ᠲᠦᠷᠦᠭᠦᠭᠡᠨ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠤᠭ᠎ᠠ ᠡᠴᠡ ᠭᠤᠤᠯᠯᠠᠨ ᠡᠷᠭᠢᠯᠡᠭ᠌ᠰᠡᠨ ᠪᠥᠬᠥ᠌ ᠣᠷᠣᠨ᠎ᠤ ᠳᠡᠭᠡᠳᠦ ᠲᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠮᠡᠭ᠌ᠲᠡᠶ ᠴᠢᠳᠠᠪᠤᠷᠢᠲᠠᠨ᠎ᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠳᠤ ᠶᠠᠪᠤᠭ᠍ᠳᠠᠪᠠ᠃ ᠪᠥᠬᠥ᠌ ᠣᠷᠣᠨ᠎ᠤ ᠡᠯ᠎ᠡ ᠠᠢᠮᠠᠭ ᠬᠣᠲᠠ᠂ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠢᠴᠢ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠶ᠋ᠢᠨ ᠳᠡᠭᠡᠳᠦ ᠲᠠᠰ᠎ᠤᠨ 50 ᠡᠮᠡᠭ᠌ᠲᠡᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠨᠢᠭᠡ ᠲᠠᠩᠬᠢᠮ᠎ᠳᠤ ᠴᠤᠭ᠍ᠯᠠᠷᠠᠵᠤ᠂ ᠬᠣᠱᠢᠭᠤᠷᠠᠯ ᠣᠨᠣᠯ᠎ᠢ ᠬᠠᠮᠲᠤ᠎ᠪᠠᠷ ᠰᠤᠷᠤᠯᠴᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠬᠠᠮᠲᠤ᠎ᠪᠠᠷ ᠵᠥᠪᠳᠡᠯᠴᠡᠵᠦ᠍᠂ ᠡᠮᠡᠭ᠌ᠲᠡᠢᠴᠦᠳ᠎ᠦᠨ ᠡᠭᠦᠷᠭᠡᠯᠡᠯ᠎ᠢ ᠬᠠᠮᠲᠤ᠎ᠪᠠᠷ ᠶᠠᠷᠢᠯᠴᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠶᠡᠬᠡ ᠲᠠᠯ᠎ᠠ᠎ᠳᠤ ᠦᠶ᠋ᠯᠡᠴᠢᠯᠡᠬᠦ᠌ᠳ᠋ᠤ ᠡᠮᠡᠭ᠌ᠲᠡᠢᠴᠦᠳ᠎ᠦᠨ ᠣᠶᠤᠨ ᠤᠬᠠᠭᠠᠨ ᠪᠣᠯᠤᠨ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠪᠠ᠃
ᠰᠤᠳᠤᠯᠤᠨ ᠶᠠᠷᠢᠯᠴᠠᠬᠤ ᠬᠤᠷᠠᠯ᠎ᠨᠢ 《ᠲᠤᠰᠭᠠᠶ ᠰᠡᠳᠦᠪ᠎ᠢᠶᠡᠷ ᠬᠢᠴᠢᠶᠡᠯ ᠤᠷᠤᠬᠤ + ᠰᠣᠯᠢᠯᠴᠠᠨ ᠰᠤᠳᠤᠯᠤᠨ ᠶᠠᠷᠢᠯᠴᠠᠬᠤ + ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ + ᠲᠤᠷᠱᠢᠯᠭ᠎ᠠ᠎ᠪᠠᠨ ᠬᠤᠪᠢᠶᠠᠯᠴᠠᠬᠤ》 ᠣᠯᠠᠨ ᠡᠱᠢᠲᠦ ᠵᠢᠭᠠᠨ ᠰᠤᠷᠭᠠᠯᠲᠠ᠎ᠶ᠋ᠢᠨ ᠵᠠᠭ᠍ᠪᠤᠷ ᠢ ᠠᠪᠴᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠬᠦᠴᠦ᠍᠎ᠪᠡᠨ ᠲᠥᠪᠯᠡᠷᠡᠭᠦᠯᠦᠨ ᠦᠰᠦᠨ ᠪᠣᠢᠵᠢᠬᠤ ᠱᠢᠯᠢᠳᠡᠭ ᠲᠠᠪᠴᠠᠩ᠎ᠢ ᠪᠠᠢᠭᠤᠯᠤᠨ ᠦᠭᠪᠠ᠃ ᠬᠤᠷᠠᠯ ᠳ᠋ᠦ ᠤᠷᠤᠯᠴᠠᠬᠰᠠᠳ ᠥᠪᠥᠷ ᠮᠣᠩᠭᠣᠯ᠎ᠤᠨ ᠺᠸ ᠲᠦᠸᠸ ᠠᠮᠢᠳᠤ ᠪᠣᠳᠠᠰ᠎ᠤᠨ ᠬᠢᠵᠠᠭᠠᠷᠲᠤ ᠺᠣᠮᠫᠠᠨᠢ᠎ᠳᠤ ᠬᠦᠷᠴᠦ᠍ ᠲᠤᠬᠠᠢ᠎ᠶ᠋ᠢᠨ ᠲᠠᠯᠠᠪᠠᠢ᠎ᠶ᠋ᠢᠨ ᠵᠢᠭᠠᠨ ᠰᠤᠷᠭᠠᠯᠲᠠ ᠥᠷᠨᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠪᠡᠶᠡᠴᠢᠯᠡᠨ ᠣᠢᠯᠠᠭᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠷᠠᠭᠠᠰᠤ ᠪᠣᠯᠤᠨ ᠬᠥᠭ᠌ᠵᠢᠯᠲᠡ᠎ᠶ᠋ᠢᠨ ᠰᠡᠳᠭᠢᠴᠡ᠎ᠪᠡᠨ ᠥᠷᠭᠡᠳᠭᠡᠪᠡ᠃
ᠬᠤᠷᠠᠯ ᠳ᠋ᠦ ᠤᠷᠤᠯᠴᠠᠬᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠡᠮᠡᠭ᠌ᠲᠡᠶ ᠠᠵᠢᠯᠳᠠᠳ ᠲᠣᠰ ᠤᠳᠠᠭᠠᠨ᠎ᠤ ᠬᠤᠷᠠᠯ᠎ᠤᠨ ᠭᠤᠤᠯ ᠰᠡᠳᠦᠪ ᠢᠯᠡ ᠲᠣᠳᠣ᠂ ᠠᠭᠤᠯᠭ᠎ᠠ ᠪᠦᠷᠢᠨ ᠲᠡᠭᠦᠯᠳᠡᠷ᠂ ᠪᠣᠳᠠᠲᠠᠶ᠎ᠶ᠋ᠢ ᠡᠷᠬᠢᠮᠯᠡᠨ ᠥᠨᠳᠥᠷ ᠪᠦᠲᠦᠮᠵᠢᠲᠡᠶ ᠪᠠᠢᠵᠤ᠂ ᠣᠨᠣᠯ᠎ᠤᠨ ᠰᠠᠭᠤᠷᠢ᠎ᠵᠢ ᠪᠠᠲᠤᠳᠬᠠᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠣᠢᠯᠠᠭᠠᠭ᠍ᠳᠠᠬᠤᠨ᠎ᠢ ᠱᠢᠨᠡᠳᠭᠡᠵᠦ᠍᠂ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢᠯᠠᠵᠤ᠂ ᠭᠠᠨᠵᠤᠭ᠎ᠠ ᠳᠦᠭᠦᠷᠡᠩ ᠣᠯᠤᠯᠲᠠ᠎ᠲᠠᠶ ᠪᠣᠯᠵᠣ᠂ ᠮᠠᠰᠢ ᠶᠡᠬᠡ ᠵᠣᠷᠢᠭ᠍ᠵᠢᠭᠤᠯᠤᠯ ᠣᠯᠤᠭ᠍ᠰᠠᠨ ᠪᠠᠢᠨ᠎ᠠ ᠬᠡᠵᠦ ᠢᠯᠡᠳᠭᠡᠵᠡᠭᠡᠪᠡ᠃
ᠲᠣᠰ ᠤᠳᠠᠭᠠᠨ᠎ᠤ ᠰᠤᠳᠤᠯᠤᠨ ᠶᠠᠷᠢᠯᠴᠠᠬᠤ ᠬᠤᠷᠠᠯ ᠪᠣᠯ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠮᠡᠭ᠌ᠲᠡᠶ ᠴᠢᠳᠠᠪᠤᠷᠢᠲᠠᠨ᠎ᠳᠤ ᠦᠶ᠋ᠯᠡᠴᠢᠯᠡᠬᠦ᠌ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠸ᠋ ᠵᠠᠰᠠᠭᠤ᠋ᠨ᠌ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠤᠯᠭᠠᠬᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠬᠦ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠠᠬᠢᠭᠤᠯᠬᠤ᠂ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠦᠨ ᠪᠣᠳᠠᠲᠠᠶ ᠦᠶ᠋ᠯᠡᠳᠦᠯᠭᠡ᠎ᠳᠦ ᠬᠦᠴᠦᠨ ᠨᠡᠮᠡᠷᠢᠯᠡᠬᠰᠡᠨ ᠶᠠᠪᠤᠳᠠᠯ ᠪᠣᠯᠤᠨ᠎ᠠ᠃
ᠤᠢᠯᠠᠭᠠᠬᠰᠠᠨ ᠵᠢᠡᠷ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠬᠥᠭᠥᠷᠭᠡ ᠬᠣᠯᠪᠣᠭᠠᠰᠤ᠎ᠶ᠋ᠢᠨ ᠦᠶ᠋ᠯᠡᠳᠦᠯ᠎ᠢᠶᠡᠨ ᠦᠷᠭᠦᠯᠵᠢᠯᠡᠨ ᠪᠠᠳᠠᠷᠠᠭᠤᠯᠵᠤ᠂ ᠪᠥᠬᠥ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠲᠠᠶ ᠨᠢᠭ᠍ᠲᠠ ᠤᠶᠠᠯᠳᠤᠭᠤᠯᠤᠨ᠂ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠪᠡᠨ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠣᠯᠠᠨ ᠡᠱᠢᠲᠦ ᠦᠰᠦᠨ ᠪᠣᠢᠵᠢᠯᠲᠠ᠎ᠶ᠋ᠢᠨ ᠲᠠᠪᠴᠠᠩ᠎ᠢ ᠪᠠᠢᠭᠤᠯᠤᠨ᠂ ᠡᠮᠡᠭ᠌ᠲᠡᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌᠂ ᠦᠶ᠋ᠯᠡᠰ ᠪᠤᠰᠭᠠᠬᠤ᠎ᠳᠤ ᠬᠦᠴᠦ᠍ᠨ ᠨᠡᠮᠡᠷᠢᠯᠡᠵᠦ᠍᠂ ᠨᠠᠩ ᠣᠯᠠᠨ ᠡᠮᠡᠭ᠌ᠲᠡᠢᠴᠦᠳ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳ᠋ᠤ ᠣᠷᠣᠯᠴᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ ᠵᠢᠴᠢ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠡᠮᠡᠭ᠌ᠲᠡᠢᠴᠤᠳ᠎ᠤᠨ ᠣᠶᠤᠨ ᠤᠬᠠᠭᠠᠨ ᠪᠠ ᠬᠦᠴᠦᠨ ᠴᠢᠳᠠᠯ᠎ᠢᠶᠡᠨ ᠡᠷᠬᠦᠬᠦ ᠵᠢ ᠬᠦᠳᠦᠯᠦᠨ ᠵᠢᠯᠤᠭᠤᠳᠬᠤ ᠪᠠ ᠲᠠᠢᠴᠢᠯᠠᠨ᠎ᠠ᠃