ᠠᠷᠭᠠᠯ ᠲᠡᠭᠦᠬᠦ ᠦᠢᠯᠡᠳᠦᠯᠭᠡ᠎ᠶᠢᠨ ᠬᠢᠴᠢᠶᠡᠯ ᠡᠴᠡ ᠬᠦᠳᠡᠯᠮᠦᠷᠢ ᠵᠢᠨ ᠬᠦᠮᠦᠵᠢᠯ᠎ᠢ ᠤᠴᠢᠷᠯᠠᠬᠤᠢ
2026-06-29 16:22:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠭᠠᠷ ᠤᠳᠠᠰᠤ ᠱᠠᠭᠠᠢᠵᠤ ᠰᠠᠭᠤᠬᠤ ᠵᠠᠭᠤᠷ᠎ᠠ᠂ ᠵᠡᠭᠦᠨ ᠦᠵᠦᠮᠦᠴᠢᠨ ᠬᠣᠰᠢᠭᠤᠨ᠎ᠤ ᠨᠢᠭᠡᠨ ᠪᠠᠭ᠎ᠠ ᠰᠤᠷᠭᠠᠭᠤᠯᠢ ᠰᠤᠷᠤᠬᠴᠢᠳ ᠵᠢᠡᠨ ᠵᠤᠬᠢᠶᠠᠨ ᠪᠠᠢᠭᠤᠯᠵᠤ ᠠᠷᠭᠠᠯ ᠲᠡᠬᠦᠬᠦ ᠬᠦᠳᠡᠯᠬᠡᠬᠡᠨ ᠶᠠᠪᠤᠬᠳᠠᠭᠤᠯᠤᠬᠰᠠᠨ᠎ᠢ ᠤᠯᠵᠤ ᠬᠠᠷᠠᠯ᠎ᠠ᠃ ᠡᠨᠡ ᠬᠦ᠌ ᠬᠡᠬᠡᠷ᠎ᠡ ᠲᠠᠯ᠎ᠠ ᠵᠢᠨ ᠨᠠᠷᠠ ᠰᠠᠯᠬᠢᠨ ᠤ᠋ ᠦᠨᠦᠷ ᠲᠠᠢ᠂ ᠬᠦᠳᠡᠬᠡ ᠨᠤᠳᠤᠬ ᠤ᠋ᠨ ᠡᠬᠡᠯ ᠪᠤᠷᠤᠬᠵᠢᠭᠤᠨ ᠠᠷᠠᠨᠰᠢᠨ᠎ᠢ ᠢᠯᠡᠷᠡᠬᠦᠯᠦᠭᠰᠡᠨ ᠦᠢᠯᠡᠳᠦᠯᠬᠡ ᠨᠢ ᠤᠯᠠᠮᠵᠢᠯᠠᠯᠳᠤ ᠬᠢᠴᠢᠶᠡᠯ ᠤ᠋ᠨ ᠲᠠᠩᠬᠢᠮ ᠤ᠋ᠨ ᠬᠢᠵᠠᠭᠠᠷᠯᠠᠯ᠎ᠢ ᠡᠪᠳᠡᠨ᠂ ᠬᠦᠳᠡᠯᠮᠦᠷᠢ ᠵᠢᠨ ᠬᠦᠮᠦᠵᠢᠯ᠎ᠢ ᠨᠤᠮ ᠪᠢᠴᠢᠭ ᠡᠴᠨ ᠯᠡ ᠰᠤᠷᠬᠤ ᠵᠢ ᠲᠡᠪᠴᠢᠨ᠂ ᠬᠦᠳᠡᠬᠡ ᠨᠤᠳᠤᠬ ᠲᠦ᠍ ᠤᠴᠢᠭᠤᠯᠤᠨ᠂ ᠬᠡᠪ  ᠴᠢᠨᠠᠷ ᠤ᠋ᠨ ᠰᠤᠷᠭᠠᠨ ᠬᠦᠮᠦᠵᠢᠯ ᠎ᠢ ᠮᠠᠯᠵᠢᠬᠤ ᠠᠮᠢᠳᠤᠷᠠᠯ ᠳᠠᠢ ᠤᠶᠠᠯᠳᠤᠭᠤᠯᠤᠭᠰᠠᠨ ᠵᠢᠡᠷ ᠠᠮᠢᠳᠤᠯᠢᠬ ᠰᠠᠢᠬᠠᠨ ᠪᠦᠬᠡᠳ ᠰᠢᠨ᠎ᠡ ᠰᠡᠪᠡᠭᠦᠨ ᠪᠤᠯᠭᠠᠬᠰᠠᠨ ᠵᠢᠡᠷ ᠦᠨᠡᠬᠡᠷ ᠮᠠᠬᠳᠠᠭᠤᠰᠢᠳᠠᠢ ᠪᠦᠬᠡᠳ ᠳᠡᠯᠭᠡᠷᠡᠭᠦᠯᠦᠭᠦᠰᠢᠲᠡᠢ ᠶᠤᠮ᠃

 ᠬᠥᠳᠡᠯᠮᠦᠷᠢ᠎ᠶᠢᠨ ᠬᠥᠮᠦᠵᠢᠯ ᠪᠣᠯ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ ᠵᠢᠨ ᠴᠢᠬᠤᠯᠠ ᠠᠷᠭ᠎ᠠ ᠶᠤᠮ᠂ ᠬᠠᠮᠤᠭ᠎ᠤᠨ ᠰᠠᠢᠨ ᠰᠤᠷᠭᠠᠨ ᠬᠥᠮᠦᠵᠢᠯ ᠨᠢ ᠬᠡᠵᠢᠶᠡᠳᠡ ᠠᠮᠢᠳᠤᠷᠠᠯ᠎ᠡᠴᠨ ᠢᠷᠡᠯᠲᠡ᠎ᠲᠠᠢ ᠪᠠᠢᠳᠠᠭ᠃ ᠮᠠᠯᠵᠢᠬᠤ ᠣᠷᠣᠨ ᠳ᠋ᠸ᠋ ᠦᠰᠦᠨ ᠪᠣᠢᠵᠢᠭ᠍ᠰᠠᠨ ᠬᠡᠦᠬᠡᠳ᠎ᠲᠦ ᠠᠪᠴᠤ ᠬᠡᠯᠡᠪᠡᠯ᠂ ᠠᠷᠭᠠᠯ ᠲᠡᠭᠦᠬᠦ ᠨᠢ ᠭᠠᠬᠴᠠᠬᠦ  ᠪᠡᠶ᠎ᠡ᠎ᠶᠢᠨ ᠬᠥᠳᠡᠯᠮᠦᠷᠢ ᠲᠡᠳᠦᠢ ᠪᠢᠰᠢ᠂ ᠬᠠᠷᠢᠨ ᠲᠠᠯ᠎ᠠ ᠵᠢᠨ  ᠮᠠᠯᠴᠢᠳ᠎ᠤᠨ ᠦᠶ᠎ᠡ᠎ᠶᠢᠨ ᠦᠶ᠎ᠡ ᠳ᠋ᠡᠬᠡᠨ ᠤᠯᠠᠮᠵᠢᠯᠠᠨ ᠵᠠᠯᠭᠠᠮᠵᠢᠯᠠᠵᠤ ᠬᠢᠭᠰᠡᠭᠡᠷ ᠢᠷᠡᠭᠰᠡᠨ ᠠᠵᠢᠯ ᠬᠦᠳᠡᠯᠮᠦᠷᠢ ᠪᠤᠯᠬᠤ ᠪᠦᠬᠡᠳ ᠮᠠᠯᠵᠢᠬᠤ ᠣᠷᠣᠨ᠎ᠤ ᠦᠢᠯᠡᠳᠪᠦᠷᠢᠯᠡᠯ ᠠᠮᠢᠳᠤᠷᠠᠯ᠎ᠤᠨ ᠬᠠᠮᠤᠭ ᠎ᠤᠨ ᠦᠨᠡᠨ ᠪᠤᠳᠠᠳᠠᠢ ᠬᠤᠷᠢᠶᠠᠩᠭᠤᠢ ᠳᠦᠷᠰᠦ ᠪᠣᠯᠣᠨ᠎ᠠ᠃ ᠠᠷᠭᠠᠯ᠎ᠢ ᠲᠦᠯᠡᠵᠦ ᠪᠤᠯᠬᠤ ᠪᠦᠬᠡᠳ ᠪᠤᠷᠳᠤᠭᠤᠷ ᠪᠤᠯᠭᠠᠵᠤ ᠪᠤᠯᠳᠠᠬ᠃ ᠠᠷᠭᠠᠯ ᠨᠢ ᠮᠠᠯᠵᠢᠬᠤ ᠤᠷᠤᠨ ᠳ᠋ᠸ᠋ ᠯᠡ ᠪᠠᠢᠳᠠᠬ ᠠᠮᠢᠳᠤᠷᠠᠯ ᠤ᠋ᠨ ᠡᠳ᠋ ᠪᠠᠶᠠᠯᠢᠬ ᠮᠦᠨ ᠪᠦᠬᠡᠳ ᠮᠠᠯᠵᠢᠬᠤ ᠤᠷᠤᠨ ᠤ᠋ ᠦᠪᠡᠷᠮᠢᠴᠡ ᠤᠨᠴᠠᠭᠠᠢ ᠠᠮᠢᠳᠤᠷᠠᠯ ᠤ᠋ᠨ ᠣᠶᠤᠨ ᠤᠬᠠᠭᠠᠨ ᠪᠠ ᠵᠠᠩ ᠦᠶ᠋ᠯᠡ ᠵᠢᠨ ᠰᠣᠶᠣᠯ᠎ᠢ ᠠᠭᠤᠯᠵᠤ ᠪᠠᠢᠳᠠᠬ᠃ ᠬᠢᠴᠢᠶᠡᠯ ᠤ᠋ᠨ ᠲᠠᠩᠬᠢᠮ ᠤ᠋ᠨ ᠲᠠᠩ ᠴᠤᠯᠭᠤᠢ ᠵᠢᠭᠠᠨ ᠰᠤᠷᠭᠠᠯᠳᠠ ᠵᠢᠨ ᠠᠷᠭ᠎ᠠ ᠲᠠᠢ ᠠᠳᠠᠯᠢᠳᠬᠠᠪᠠᠯ᠂ ᠬᠡᠦᠬᠡᠳ᠎ᠤᠳ ᠨᠠᠷᠠ ᠰᠠᠯᠬᠢᠨ ᠳ᠋ᠸ᠋ ᠪᠤᠷᠤᠯᠠᠨ᠂ ᠦᠪᠡᠷ ᠲᠡᠭᠡᠨ ᠭᠠᠷ ᠬᠦᠳᠡᠯᠵᠦ ᠠᠷᠭᠠᠯ ᠲᠡᠬᠦᠬᠦ ᠨᠢ ᠨᠡᠩᠳᠡ ᠰᠢᠭᠤᠳ ᠰᠢᠯᠤᠭᠤᠬᠠᠨ ᠪᠦᠬᠡᠳ ᠬᠦᠨ ᠬᠦᠨᠵᠡᠬᠡᠢ ᠬᠦᠮᠦᠵᠢᠯ ᠪᠤᠯᠬᠤ ᠶᠤᠮ᠃

 ᠠᠷᠭᠠᠯ ᠲᠡᠬᠦᠬᠦ ᠶᠠᠪᠤᠴᠠ ᠳ᠋ᠤ ᠬᠡᠦᠬᠡᠳ᠎ᠤᠳ ᠪᠡᠶ᠎ᠡ ᠪᠦᠬᠦᠢᠨ ᠠᠷᠭᠠᠯ ᠲᠡᠬᠦᠵᠦ᠂ ᠠᠵᠢᠯ ᠵᠢᠡᠨ ᠬᠤᠪᠢᠶᠠᠨ ᠬᠠᠮᠵᠢᠯᠴᠠᠨ᠎ᠠ᠃ ᠡᠢᠮᠦᠷᠬᠦᠦ ᠨᠠᠷᠠᠨ ᠤ᠋ ᠲᠤᠤᠷ᠎ᠠ ᠲᠠᠯ᠎ᠠ᠎ᠶᠢᠨ ᠲᠡᠭᠡᠷ᠎ᠡ ᠬᠥᠳᠡᠯᠮᠦᠷᠢᠯᠡᠬᠦ ᠶᠠᠪᠤᠴᠠ ᠨᠢ ᠬᠡᠦᠬᠡᠳ᠎ᠢ ᠡᠷᠬᠡ ᠲᠠᠩᠬᠢ ᠵᠠᠩ᠎ᠡᠴᠨ ᠨᠢ ᠰᠠᠯᠭᠠᠵᠤ᠂ ᠤᠬᠠᠭᠠᠨ ᠰᠠᠨᠠᠭ᠎ᠠ᠎ᠶᠢ ᠨᠢ ᠲᠠᠪᠳᠠᠨ ᠪᠣᠯᠪᠠᠰᠤᠷᠠᠭᠤᠯᠤᠨ᠎ᠠ᠃ ᠲᠠᠳᠠ ᠬᠦᠴᠦ ᠬᠥᠯᠥᠰᠦ ᠪᠣᠯᠣᠨ ᠦᠢᠯᠡᠳᠦᠯᠭᠡ᠎ᠶᠢᠨ ᠳᠤᠮᠳᠠ᠎ᠪᠠᠨ ᠠᠵᠢᠯ ᠬᠦᠳᠡᠯᠮᠦᠷᠢ ᠵᠢᠨ ᠠᠮᠳᠠ ᠵᠢ ᠮᠡᠳᠡᠷᠡᠵᠦ᠂ ᠰᠠᠢᠨ ᠰᠠᠢᠬᠠᠨ ᠠᠮᠢᠳᠤᠷᠠᠯ ᠬᠢᠯᠪᠠᠷ ᠪᠤᠰᠤ ᠎ᠪᠠᠷ ᠢᠷᠡᠭᠰᠡᠨ ᠎ᠢ ᠵᠢᠷᠦᠬᠡ ᠰᠡᠳᠬᠢᠯ ᠡᠴᠨ ᠪᠡᠨ  ᠣᠢᠯᠠᠭᠠᠨ ᠮᠡᠳᠡᠷᠡᠵᠦ᠂ ᠦᠨᠡᠨ ᠰᠡᠳᠬᠢᠯ᠎ᠡᠴᠡ᠎ᠪᠡᠨ ᠬᠥᠳᠡᠯᠮᠦᠷᠢ᠎ᠶᠢ ᠬᠦᠨᠳᠦᠳᠬᠡᠬᠦ᠂ ᠬᠥᠳᠡᠯᠮᠦᠷᠢ᠎ᠶᠢ ᠬᠠᠢᠷᠠᠯᠠᠬᠤ᠂ ᠬᠥᠳᠡᠯᠮᠦᠷᠢ᠎ᠶᠢᠨ ᠦᠷ᠎ᠡ ᠪᠦᠲᠦᠭᠡᠯ᠎ᠢ ᠨᠠᠨᠳᠢᠩᠨᠠᠬᠤ ᠵᠥᠪ ᠥᠷᠲᠡᠭ᠎ᠦᠨ ᠦᠵᠡᠯᠲᠡ ᠲᠠᠢ ᠪᠤᠯᠵᠤ ᠴᠢᠳᠠᠨ᠎ᠠ᠃ ᠡᠭᠦᠨ᠎ᠦ ᠬᠠᠮᠲᠤ ᠨᠠᠷᠠᠨ ᠳ᠋ᠸ᠋ ᠰᠢᠷᠠᠬᠳᠠᠵᠤ ᠰᠠᠯᠬᠢᠨ ᠳ᠋ᠸ᠋ ᠦᠯᠢᠶᠡᠭᠳᠡᠭᠰᠡᠨ ᠠᠵᠢᠯ ᠬᠦᠳᠡᠯᠮᠦᠷᠢ ᠨᠢ ᠪᠠᠰᠠ ᠬᠡᠦᠬᠡᠳ᠎ᠦᠳ᠎ᠢ ᠡᠬᠡ ᠨᠤᠲᠤᠭ᠎ᠲᠠᠢ ᠨᠢ ᠡᠭᠡᠨᠡᠭᠰᠢᠨ ᠲᠠᠰᠤᠯᠴᠠᠭᠤᠯᠵᠤ᠂ ᠮᠠᠯᠵᠢᠬᠤ ᠣᠷᠣᠨ᠎ᠤ ᠨᠤᠲᠤᠭ ᠤᠰᠤᠨ᠎ᠤ ᠵᠠᠩ ᠠᠭᠠᠯᠢ᠎ᠶᠢ ᠨᠢ ᠭᠦᠨᠵᠡᠭᠡᠢ ᠣᠢᠯᠠᠭᠠᠭᠤᠯᠵᠤ᠂ ᠨᠤᠲᠤᠭ ᠤᠰᠤ᠎ᠪᠠᠨ ᠬᠠᠢᠷᠠᠯᠠᠬᠤ᠂ ᠨᠤᠲᠤᠭ ᠤᠰᠤᠨ᠎ᠳᠠᠭᠠᠨ ᠠᠵᠢᠯᠯᠠᠵᠤ ᠠᠮᠢᠳᠤᠷᠠᠬᠤ ᠴᠢᠩ ᠦᠨᠡᠨᠴᠢ ᠬᠠᠢᠷ᠎ᠠ ᠰᠡᠳᠬᠢᠯᠭᠡ᠎ᠶᠢ ᠨᠢ ᠵᠤᠵᠠᠭᠠᠳᠬᠠᠵᠤ ᠴᠢᠳᠠᠨ᠎ᠠ᠃

 ᠮᠡᠳᠡᠬᠦᠢ ᠬᠢᠬᠦᠢ᠎ᠶᠢ ᠨᠢᠭᠡᠳᠬᠡᠬᠦ ᠪᠣᠯ ᠬᠥᠮᠥᠨ᠎ᠢ ᠬᠥᠮᠥᠵᠢᠭᠦᠯᠬᠦ᠎ᠶᠢᠨ ᠦᠨᠡᠨ ᠶᠣᠰᠣ᠌ ᠮᠥᠨ᠃ ᠡᠳᠦᠬᠡ᠂ ᠬᠥᠳᠡᠯᠮᠦᠷᠢ᠎ᠶᠢᠨ ᠰᠤᠷᠭᠠᠨ ᠬᠥᠮᠦᠵᠢᠯ ᠨᠢ ᠨᠢᠭᠡᠨᠲᠡ ᠬᠡᠪ ᠴᠢᠨᠠᠷ᠎ᠤᠨ ᠰᠤᠷᠭᠠᠨ ᠬᠥᠮᠦᠵᠢᠯ ᠎ᠦᠨ ᠴᠢᠬᠤᠯᠠ ᠨᠢᠭᠡ ᠭᠣᠭᠴᠣᠭ᠎ᠠ ᠪᠣᠯᠤᠭᠰᠠᠨ ᠪᠣᠯᠪᠠᠴᠤ ᠵᠠᠷᠢᠮ ᠰᠤᠷᠭᠠᠭᠤᠯᠢ᠎ᠶᠢᠨ ᠬᠦᠷᠢᠶᠡᠨ᠎ᠦ ᠬᠥᠳᠡᠯᠮᠦᠷᠢ᠎ᠶᠢᠨ ᠰᠤᠷᠭᠠᠨ ᠬᠥᠮᠦᠵᠢᠯ᠎ᠳᠦ ᠦᠩᠬᠡᠨ ᠲᠠᠯ᠎ᠠ ᠵᠢ ᠯᠡ ᠬᠦᠬᠡᠬᠡᠴᠡᠯᠳᠦᠭᠰᠡᠨ ᠦᠵᠡᠭᠳᠡᠯ ᠤᠷᠤᠰᠢᠵᠤ ᠪᠠᠢᠨ᠎ᠠ᠃ ᠲᠤᠰ ᠭᠠᠵᠠᠷ ᠣᠷᠣᠨ᠎ᠤ ᠣᠨᠴᠠᠯᠢᠭ᠋᠎ᠲᠠᠭᠠᠨ ᠰᠠᠭᠤᠷᠢᠯᠠᠨ᠂ ᠰᠤᠷᠤᠭ᠍ᠴᠢᠳ᠎ᠤᠨ ᠠᠮᠢᠳᠤᠷᠠᠯ᠎ᠤᠨ ᠪᠣᠳᠠᠲᠤ ᠪᠠᠢᠳᠠᠯ᠎ᠲᠠᠢ ᠨᠡᠢᠴᠡᠭᠰᠡᠨ ᠮᠠᠯᠵᠢᠬᠤ ᠣᠷᠣᠨ᠎ᠤ ᠬᠥᠳᠡᠯᠮᠦᠷᠢ ᠦᠢᠯᠡᠳᠦᠯᠭᠡ ᠨᠢ ᠬᠡᠯᠪᠡᠷᠢ᠎ᠶᠢᠨ ᠦᠵᠡᠯ᠎ᠦᠨ ᠬᠦᠯᠢᠶᠡᠰᠦ᠎ᠡᠴᠡ ᠮᠤᠯᠲᠤᠷᠠᠵᠤ᠂ ᠬᠥᠳᠡᠯᠮᠦᠷᠢ᠎ᠶᠢᠨ ᠬᠥᠮᠦᠵᠢᠯ᠎ᠢ ᠬᠠᠢᠷ᠎ᠠ ᠰᠡᠳᠬᠢᠯᠭᠡ᠎ᠲᠠᠢ᠂ ᠪᠠᠶᠠᠯᠢᠬ ᠠᠭᠤᠯᠭ᠎ᠠ᠎ᠲᠠᠢ᠂ ᠪᠣᠳᠠᠲᠤ ᠦᠷ᠎ᠡ ᠪᠦᠲᠦᠮᠵᠢ᠎ᠲᠠᠢ ᠪᠣᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号