ᠮᠠᠨ ᠤ᠋ ᠤᠷᠤᠨ ᠤ᠋ ᠵᠡᠷᠯᠢᠭ ᠲᠠᠬᠢ ᠪᠠ ᠤᠷᠲᠤ ᠰᠡᠭᠦᠯᠲᠤ ᠪᠤᠭᠤ ᠵᠢᠨ ᠳᠦᠷᠰᠤ ᠵᠢᠨ ᠰᠦᠷᠦᠭ ᠤ᠋ᠨ ᠲᠤᠭ᠎ᠠ ᠲᠤᠰ ᠲᠤᠰ 21 ᠪᠠ 74 ᠪᠤᠯᠪᠠ
2026-06-29 16:12:42
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠠ ᠡᠴᠡ ᠤᠢᠯᠠᠭᠠᠭᠰᠠᠨ ᠵᠢᠡᠷ᠂ ᠳᠠᠯᠠᠨ ᠬᠠᠷ᠎ᠠ ᠠᠭᠤᠯᠠ ᠵᠢᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠤᠷᠤᠨ ᠳ᠋ᠡᠬᠢ ᠵᠡᠷᠯᠢᠭ ᠲᠠᠬᠢ ᠪᠠ ᠤᠷᠲᠤ ᠰᠡᠭᠦᠯᠲᠤ ᠪᠤᠭᠤ ᠶ᠋ᠢ ᠡᠬᠡ ᠪᠠᠢᠭᠠᠯᠢ ᠳ᠋ᠤᠨᠢ ᠪᠤᠴᠠᠭᠠᠭᠰᠠᠨ ᠤ᠋ ᠳᠠᠷᠠᠭ᠎ᠠ ᠳᠦᠷᠰᠤ ᠵᠢᠨ ᠰᠦᠷᠦᠭ ᠤ᠋ᠨ ᠲᠤᠭ᠎ᠠ ᠲᠠᠰᠤᠷᠠᠯᠲᠠ ᠦᠭᠡᠢ ᠨᠡᠮᠡᠭᠳᠡᠪᠡ᠃ ᠵᠡᠷᠯᠢᠭ ᠲᠠᠬᠢ 21 ᠪᠤᠯᠵᠤ᠂ ᠤᠷᠲᠤ ᠰᠡᠭᠦᠯᠲᠤ ᠪᠤᠭᠤ 74 ᠪᠤᠯᠵᠤ᠂ 2021 ᠤᠨ ᠳ᠋ᠤ ᠡᠬᠡ ᠪᠠᠢᠭᠠᠯᠢ ᠳ᠋ᠤ  ᠪᠤᠴᠠᠭᠠᠭᠰᠠᠨ ᠠᠩᠬᠠᠨ ᠤ᠋  ᠲᠤᠭ᠎ᠠ ᠲᠠᠢ  ᠬᠠᠷᠢᠴᠠᠭᠤᠯᠪᠠᠯ 75% ᠪᠠ 174% ᠪᠡᠷ  ᠨᠡᠮᠡᠭᠳᠡᠪᠡ᠃

ᠵᠡᠷᠯᠢᠭ ᠲᠠᠬᠢ ᠪᠤᠯ ᠤᠯᠤᠰ ᠤ᠋ᠨ ᠨᠢᠭᠡᠳᠦᠭᠡᠷ ᠳᠡᠰ ᠤ᠋ᠨ ᠭᠤᠤᠯᠳᠠᠯᠭ᠎ᠠ ᠲᠠᠢ ᠬᠠᠮᠠᠭᠠᠯᠠᠯᠲᠠ ᠵᠢᠨ ᠠᠮᠢᠲᠠᠨ ᠪᠠᠢᠵᠤ᠂ 《ᠳᠡᠯᠡᠬᠡᠢ ᠵᠢᠨ ᠪᠠᠢᠭᠠᠯᠢ ᠵᠢᠨ ᠬᠠᠮᠠᠭᠠᠯᠠᠯᠲᠠ ᠵᠢᠨ ᠬᠤᠯᠪᠤᠭ᠎ᠠ ᠵᠢᠨ ᠮᠦᠬᠦᠬᠦ ᠰᠢᠬᠠᠭᠰᠠᠨ ᠳᠦᠷᠰᠤ ᠵᠢᠨ ᠤᠯᠠᠭᠠᠨ ᠨᠡᠷᠡᠰ ᠤ᠋ᠨ ᠵᠢᠭᠰᠠᠭᠠᠯᠲᠠ》 ᠳ᠋ᠤ ᠮᠦᠬᠦᠬᠦ ᠰᠢᠬᠠᠭᠰᠠᠨ ᠳᠡᠰ᠎ᠲᠦ ᠵᠢᠭᠰᠠᠭᠠᠭᠳᠠᠪᠠ᠃ 2021 ᠤᠨ ᠤ᠋ 9 ᠡᠴᠡ 10 ᠰᠠᠷ᠎ᠠ ᠳ᠋ᠤ᠂ ᠤᠯᠤᠰ ᠤ᠋ᠨ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠳᠤᠮᠳᠠᠳᠤ ᠤᠯᠤᠰ ᠤ᠋ᠨ ᠬᠡᠭᠡᠷ᠎ᠡ ᠵᠢᠨ ᠠᠮᠢᠲᠠᠨ ᠤ᠋ ᠬᠠᠮᠠᠭᠠᠯᠠᠯᠲᠠ ᠵᠢᠨ ᠵᠦᠪᠯᠡᠯ ᠲᠠᠢ ᠬᠠᠮᠲᠤᠷᠠᠵᠤ᠂ ᠰᠢᠨᠵᠢᠶᠠᠩ ᠤ᠋ᠨ ᠵᠡᠷᠯᠢᠭ ᠲᠠᠬᠢ ᠦᠰᠭᠡᠨ ᠦᠷᠡᠵᠢᠬᠦᠯᠬᠦ ᠰᠤᠳᠤᠯᠭᠠᠨ ᠤ᠋ ᠲᠦᠪ ᠤ᠋ᠨ 12 ᠵᠡᠷᠯᠢᠭ ᠲᠠᠬᠢ ᠶ᠋ᠢ ᠬᠤᠶᠠᠷ ᠤᠳᠠᠭ᠎ᠠ ᠬᠤᠪᠢᠶᠠᠵᠤ ᠳᠠᠯᠠᠨ ᠬᠠᠷ᠎ᠠ ᠠᠭᠤᠯᠠ ᠵᠢᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠤᠷᠤᠨ ᠳ᠋ᠤ  ᠡᠬᠡ  ᠪᠠᠢᠭᠠᠯᠢ ᠳ᠋ᠤᠨᠢ ᠪᠤᠴᠠᠭᠠᠪᠠ᠃ ᠤᠳᠤ ᠪᠤᠯᠬᠤ ᠳ᠋ᠤ ᠡᠳᠡᠭᠡᠷ  ᠵᠡᠷᠯᠢᠭ ᠲᠠᠬᠢ ᠨᠢᠭᠡᠨᠲᠡ ᠳᠠᠯᠠᠨ ᠬᠠᠷ᠎ᠠ ᠠᠭᠤᠯᠠ ᠵᠢᠨ ᠪᠠᠢᠭᠠᠯᠢ ᠵᠢᠨ ᠤᠷᠴᠢᠨ ᠲᠤᠭᠤᠷᠢᠨ ᠳ᠋ᠤ  ᠪᠦᠷᠢᠮᠦᠰᠦᠨ ᠵᠤᠬᠢᠴᠠᠭᠰᠠᠨ ᠪᠠᠢᠨ᠎ᠠ᠃

ᠤᠷᠲᠤ ᠰᠡᠭᠦᠯᠲᠤ ᠪᠤᠭᠤ ᠮᠦᠨ ᠴᠤ᠌  ᠤᠯᠤᠰ ᠤ᠋ᠨ ᠨᠢᠭᠡᠳᠦᠭᠡᠷ  ᠳᠡᠰ ᠤ᠋ᠨ ᠭᠤᠤᠯᠳᠠᠯᠭ᠎ᠠ ᠲᠠᠢ ᠬᠠᠮᠠᠭᠠᠯᠠᠯᠲᠠ ᠵᠢᠨ ᠠᠮᠢᠲᠠᠨ ᠪᠠᠢᠵᠤ᠂ 2021 ᠤᠨ ᠤ᠋ 9 ᠰᠠᠷ᠎ᠠ ᠳ᠋ᠤ ᠪᠡᠭᠡᠵᠢᠩ ᠪᠠ ᠵᠢᠶᠠᠩᠰᠤ ᠮᠤᠵᠢ ᠡᠴᠡ ᠠᠪᠴᠢᠷᠠᠭᠰᠠᠨ 27 ᠤᠷᠲᠤ  ᠰᠡᠭᠦᠯᠲᠤ  ᠪᠤᠭᠤ ᠶ᠋ᠢ ᠳᠠᠯᠠᠨ ᠬᠠᠷ᠎ᠠ ᠠᠭᠤᠯᠠ ᠵᠢᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠤᠷᠤᠨ ᠳ᠋ᠤ ᠡᠬᠡ ᠪᠠᠢᠭᠠᠯᠢ ᠳ᠋ᠤᠨᠢ ᠪᠤᠴᠠᠭᠠᠪᠠ᠃ ᠡᠨᠡ ᠨᠢ ᠤᠷᠲᠤ ᠰᠡᠭᠦᠯᠲᠤ  ᠪᠤᠭᠤ ᠵᠢᠨ ᠨᠡᠭᠦᠳᠡᠯ ᠤ᠋ᠨ ᠬᠠᠮᠠᠭᠠᠯᠠᠯᠲᠠ ᠵᠢᠨ ᠰᠦᠯᠵᠢᠶᠡᠨ ᠳ᠋ᠡᠬᠢ ᠭᠠᠵᠠᠷ ᠵᠦᠢ ᠵᠢᠨ ᠪᠠᠢᠷᠢᠰᠢᠯ ᠵᠢᠡᠷ ᠬᠠᠮᠤᠭ ᠤ᠋ᠨ ᠤᠮᠠᠷ᠎ᠠ᠂ ᠠᠭᠠᠷ ᠤ᠋ᠨ ᠳᠤᠯᠠᠭᠠᠨ ᠬᠠᠮᠤᠭ ᠤ᠋ᠨ ᠳᠤᠤᠷ᠎ᠠ᠂ ᠳᠠᠯᠠᠢ ᠵᠢᠨ ᠲᠦᠪᠰᠢᠨ ᠵᠢᠡᠷ ᠬᠠᠮᠤᠭ ᠤ᠋ᠨ ᠦᠨᠳᠦᠷ ᠭᠠᠵᠠᠷ ᠲᠤ᠌ ᠠᠪᠴᠢᠷᠠᠭᠰᠠᠨ ᠶᠠᠪᠤᠳᠠᠯ ᠪᠤᠯᠤᠨ᠎ᠠ᠃ 2026 ᠤᠨ᠎ᠦ 5 ᠰᠠᠷ᠎ᠠ ᠪᠤᠯᠲᠠᠯ᠎ᠠ᠂ ᠤᠷᠲᠤ ᠰᠡᠭᠦᠯᠲᠤ ᠪᠤᠭᠤ ᠵᠢᠨ ᠲᠦᠷᠰᠤ ᠵᠢᠨ ᠰᠦᠷᠦᠭ 5 ᠵᠢᠯ ᠳᠠᠷᠠᠭᠠᠯᠠᠨ ᠪᠠᠢᠭᠠᠯᠢᠯᠢᠭ ᠵᠢᠡᠷ ᠦᠷᠡᠵᠢᠵᠦ᠂ ᠠᠵᠢᠯᠯᠠᠭᠠᠨ ᠤ᠋ ᠬᠦᠷᠢᠶ᠎ᠡ ᠬᠡᠪᠴᠢᠶ᠎ᠡ ᠴᠤ᠌ ᠲᠠᠰᠤᠷᠠᠯᠲᠠ ᠦᠭᠡᠢ ᠦᠷᠭᠡᠵᠢᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号