ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ 《ᠪᠤᠭᠤᠷᠤᠯᠴᠤᠳ᠎ᠤᠨ ᠬᠣᠰᠢᠭᠤᠴᠢ》 ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲᠧᠮᠳ᠋ᠤ ᠲᠦᠰᠢᠭᠯᠡᠵᠦ᠂ ᠤᠳᠤᠬᠠᠨ ᠪᠤᠯᠲᠠᠯ᠎ᠠ ᠪᠥᠬᠥ ᠬᠣᠲᠠ᠎ᠶᠢᠨ 2149 ᠨᠡᠷᠡᠰ ᠠᠬᠠᠮᠠᠳ ᠰᠠᠢᠨ ᠳᠤᠷᠠᠴᠤᠳ᠎ᠤᠨ ᠬᠠᠮᠢᠶ᠎ᠠ ᠪᠦᠬᠦᠢ ᠮᠠᠲᠧᠷᠢᠶᠠᠯ᠎ᠢ ᠰᠢᠰᠲᠧᠮ᠎ᠳᠦ ᠣᠷᠣᠭᠤᠯᠵᠤ᠂ ᠡᠯ᠎ᠡ ᠲᠥᠷᠥᠯ᠎ᠦᠨ ᠠᠵᠢᠯᠯᠠᠭ᠎ᠠ᠎ᠶᠢ 370 ᠭᠠᠷᠤᠢ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠂ ᠣᠯᠠᠨ ᠲᠦᠮᠡᠨ᠎ᠳᠦ ᠨᠡᠶ᠋ᠢᠲᠡ 5 ᠲᠦᠮᠡᠨ ᠬᠥᠮᠥᠨ ᠤᠳᠠᠭ᠎ᠠ ᠦᠢᠯᠡᠴᠢᠯᠡᠪᠡ᠃
ᠤᠢᠯᠠᠭᠠᠬᠰᠠᠨ ᠵᠢᠡᠷ᠂ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ ᠡᠴᠡ ᠡᠬᠦᠳᠦᠨ ᠪᠠᠢᠭᠤᠯᠤᠬᠰᠠᠨ 《ᠪᠤᠭᠤᠷᠤᠯᠴᠤᠳ᠎ᠤᠨ ᠬᠣᠰᠢᠭᠤᠴᠢ》 ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲᠧᠮ ᠨᠢ 2025 ᠣᠨ᠎ᠤ 4 ᠰᠠᠷ᠎ᠠ᠎ᠳᠤ ᠪᠥᠬᠥ ᠲᠠᠯ᠎ᠠ᠎ᠪᠠᠷ ᠠᠰᠢᠭ᠍ᠯᠠᠯᠲᠠ᠎ᠳᠤ ᠤᠷᠤᠵᠦ᠂ ᠰᠢᠨ᠎ᠡ ᠴᠠᠭ ᠦᠶ᠎ᠡ᠎ᠶᠢᠨ ᠠᠬᠠᠮᠠᠳ ᠺᠠᠳ᠋ᠷᠴᠤᠳ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢᠨ ᠬᠠᠷᠠᠯᠲᠠ᠎ᠶᠢᠨ ᠲᠣᠭᠣᠷᠢᠨ᠎ᠳᠤ᠂ ᠪᠥᠬᠥ ᠬᠣᠲᠠ᠎ᠶᠢᠨ ᠡᠯ᠎ᠡ ᠲᠥᠷᠥᠯ᠎ᠦᠨ ᠪᠤᠭᠤᠷᠤᠯᠴᠤᠳ᠎ᠤᠨ ᠴᠢᠳᠠᠪᠤᠷᠢᠲᠠᠨ᠎ᠤ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠯᠡᠨ ᠡᠮᠬᠢᠯᠡᠨ ᠨᠡᠢᠯᠡᠭᠦᠯᠵᠦ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠣᠬᠢᠷᠠᠭᠤᠯᠤᠯᠲᠠ᠎ᠶᠢ ᠰᠢᠯᠢᠳᠡᠭᠵᠢᠭᠦᠯᠦᠨ᠂ ᠠᠬᠠᠮᠠᠳ ᠺᠠᠳ᠋ᠷᠴᠤᠳ᠎ᠤᠨ ᠦᠢᠯᠡᠳᠦᠯ᠎ᠢᠶᠡᠨ ᠪᠠᠳᠠᠷᠠᠭᠤᠯᠬᠤ᠎ᠳᠤ ᠲᠠᠪᠴᠠᠩ ᠪᠠᠢᠭᠤᠯᠵᠤ ᠥᠭᠬᠦ᠎ᠪᠡᠷ ᠵᠣᠷᠢᠯᠭ᠎ᠠ᠎ᠪᠠᠨ ᠪᠣᠯᠭᠠᠵᠠᠢ᠃ ᠲᠣᠰ ᠰᠢᠰᠲᠧᠮ ᠨᠢ ᠬᠣᠲᠠ᠂ ᠬᠣᠰᠢᠭᠤ ᠰᠢᠶᠠᠨ ᠲᠣᠭᠣᠷᠢᠭ᠋᠎ᠤᠨ ᠬᠣᠯᠪᠤᠭᠠᠯᠠᠨ ᠬᠥᠳᠡᠯᠦᠯᠴᠡᠬᠦ ᠲᠣᠭᠠᠴᠢᠯᠠᠭᠰᠠᠨ ᠠᠵᠢᠯ᠎ᠤᠨ ᠰᠢᠰᠲᠧᠮ᠎ᠢ ᠪᠠᠢᠭᠤᠯᠵᠤ᠂ ᠬᠣᠶᠠᠷ ᠱᠠᠲᠤᠨ᠎ᠤ ᠲᠣᠭ᠎ᠠ ᠪᠠᠷᠢᠮᠲᠠ᠎ᠶᠢ ᠬᠠᠷᠢᠯᠴᠠᠨ ᠨᠠᠪᠲᠠᠷᠡᠭᠦᠯᠵᠦ᠂ ᠪᠥᠬᠥ ᠣᠷᠣᠨ ᠪᠦᠰᠡ᠎ᠶᠢᠨ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠎ᠶᠢ ᠪᠡᠶᠡᠯᠡᠭᠦᠯᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号