ᠡᠵᠡᠨ᠎ᠡ ᠬᠣᠱᠢᠭᠤᠨ᠎ᠤ ᠰᠤᠪᠨᠠᠭᠤᠷ ᠤ᠋ᠨ ᠨᠤᠭᠤ ᠭᠠᠵᠠᠷ ᠲᠤ᠌ ᠰᠢᠨ᠎ᠡ ᠪᠡᠷ 800 ᠭᠠᠷᠤᠶ ᠳᠡᠭᠳᠡᠭᠡᠬᠡᠢ ᠨᠡᠪᠴᠢᠵᠦ᠍᠂ ᠡᠨᠡ ᠬᠦ᠌ ᠠᠮᠢ ᠠᠬᠤᠶ ᠵᠢᠨ ᠨᠣᠭᠣᠭᠠᠨ ᠪᠦᠷᠢᠳᠦ᠍ᠳᠦ ᠠᠮᠢᠵᠢᠷᠠᠯ᠎ᠤᠨ ᠬᠦᠴᠦᠨ ᠨᠡᠮᠡᠷᠢᠯᠡᠪᠡ᠃ ᠡᠨᠡ ᠵᠢᠯ ᠰᠤᠪᠨᠠᠭᠤᠷ ᠤ᠋ᠨ ᠨᠤᠭᠤ ᠭᠠᠵᠠᠷ᠎ᠤᠨ ᠨᠡᠭᠦᠳᠡᠯ᠎ᠦᠨ ᠱᠢᠪᠠᠭᠤ ᠵᠢᠨ ᠳᠦᠷᠰᠦ ᠵᠢᠨ ᠰᠦᠷᠦᠭ᠎ᠦᠨ ᠲᠣᠭ᠎ᠠ ᠨᠡᠮᠡᠭᠳᠡᠵᠤ᠂ ᠥᠩᠭᠡᠷᠡᠭ᠌ᠰᠡᠨ᠎ᠳᠦ ᠬᠡᠳᠦᠨ ᠠᠷᠪᠠᠬᠠᠨ ᠪᠠᠢᠭᠰᠠᠨ ᠦᠬᠡᠷ ᠵᠠᠷᠠᠭ ᠤ᠋ᠨ ᠲᠤᠭ᠎ᠠ ᠡᠨᠡ ᠵᠢᠯ ᠬᠠᠷᠢᠨ 600 ᠵᠢ ᠳᠠᠪᠠᠵᠠᠶ᠃ ᠣᠳᠣᠬᠠᠨ᠎ᠳᠤ ᠨᠤᠭᠤ ᠭᠠᠵᠠᠷ ᠲᠡᠬᠢ ᠱᠢᠪᠠᠭᠤᠨ᠎ᠤ ᠲᠥᠷᠥᠯ 36 ᠵᠦᠶ᠋ᠯ ᠪᠠᠢᠵᠤ᠂ ᠨᠢᠭᠡᠨᠲᠡ ᠨᠡᠪᠴᠢᠭ᠌ᠰᠡᠨ ᠳᠡᠭ᠌ᠳᠡᠭᠡᠬᠡᠶ ᠵᠢᠨ ᠶᠡᠷᠦᠩᠬᠡᠶ ᠲᠣᠭ᠎ᠠ 800᠎ᠶ᠋ᠢ ᠳᠠᠪᠠᠭ᠍ᠰᠠᠨ ᠪᠥᠭᠡᠳ ᠬᠡᠰᠡᠭ ᠱᠢᠪᠠᠭᠤᠨ᠎ᠤ ᠲᠥᠷᠥᠯ ᠮᠥᠨ ᠯᠡ ᠨᠡᠪᠴᠢᠵᠦ᠍ ᠪᠠᠢᠬᠤ᠎ᠶ᠋ᠢ ᠳᠠᠭᠠᠯᠳᠤᠨ ᠡᠨᠡ ᠬᠦ᠌ ᠲᠣᠭ᠎ᠠ ᠨᠢ ᠪᠠᠰᠠ ᠦᠷᠭᠦᠯᠵᠢᠯᠡᠨ ᠨᠡᠮᠡᠭ᠌ᠳᠠᠵᠤ ᠪᠤᠢ᠃
ᠨᠡᠭᠦᠳᠡᠯ᠎ᠦᠨ ᠱᠢᠪᠠᠭᠤ ᠡᠨᠳᠡ ᠦᠷᠡᠵᠢᠨ ᠲᠥᠯᠵᠢᠵᠦ᠍ ᠪᠠᠢᠭ᠎ᠠ ᠨᠢ ᠡᠵᠡᠨ᠎ᠡ ᠬᠣᠱᠢᠭᠤᠨ᠎ᠤ ᠰᠤᠪᠨᠠᠭᠤᠷ᠎ᠤᠨ ᠠᠮᠢ ᠠᠬᠤᠶ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠭ᠍ᠰᠠᠨᠤ ᠬᠠᠮᠤᠭ᠎ᠤᠨ ᠪᠠᠲᠤᠲᠠᠢ ᠭᠡᠷᠡᠴᠢ ᠪᠦᠭᠡᠳ ᠬᠠᠷ᠎ᠠ ᠭᠤᠤᠯ᠎ᠤᠨ ᠤᠰᠤᠨ᠎ᠤ ᠬᠡᠮᠵᠢᠶ᠎ᠡ ᠵᠢᠨ ᠪᠦᠲᠦᠮᠵᠢᠲᠡᠶ ᠨᠥᠬᠥᠪᠥᠷᠢᠯᠡᠯᠲᠡ ᠡᠴᠡ ᠪᠣᠯᠤᠭ᠍ᠰᠠᠨ ᠶᠤᠮ᠃ ᠣᠢᠯᠠᠭᠠᠭ᠍ᠰᠠᠨ ᠵᠢᠡᠷ᠂ ᠣᠳᠣᠬᠠᠨ᠎ᠳ᠋ᠤ ᠰᠤᠪᠨᠠᠭᠤᠷ ᠤ᠋ᠨ ᠨᠤᠭᠤ ᠭᠠᠵᠠᠷ᠎ᠤᠨ ᠤᠰᠤᠨ ᠣᠷᠣᠨ᠎ᠤ ᠲᠠᠯᠠᠪᠠᠶ 40 ᠭᠠᠷᠤᠶ ᠲᠡᠭ᠌ᠰᠢ ᠳᠥᠷᠪᠡᠯᠵᠢᠨ ᠺᠢᠯᠣᠮᠧᠲ᠋ᠷ ᠲᠤ᠌ ᠲᠣᠭ᠍ᠲᠠᠪᠤᠷᠢᠵᠢᠵᠤ᠂ ᠴᠥᠭᠥᠷᠥᠮ᠎ᠦᠨ ᠪᠠᠭ᠍ᠲᠠᠭᠠᠮᠵᠢ 8000 ᠭᠠᠷᠤᠶ ᠲᠦᠮᠡᠨ ᠪᠣᠰᠣᠭ᠎ᠠ ᠳᠥᠷᠪᠡᠯᠵᠢᠨ ᠮᠧᠲ᠋ᠷ ᠲᠤ᠌ ᠬᠦᠷᠴᠡᠶ᠃ ᠭᠦᠶ᠋ᠴᠡᠳ ᠤᠰᠤᠨ᠎ᠤ ᠰᠤᠷᠪᠤᠯᠵᠢ ᠪᠠ ᠢᠳᠡᠭᠡᠨ ᠨᠢ ᠤᠰᠤᠨ᠎ᠤ ᠴᠠᠷᠠᠭ᠎ᠠ ᠵᠢᠨ ᠱᠢᠷᠭᠢᠬᠦ᠌ ᠥᠬᠡᠶ ᠪᠠᠢᠬᠤ᠎ᠶ᠋ᠢ ᠪᠠᠲᠤᠯᠠᠭ᠍ᠰᠠᠨ ᠵᠢᠡᠷ ᠪᠠᠷᠠᠬᠤ ᠥᠬᠡᠶ ᠪᠠᠰᠠ ᠱᠢᠪᠠᠭᠤᠨ᠎ᠤ ᠲᠥᠷᠥᠯ᠎ᠳᠦ ᠣᠷᠣᠱᠢᠨ ᠠᠮᠢᠳᠤᠷᠠᠬᠤ ᠰᠠᠢᠨ ᠰᠠᠢᠬᠠᠨ ᠣᠷᠴᠢᠨ ᠲᠣᠭᠣᠷᠢᠨ ᠢ᠋ ᠬᠠᠩᠭᠠᠵᠤ᠂ ᠡᠵᠡᠨ᠎ᠡ ᠵᠢᠨ ᠨᠣᠭᠣᠭᠠᠨ ᠪᠦᠷᠢᠳᠦ᠍ ᠵᠢᠨ ᠠᠮᠢ ᠠᠬᠤᠶ ᠵᠢᠨ ᠠᠮᠤᠷ ᠲᠦᠪᠱᠢᠨ᠎ᠦ ᠬᠠᠯᠬᠠᠪᠴᠢ᠎ᠶ᠋ᠢ ᠨᠡᠩ ᠪᠡᠬᠢᠵᠢᠭᠦᠯᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号