢᠭᠤᠯᠤᠮᠵᠢ᠎ᠪᠠᠷ ᠰᠤᠡᠭᠭᠤᠪᠠ᠃
ᠲᠤᠰ 4 ᠮᠠᠭᠠᠳᠯᠠᠨ ᠲᠤᠭᠳᠠᠭᠠᠬᠤ ᠪᠠᠶ᠋ᠢᠭᠤᠯᠤᠮᠵᠢ᠎ᠶᠢᠨ ᠰᠣᠩᠭᠣᠭᠳᠠᠭᠰᠠᠨ ᠨᠢ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠠᠵᠤ ᠠᠬᠤᠶ᠋ᠢᠯᠠᠯ᠎ᠤᠨ ᠠᠵᠤ ᠦᠢᠯᠡᠳᠪᠦᠷᠢ᠎ᠶᠢᠨ ᠬᠠᠲᠠᠭᠤ ᠪᠡᠶᠡᠲᠦ᠍ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠶᠡᠷᠦᠩᠬᠡᠶ᠋ᠢᠯᠡᠨ ᠠᠰᠢᠭᠯᠠᠬᠤ᠎ᠶᠢ ᠮᠠᠭᠠᠳᠯᠠᠨ ᠲᠤᠭᠳᠠᠭᠠᠬᠤ ᠬᠡᠷᠡᠭᠴᠡᠭᠡ ᠱᠠᠭᠠᠷᠳᠠᠯᠭ᠎ᠠ᠎ᠶᠢ ᠨᠠᠩ ᠰᠠᠶ᠋ᠢᠲᠤᠷ ᠬᠠᠩᠭᠠᠵᠤ᠂ ᠠᠵᠤ ᠦᠢᠯᠡᠳᠪᠦᠷᠢ᠎ᠶᠢᠨ ᠬᠠᠲᠠᠭᠤ ᠪᠡᠶᠡᠲᠦ᠍ ᠬᠠᠶᠠᠭᠳᠠᠮᠠᠯ ᠪᠣᠳᠠᠰᠢ᠋ ᠡᠬᠢ ᠪᠠᠶᠠᠯᠢᠭᠵᠢᠭᠤᠯᠤᠨ ᠶᠡᠷᠦᠩᠬᠡᠶ᠋ᠢᠯᠡᠨ ᠠᠰᠢᠭᠯᠠᠬᠤ ᠠᠵᠤ ᠦᠢᠯᠡᠰ᠎ᠦᠨ ᠬᠡᠪᠴᠢᠶᠡᠵᠢᠬᠦ᠌᠂ ᠪᠣᠬᠢᠷᠲᠤᠯ ᠦᠬᠡᠢᠵᠢᠬᠦ ᠪᠠ ᠦᠷᠭᠦᠯᠵᠢᠯᠡᠨ ᠬᠥᠭᠵᠢᠬᠦ᠌᠎ᠶᠢ ᠠᠬᠢᠭᠤᠯᠬᠤ ᠪᠤᠯᠤᠨ᠎ᠠ᠃ ᠣᠶ᠋ᠢᠷ᠎ᠠ᠎ᠶᠢᠨ ᠵᠢᠯ᠎ᠳ᠋ᠤ᠂ ᠥᠪᠥᠷ ᠮᠣᠩᠭᠣᠯ ᠠᠵᠦ ᠦᠢᠯᠡᠳᠪᠦᠷᠢ᠎ᠶᠢᠨ ᠬᠠᠲᠠᠭᠤ ᠪᠡᠶᠡᠲᠦ᠍ ᠬᠠᠶᠠᠭᠳᠠᠮᠠᠯ ᠪᠣᠳᠠᠰ᠎ᠢ ᠶᠡᠷᠦᠩᠬᠡᠶ᠋ᠢᠯᠡᠨ ᠠᠰᠢᠭᠯᠠᠬᠤ᠎ᠶᠢ ᠦᠷᠭᠦᠯᠵᠢᠯᠡᠨ ᠠᠬᠢᠭᠤᠯᠵᠤ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠵᠦ᠍᠂ ᠦᠢᠯᠡᠳᠬᠦ ᠦᠢᠯᠡᠰ᠎ᠦᠨ ᠠᠵᠤ ᠠᠬᠤᠶ᠋ᠢᠯᠠᠯ᠎ᠤᠨ ᠠᠵᠤ ᠦᠢᠯᠡᠳᠪᠦᠷᠢ᠎ᠶᠢᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠲᠥᠷᠥᠯ ᠵᠦᠢᠯ᠎ᠢ ᠬᠡᠷᠡᠭᠵᠢᠭᠦᠯᠬᠦ᠌᠎ᠶᠢ ᠵᠣᠷᠢᠭᠵᠢᠭᠤᠯᠤᠨ᠂ ᠠᠵᠤ ᠦᠢᠯᠡᠳᠪᠦᠷᠢ᠎ᠶᠢᠨ ᠬᠠᠲᠠᠭᠤ ᠪᠡᠶᠡᠲᠦ᠍ ᠬᠠᠶᠠᠭᠳᠠᠮᠠᠯ ᠪᠣᠳᠠᠰ᠎ᠢ ᠦᠢᠯᠡᠳᠬᠦ ᠦᠢᠯᠡᠰ᠎ᠦᠨ ᠬᠦᠷᠢᠶ᠎ᠡ ᠴᠠᠷᠠᠭ᠎ᠠ᠎ᠳᠤ ᠬᠡᠪᠴᠢᠶᠡᠵᠢᠭᠦᠯᠦᠨ ᠠᠰᠢᠭᠯᠠᠬᠤ᠎ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ᠎ᠶᠢᠨ ᠬᠠᠲᠠᠭᠤ ᠪᠡᠶᠡᠲᠦ᠍ ᠬᠠᠶᠠᠭᠳᠠᠮᠠᠯ ᠪᠣᠳᠠᠰ᠎ᠢ ᠰᠢᠷᠬᠡᠭᠯᠢᠭ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ᠎ᠳᠤ ᠥᠨᠳᠥᠷ ᠥᠷᠲᠡᠭᠲᠦ᠍ ᠪᠣᠯᠭᠠᠨ ᠠᠰᠢᠭᠯᠠᠬᠤ ᠲᠦᠪᠰᠢᠨ᠎ᠢ ᠬᠦᠴᠦᠯᠡᠨ ᠳᠡᠭᠡᠭᠰᠢᠯᠡᠭᠦᠯᠪᠡ᠃ ᠡᠭᠦᠨ᠎ᠦ ᠬᠠᠮᠲᠤ᠌᠂ ᠠᠵᠤ ᠦᠢᠯᠡᠳᠪᠦᠷᠢ᠎ᠶᠢᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠰᠠᠭᠤᠷᠢᠨ᠎ᠤ ᠪᠥᠲᠥᠭᠡᠨ ᠪᠠᠶ᠋ᠢᠭᠤᠯᠤᠯᠲᠠ᠎ᠶᠢ ᠦᠷᠭᠦᠯᠵᠢᠯᠡᠨ ᠪᠡᠬᠢᠵᠢᠭᠦᠯᠵᠦ᠍᠂ ᠣᠷᠳᠣᠰ᠂ ᠲᠣᠭᠲᠠᠬᠤ ᠰᠢᠶᠠᠨ᠂ ᠤᠷᠠᠳ᠎ᠤᠨ ᠡᠮᠦᠨᠡᠲᠦ᠍ ᠬᠣᠰᠢᠭᠤᠨ᠎ᠤ ᠤᠯᠤᠰ᠎ᠤᠨ ᠲᠠᠰ᠎ᠤᠨ ᠠᠵᠤ ᠦᠢᠯᠡᠳᠪᠦᠷᠢ᠎ᠶᠢᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠰᠠᠭᠤᠷᠢᠨ᠎ᠢ ᠪᠥᠲᠥᠭᠡᠨ ᠪᠠᠶ᠋ᠢᠭᠤᠯᠬᠤ᠎ᠶᠢ ᠠᠬᠢᠭᠤᠯᠬᠤ᠎ᠶᠢᠨ ᠬᠠᠮᠲᠤ᠌ ᠡᠯ᠎ᠡ ᠰᠠᠭᠤᠷᠢᠨ᠎ᠤ ᠬᠥᠭᠵᠢᠯᠲᠡ᠎ᠶᠢ ᠬᠠᠨᠳᠤᠯᠭᠠᠲᠤ᠌ ᠴᠢᠨᠠᠷᠲᠠᠶ᠎ᠪᠠᠷ ᠠᠬᠢᠭᠤᠯᠵᠠᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号