23 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠲᠤᠨ ᠭᠠᠷᠭᠠᠵᠤ ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠨᠠᠢᠳᠠᠪᠤᠷᠢᠵᠢᠭᠤᠯᠤᠯᠲᠠ ᠶ᠋ᠢ ᠠᠬᠢᠭᠤᠯᠵᠦ ᠪᠤᠢ
2026-06-03 10:31:19
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠬᠠᠤᠯᠢ ᠴᠠᠭᠠᠵᠠ᠎ᠶ᠋ᠢᠨ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠬᠦᠲᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ〉 ᠶ᠋ᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ᠎ᠤᠨ ᠲᠥᠰᠦᠯ》 (ᠳᠣᠷᠣᠭ᠍ᠰᠢ 《ᠠᠵᠢᠯ᠎ᠤᠨ ᠲᠥᠰᠦᠯ》 ᠭᠡᠵᠦ᠍ ᠲᠣᠪᠴᠢᠯᠠᠨ᠎ᠠ)᠎ᠢ᠋ ᠳᠠᠷᠤᠮᠠᠯᠯᠠᠨ ᠲᠠᠷᠬᠠᠭᠠᠵᠤ᠂ 23 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠳᠴᠤ᠌᠂ 《ᠪᠦᠬᠦᠲᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》 (ᠳᠣᠷᠣᠭ᠍ᠰᠢ《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》 ᠭᠡᠵᠦ᠍ ᠲᠣᠪᠴᠢᠯᠠᠨ᠎ᠠ) ᠶ᠋ᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ᠎ᠢ ᠠᠬᠢᠭᠤᠯᠪᠠ᠃

《ᠠᠵᠢᠯ᠎ᠤᠨ ᠲᠥᠰᠦᠯ》 ᠳ᠋ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠰᠤᠷᠤᠯᠴᠠᠯᠭ᠎ᠠ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠵᠠᠢ᠃ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》᠎ᠢ᠋ ᠲᠤᠪᠤᠢ᠌ᠯᠭᠠᠵᠤ᠂ ᠬᠠᠤᠯᠢ ᠴᠠᠭᠠᠵᠠ᠎ᠶ᠋ᠢ ᠨᠠᠮ ᠤ᠋ᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠬᠤ ᠠᠭᠤᠯᠭ᠎ᠠ᠂ ᠤᠳᠤᠷᠢᠳᠭᠤ ᠺᠠᠳ᠋ᠷ ᠤ᠋ᠨ ᠮᠠᠲᠠᠪᠠᠰᠤ ᠵᠤᠬᠢᠬᠤ ᠪᠠ ᠡᠵᠡᠮᠰᠢᠪᠠᠰᠤ ᠵᠤᠬᠢᠬᠤ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ ᠪᠣᠯᠤᠨ ᠤᠯᠤᠰ᠎ᠤᠨ ᠬᠠᠤᠯᠢ ᠴᠠᠭᠠᠵᠠ᠎ᠶ᠋ᠢᠨ ᠨᠠᠷᠢᠨ ᠲᠠᠩᠰᠠ ᠵᠢᠴᠢ ᠨᠠᠮ᠎ᠤᠨ ᠡᠭᠦᠷ᠎ᠦᠨ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷᠯᠢᠭ ᠵᠡᠷᠭᠡ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ ᠳ᠋ᠤ ᠤᠷᠤᠭᠤᠯᠤᠨ᠎ᠠ; ᠱᠢᠰᠲ᠋ᠧᠮ᠎ᠦᠨ ᠪᠣᠯᠪᠠᠰᠤᠷᠠᠯ᠎ᠢ ᠰᠠᠢᠲᠤᠷ ᠠᠳᠭᠤᠵᠤ᠂ ᠬᠠᠤᠯᠢ ᠴᠠᠭᠠᠵᠠ᠎ᠶ᠋ᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠵᠢᠭᠠᠨ ᠰᠤᠷᠭᠠᠯᠲᠠ ᠵᠢᠴᠢ ᠺᠠᠳ᠋ᠷ᠎ᠤᠨ ᠲᠤᠱᠢᠶᠠᠯ ᠡᠭᠦᠷᠭᠡᠯᠡᠬᠦ᠌᠂ ᠠᠵᠢᠯ᠎ᠤᠨ ᠪᠠᠢᠷᠢ᠎ᠶ᠋ᠢᠨ ᠪᠣᠯᠪᠠᠰᠤᠷᠠᠯ᠎ᠤᠨ ᠬᠢᠴᠢᠶᠡᠯ᠎ᠳᠦ ᠣᠷᠣᠭᠤᠯᠵᠤ᠂ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠱᠢᠰᠲ᠋ᠧᠮ᠎ᠦᠨ ᠺᠠᠳ᠋ᠷ᠎ᠲᠤ ᠪᠥᠬᠥ᠌ ᠠᠵᠢᠯᠲᠠᠨ᠎ᠢ ᠡᠭᠡᠯᠵᠢᠯᠡᠨ ᠪᠤᠯᠪᠠᠰᠤᠷᠠᠭᠤᠯᠵᠤ᠂ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠭᠡᠱᠢᠭᠦᠨ ᠨᠢᠭᠡᠴᠢ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠵᠢᠱ᠌ᠢᠶ᠎ᠡ ᠦᠵᠡᠭᠦᠯᠬᠦ᠌ ᠨᠢᠭᠡᠴᠢ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠰᠤᠳᠤᠯᠭᠠᠨ (ᠪᠤᠢᠵᠢᠭᠤᠯᠤᠯᠲᠠ) ᠤ᠋ ᠰᠠᠭᠤᠷᠢᠨ ᠵᠢᠴᠢ ᠰᠤᠷᠭᠠᠨ ᠬᠥᠮᠦᠵᠢᠯ᠎ᠦᠨ ᠦᠶ᠋ᠯᠡᠳᠦᠯᠭᠡ᠎ᠶ᠋ᠢᠨ ᠰᠠᠭᠤᠷᠢᠨ ᠵᠡᠷᠭᠡ ᠭᠤᠤᠯᠳᠠᠯᠭ᠎ᠠ᠎ᠲᠠᠶ ᠡᠲᠡᠭᠡᠳ᠎ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠦᠨ᠎ᠡ; ᠲᠥᠪᠯᠡᠷᠡᠭᠦᠯᠦᠨ ᠤᠬᠠᠭᠤᠯᠬᠤ ᠪᠠ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ ᠱᠢᠷᠢᠰ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ 《ᠬᠠᠤᠯᠢ ᠪᠠᠷ ᠵᠠᠰᠠᠬᠤ ᠤᠯᠠᠭᠠᠨᠮᠥ᠋ᠴᠢᠷ》 ᠤ᠋ᠨ ᠲᠥᠷᠥᠯ ᠲᠡᠮᠳᠡᠭ᠎ᠲᠦ ᠲᠦᠱᠢᠭ᠌ᠯᠡᠨ᠂ 《ᠠᠨᠠᠷ᠎ᠤᠨ ᠬᠡᠯᠬᠢᠶ᠎ᠠ》 ᠦᠨᠳᠦᠰᠦᠨ ᠱᠠᠲᠤᠨ᠎ᠤ ᠠᠶᠠᠯᠠᠯ ᠵᠡᠷᠭᠡ ᠠᠵᠢᠯᠯᠠᠭ᠎ᠠ᠎ᠲᠠᠶ ᠤᠶᠠᠯᠳᠤᠭᠤᠯᠤᠨ᠂ ᠭᠤᠤᠯ ᠰᠡᠳᠦᠪᠲᠦ ᠡᠬᠡ ᠪᠢᠴᠢᠭ ᠡᠯᠰᠡᠬᠦ᠌᠂ ᠶᠠᠷᠢᠶ᠎ᠠ ᠢᠯᠡᠳᠭᠡᠯ᠎ᠦᠨ ᠤᠷᠤᠯᠳᠤᠭᠠᠨ᠂ ᠪᠢᠴᠢᠯ ᠸᠢᠳᠢᠣ᠋ ᠴᠤᠭ᠍ᠯᠠᠭᠤᠯᠬᠤ᠂ ᠮᠡᠳᠡᠯᠭᠡ᠎ᠶ᠋ᠢᠨ ᠥᠷᠢᠰᠥᠯᠳᠦᠭᠡᠨ ᠪᠠ ᠬᠠᠷᠢᠭᠤᠯᠲᠠ ᠥᠭ᠌ᠬᠦ ᠵᠡᠷᠭᠡ ᠬᠠᠷᠢᠯᠴᠠᠨ ᠦᠶ᠋ᠯᠡᠳᠦᠯᠴᠡᠬᠦ᠌ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠬᠠᠤᠯᠢ ᠴᠠᠭᠠᠵᠠ᠎ᠶ᠋ᠢ ᠪᠠᠢᠭᠤᠯᠭ᠎ᠠ᠎ᠳᠤ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠨᠡᠢᠭᠡᠮ ᠲᠣᠭᠣᠷᠢᠭ᠎ᠲᠤ ᠣᠷᠣᠭᠤᠯᠬᠤ᠂ ᠭᠠᠴᠠᠭ᠎ᠠ ᠲᠣᠰᠭᠣᠨ᠎ᠳᠤ ᠣᠷᠣᠭᠤᠯᠬᠤ᠂ ᠰᠤᠷᠭᠠᠭᠤᠯᠢ᠎ᠳᠤ ᠣᠷᠣᠭᠤᠯᠬᠤ᠂ ᠰᠣᠶᠣᠯ ᠵᠢᠭᠤᠯᠴᠢᠯᠠᠯ᠎ᠤᠨ ᠲᠠᠯᠠᠪᠤᠷ᠎ᠲᠤ ᠣᠷᠣᠭᠤᠯᠬᠤ᠂ ᠰᠦᠯᠵᠢᠶᠡᠨ᠎ᠳᠦ ᠣᠷᠣᠭᠤᠯᠬᠤ ᠵᠡᠷᠭᠡ᠎ᠶ᠋ᠢ ᠠᠬᠢᠭᠤᠯᠵᠤ᠂ ᠨᠡᠢᠭᠡᠮ ᠳᠠᠶᠠᠭᠠᠷ᠎ᠲᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠨ᠎ᠠ᠃

《ᠠᠵᠢᠯ᠎ᠤᠨ ᠲᠥᠰᠦᠯ》 ᠳ᠋ᠤ ᠬᠠᠤᠯᠢ ᠴᠠᠭᠠᠵᠠ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ ᠬᠡᠵᠤ ᠪᠠᠢᠷᠢᠯᠠᠭᠤᠯᠪᠠ᠃ ᠲᠦᠷᠢᠮ᠎ᠢ ᠵᠣᠯᠭᠠᠭᠤᠯᠬᠤ᠎ᠶ᠋ᠢ ᠴᠢᠩᠭᠠᠳᠭᠠᠨ᠂ ᠬᠠᠮᠢᠶ᠎ᠠ ᠪᠥᠬᠥᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠂ ᠵᠠᠰᠠᠭ᠎ᠤᠨ ᠣᠷᠳᠣᠨ᠎ᠤ ᠲᠦᠷᠢᠮ ᠲᠣᠭ᠍ᠲᠠᠭᠠᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭᠠᠷᠠᠭᠤᠯᠤᠨ ᠳᠢᠭ᠌ᠯᠡᠬᠦ᠌ ᠠᠵᠢᠯ᠎ᠢ ᠥᠷᠨᠢᠭᠦᠯᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠳ᠋ᠤ ᠵᠠᠰᠠᠪᠤᠷᠢ ᠣᠷᠣᠭᠤᠯᠬᠤ ᠠᠵᠢᠯ᠎ᠢ ᠡᠮᠬᠢ ᠵᠢᠷᠤᠮ᠎ᠲᠠᠶ ᠠᠬᠢᠭᠤᠯᠵᠤ᠂ ᠴᠢᠬᠤᠯᠠ ᠶᠡᠬᠡ ᠲᠥᠷᠥ᠎ᠶ᠋ᠢᠨ ᠪᠣᠳᠣᠯᠭ᠎ᠠ ᠶ᠋ᠢ ᠲᠤᠭᠤᠰᠢᠯᠠᠭᠤᠯᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠭᠤᠤᠯ ᠰᠢᠵᠢᠮ ᠤ᠋ᠨ ᠬᠢᠨᠠᠨ ᠦᠨᠡᠯᠡᠬᠦ ᠲᠣᠭ᠍ᠲᠠᠴᠠ᠎ᠶ᠋ᠢ ᠪᠦᠷᠢᠨᠱᠢᠬᠦᠯᠵᠦ᠍᠂ ᠵᠦᠷᠢᠶᠡᠴᠢᠯᠡᠭ᠌ᠰᠡᠨ ᠤᠬᠠᠭᠤᠯᠭ᠎ᠠ ᠬᠥᠮᠦᠵᠢᠯ ᠵᠢᠴᠢ ᠱᠢᠯᠭᠠᠨ ᠬᠢᠨᠠᠵᠤ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ; ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯᠲᠤ ᠰᠣᠶᠣᠯ ᠪᠣᠯᠤᠨ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠪᠠᠳᠠᠷᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠦᠨᠳᠦᠰᠦᠨ ᠬᠡᠷᠡᠭ᠌ᠯᠡᠭᠡᠨ᠎ᠦ ᠬᠡᠯᠡ ᠬᠡᠷᠡᠭ᠌ᠯᠡᠭᠡᠨ᠎ᠦ ᠦᠰᠦᠭ᠎ᠦᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠨᠤᠯ᠎ᠤᠨ ᠰᠤᠳᠤᠯᠭᠠᠨ ᠪᠣᠯᠤᠨ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠯᠢᠭᠡᠷ᠎ᠢ ᠰᠠᠢᠲᠤᠷ ᠶᠠᠷᠢᠨ᠎ᠠ; ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠬᠠᠷᠢᠯᠴᠠᠨ ᠱᠢᠭᠢᠳᠭᠡᠯᠳᠦ ᠮᠠᠶᠢᠭ᠎ᠤᠨ ᠨᠡᠢᠭᠡᠮ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ᠎ᠦ ᠨᠡᠭᠦᠳᠡᠯ ᠬᠥᠮᠦᠨ ᠠᠮᠠ᠎ᠶ᠋ᠢᠨ ᠦᠶ᠋ᠯᠡᠴᠢᠯᠡᠭᠡ ᠬᠠᠮᠢᠶᠠᠷᠤᠯᠲᠠ᠎ᠶ᠋ᠢ ᠴᠢᠩᠭᠠᠳᠭᠠᠵᠤ᠂ ᠰᠤᠷᠭᠠᠨ ᠬᠥᠮᠦᠵᠢᠯ᠂ ᠰᠣᠶᠣᠯ᠂ ᠪᠡᠶ᠎ᠡ᠎ᠶ᠋ᠢᠨ ᠲᠠᠮᠢᠷ᠂ ᠵᠢᠭᠤᠯᠴᠢᠯᠠᠯ᠂ ᠰᠦᠯᠵᠢᠶ᠎ᠡ ᠵᠡᠷᠭᠡ ᠠᠴᠢᠶᠠᠯᠠᠪᠤᠷᠢ᠎ᠪᠠᠷ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠥᠬᠥ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ; ᠬᠠᠮᠲᠤᠪᠠᠷ ᠴᠡᠴᠡᠭ᠌ᠯᠡᠨ ᠬᠥᠭ᠌ᠵᠢᠬᠦ᠌᠎ᠶ᠋ᠢ ᠲᠦᠯᠬᠢᠨ ᠠᠬᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ  ᠪᠡᠬᠢᠯᠡᠯᠲᠡ》 ᠶ᠋ᠢᠨ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠲᠦᠯᠬᠢᠨ ᠠᠬᠢᠭᠤᠯᠵᠤ᠂ ᠰᠠᠭᠤᠷᠢ ᠲᠤᠨᠤᠭ ᠲᠦᠬᠦᠬᠡᠷᠤᠮᠵᠢ᠂ ᠣᠯᠠᠨ ᠨᠡᠢᠲᠡ᠎ᠶ᠋ᠢᠨ ᠦᠢᠯᠡᠴᠢᠯᠡᠭᠡᠨ ᠬᠢᠭᠡᠳ ᠬᠢᠯᠢ ᠬᠢᠵᠠᠭᠠᠷ᠎ᠢ ᠪᠡᠬᠢᠵᠢᠭᠦᠯᠦᠨ ᠬᠢᠯᠢ ᠬᠢᠵᠠᠭᠠᠷ᠎ᠢ ᠬᠥᠭ᠌ᠵᠢᠭᠦᠯᠬᠦ᠌᠎ᠶ᠋ᠢ ᠨᠢᠭᠡᠳᠦᠯᠲᠡᠶ ᠲᠥᠯᠥᠪᠯᠡᠨ᠂ ᠪᠤᠶ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠦ 《ᠭᠤᠷᠪᠠᠨ ᠠᠴᠢ ᠬᠣᠯᠪᠣᠭ᠍ᠳᠠᠯ》 ᠢ᠋ ᠣᠯᠭᠣᠵᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠰᠢ ᠬᠠᠮᠲᠤᠪᠠᠷ ᠤᠷᠤᠭ᠍ᠰᠢᠯᠠᠬᠤ᠎ᠶ᠋ᠢ ᠯᠠᠪᠳᠠᠭᠤᠨ᠎ᠢᠶᠠᠷ ᠲᠦᠯᠬᠢᠨ ᠠᠬᠢᠭᠤᠯᠤᠨ᠎ᠠ᠃

《ᠠᠵᠢᠯ᠎ᠤᠨ ᠲᠥᠰᠦᠯ》 ᠳ᠋ᠤ᠂ ᠡᠯ᠎ᠡ ᠭᠠᠵᠠᠷ ᠣᠷᠣᠨ ᠨᠠᠮ᠎ᠤᠨ ᠬᠣᠷᠢᠶ᠎ᠠ ᠨᠢᠭᠡᠳᠦᠯᠲᠡᠶ ᠤᠳᠤᠷᠢᠳᠭᠤ᠂ ᠵᠠᠰᠠᠭ᠎ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠡᠯ᠎ᠡ ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠨ ᠬᠠᠮᠲᠤᠷᠠᠯᠴᠠᠬᠤ᠂ ᠪᠥᠬᠥ᠌ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠬᠤ ᠦᠨᠳᠦᠰᠦᠲᠡᠨ᠎ᠦ ᠠᠵᠢᠯ᠎ᠤᠨ ᠪᠠᠢᠷᠢᠱᠢᠯ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠡᠢᠭᠡᠮ ᠳᠠᠶᠠᠭᠠᠷ᠎ᠢᠶᠠᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠬᠠᠮᠲᠤ᠎ᠪᠠᠷ ᠰᠠᠢᠲᠤᠷ ᠬᠢᠬᠦ᠌᠎ᠶ᠋ᠢ ᠠᠬᠢᠭᠤᠯᠬᠤ ᠬᠡᠷᠡᠭ᠌ᠲᠡᠶ᠃ ᠡᠯ᠎ᠡ ᠰᠠᠯᠠᠭ᠎ᠠ ᠮᠥᠴᠢᠷ ᠬᠠᠤᠯᠢ ᠴᠠᠭᠠᠵᠠ᠎ᠶ᠋ᠢᠨ ᠲᠣᠭ᠍ᠲᠠᠭᠠᠯ᠎ᠲᠠᠶ ᠬᠠᠷᠭᠤᠭᠤᠯᠵᠤ᠂ ᠵᠤᠷᠪᠤᠰ ᠳᠠᠷᠠᠭᠠᠯᠠᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ᠂ ᠢᠵᠢ ᠪᠥᠷᠢᠳᠦᠭ᠌ᠰᠡᠨ ᠲᠦᠷᠢᠮ ᠪᠠ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠤᠯᠢ ᠴᠠᠭᠠᠵᠠ᠎ᠶ᠋ᠢᠨ ᠱᠠᠭᠠᠷᠳᠠᠯᠭ᠎ᠠ᠎ᠶ᠋ᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭ᠌ᠲᠡᠶ᠃ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ ᠪᠠ ᠺᠠᠳ᠋ᠷ ᠤᠯᠠᠨ ᠲᠦᠮᠡᠨ᠎ᠦ ᠦᠵᠡᠯ ᠰᠠᠨᠠᠭᠠᠨ᠎ᠤ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠤᠬᠠᠭᠤᠯᠬᠤ ᠠᠭᠤᠯᠭ᠎ᠠ ᠪᠠ ᠬᠡᠯᠪᠡᠷᠢ᠎ᠶ᠋ᠢ ᠨᠠᠷᠢᠨ ᠨᠢᠮᠪᠠᠢ ᠲᠥᠯᠥᠪᠯᠡᠵᠦ᠍᠂ ᠪᠣᠳᠠᠲᠤ ᠪᠠᠢᠳᠠᠯ᠎ᠳᠤ ᠣᠢᠷᠠᠳᠭᠤ᠂ ᠠᠮᠢᠳᠤᠷᠠᠯ᠎ᠳᠤ ᠣᠢᠷᠠᠳᠭᠤ᠂ ᠤᠯᠠᠨ ᠲᠦᠮᠡᠨ᠎ᠳᠦ ᠣᠢᠷᠠᠳᠭᠤ᠎ᠶ᠋ᠢ ᠪᠡᠶᠡᠯᠡᠭᠦᠯᠵᠦ᠍᠂ ᠬᠠᠤᠯᠢ ᠴᠠᠭᠠᠵᠠ᠎ᠶ᠋ᠢ ᠦᠨᠡᠨ ᠬᠦ᠌ ᠲᠦᠭ ᠲᠦᠮᠡᠨ ᠠᠢᠯ ᠡᠷᠦᠬᠡ᠎ᠳᠦ ᠬᠦᠷᠭᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠡᠳᠦᠷ ᠲᠤᠳᠤᠮ᠎ᠤᠨ ᠦᠢᠯᠡᠳᠪᠦᠷᠢᠯᠡᠯ ᠠᠮᠢᠳᠤᠷᠠᠯ᠎ᠳᠤ ᠠᠭᠤᠰᠭᠠᠬᠤ ᠬᠡᠷᠡᠭ᠌ᠲᠡᠢ ᠬᠡᠵᠤ ᠱᠠᠭᠠᠷᠲᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号