ᠬᠥᠬᠡ ᠲᠣᠭᠣᠰᠭ᠎ᠠ ᠬᠤᠪᠢᠰᠬᠠᠯᠳᠤ ᠤᠯᠠᠮᠵᠢᠯᠠᠯ ᠮᠦᠨᠭᠭᠡ ᠵᠢᠨ ᠬᠥᠱᠢᠶ᠎ᠡ ᠵᠢ ᠱᠤᠭᠤᠨ᠎ᠠ
2026-06-03 11:06:34
ᠵᠣᠬᠢᠶᠠᠭ᠍ᠴᠢ᠄
ᠵᠶ᠋ᠢ ᠴᠢᠩ ᠯᠢᠩ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

ᠬᠢᠩᠭᠠᠨ᠎ᠤ ᠡᠬᠡ ᠭᠠᠵᠠᠷ᠎ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃ ᠲᠤᠭᠤᠷ᠎ᠤᠨ ᠭᠤᠤᠯ᠎ᠤᠨ ᠬᠥᠪᠡᠭᠡ᠂ ᠬᠠᠨ ᠠᠭᠤᠯᠠ᠎ᠶ᠋ᠢᠨ ᠬᠣᠷᠮᠣᠶ᠎ᠳ᠋ᠡᠭᠢ ᠤᠯᠠᠭᠠᠨᠬᠣᠲᠠ᠎ᠶ᠋ᠢᠨ ᠡᠦ ᠢ ᠬᠣᠢᠲᠤ ᠵᠠᠮ᠎ᠤᠨ ᠵᠡᠭᠦᠨ ᠲᠠᠯ᠎ᠠ᠎ᠳᠤ᠂ ᠬᠣᠶᠠᠷ ᠳᠠᠪᠬᠤᠷ ᠬᠥᠬᠡ ᠲᠣᠭᠣᠰᠬᠠᠨ ᠪᠠᠷᠢᠯᠭ᠎ᠠ ᠲᠥᠪ ᠶᠡᠬᠡᠮᠰᠦᠭ ᠬᠠᠷᠠᠭ᠍ᠳᠠᠨ᠎ᠠ᠃

1935 ᠣᠨ᠎ᠳᠤ ᠪᠠᠢᠭᠤᠯᠤᠭ᠍ᠳᠠᠭ᠍ᠰᠠᠨ ᠡᠨᠡᠬᠦ᠌ ᠪᠠᠷᠢᠯᠭ᠎ᠠ ᠨᠢ ᠶᠠᠭ ᠯᠠ ᠨᠢᠭᠡᠨ ᠢᠵᠢ ᠭᠦᠨ ᠵᠤᠵᠠᠭᠠᠨ ᠤᠯᠠᠭᠠᠨ ᠰᠤᠳᠤᠷ ᠮᠡᠲᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠠᠩᠬᠠᠳᠠᠭ᠍ᠴᠢ ᠮᠤᠵᠢ᠎ᠶ᠋ᠢᠨ ᠲᠡᠰ᠎ᠤᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠡᠨᠳᠦᠯᠡᠭ᠌ᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠦᠭᠦᠯᠡᠵᠤ ᠪᠠᠢᠳᠠᠭ᠃ 1947 ᠣᠨ᠎ᠤ 5 ᠰᠠᠷ᠎ᠠ᠎ᠶ᠋ᠢᠨ 1᠎ᠤ ᠡᠳᠦᠷ᠂ ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭ᠌ᠴᠢᠳ᠎ᠦᠨ ᠬᠤᠷᠠᠯ ᠡᠨᠳᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠢ ᠲᠤᠩᠬᠠᠭ᠍ᠯᠠᠪᠠ᠃ ᠲᠡᠦᠬᠡᠨ ᠳᠡᠭᠡᠷ᠎ᠡ ᠡᠭᠦᠨ᠎ᠢ 《ᠲᠠᠪᠤᠨ ᠰᠠᠷ᠎ᠠ᠎ᠶ᠋ᠢᠨ ᠨᠢᠭᠡᠨ᠎ᠦ ᠶᠡᠬᠡ ᠬᠤᠷᠠᠯ》 ᠭᠡᠮᠡᠵᠤ᠂ ᠲᠤᠰ ᠪᠠᠷᠢᠯᠭ᠎ᠠ᠎ᠶ᠋ᠢ 《ᠲᠠᠪᠤᠨ ᠰᠠᠷ᠎ᠠ᠎ᠶ᠋ᠢᠨ ᠨᠢᠭᠡᠨ᠎ᠦ ᠬᠤᠷᠠᠯ᠎ᠤᠨ ᠪᠠᠭᠤᠷᠢ》 ᠭᠡᠳᠡᠭ᠃

ᠤᠨ ᠴᠠᠭ ᠤᠯᠠᠷᠢᠭᠰᠠᠭᠠᠷ 《ᠲᠠᠪᠤᠨ ᠰᠠᠷ᠎ᠠ᠎ᠶ᠋ᠢᠨ ᠨᠢᠭᠡᠨ᠎ᠦ ᠬᠤᠷᠠᠯ᠎ᠤᠨ ᠪᠠᠭᠤᠷᠢ》 ᠨᠢ ᠦᠨᠦᠳᠦᠷ ᠲᠡᠦᠬᠡ᠎ᠶ᠋ᠢᠨ ᠪᠠᠷᠢᠯᠭ᠎ᠠ ᠪᠣᠯᠤᠭᠰᠠᠨ ᠵᠢᠡᠷ ᠦᠯᠦ ᠪᠠᠷᠠᠮ ᠨᠠᠩ ᠴᠤ᠌ ᠬᠤᠪᠢᠰᠬᠠᠯᠳᠤ ᠬᠢᠴᠢᠶᠡᠯ᠎ᠦᠨ ᠲᠠᠩᠬᠢᠮ ᠪᠤᠯᠵᠠᠢ᠃


QQ截图20260603112855.png


ᠲᠡᠦᠬᠡ᠎ᠵᠢ ᠲᠠᠭᠢᠨ ᠡᠷᠭᠢᠴᠡᠭᠦᠯᠭᠦᠢ

ᠤᠦ ᠱ᠌ᠢ ᠴᠤᠤ ᠰᠡᠭᠦᠳᠡᠷᠯᠡᠪᠡ


ᠲᠡᠦᠬᠡ᠎ᠶ᠋ᠢᠨ ᠴᠤᠤᠷᠢᠶ᠎ᠡ  ᠭᠡᠷᠡᠯ ᠰᠠᠴᠤᠷᠠᠨᠭᠭᠤᠢ ᠡᠭᠢᠯᠡᠯᠳᠡ

ᠥᠷᠯᠥᠭᠡ᠎ᠶ᠋ᠢᠨ ᠨᠡᠷᠡᠨ᠎ᠦ ᠲᠤᠶᠠᠭ᠎ᠠ 《ᠲᠠᠪᠤᠨ ᠰᠠᠷ᠎ᠠ᠎ᠶ᠋ᠢᠨ ᠨᠢᠭᠡᠨ᠎ᠦ ᠬᠤᠷᠠᠯ᠎ᠤᠨ ᠭᠠᠵᠠᠷ》᠎ᠤ᠋ᠨ ᠬᠦᠨᠳᠡᠯᠡᠨ ᠪᠢᠴᠢᠭᠡᠰᠦᠨ᠎ᠠ ᠲᠤᠰᠴᠦ ᠰᠢᠵᠢᠷ ᠭᠡᠷᠡᠯ ᠰᠠᠴᠤᠷᠠᠭᠤᠯᠤᠨ᠎ᠠ᠃ ᠬᠦᠨᠳᠦ ᠵᠤᠵᠠᠭᠠᠨ ᠮᠣᠳᠣᠨ ᠡᠭᠦᠳᠡ᠎ᠶ᠋ᠢ ᠲᠦᠯᠭᠢᠨ ᠤᠷᠤᠪᠠᠯ᠂ ᠶᠠᠭ ᠯᠠ ᠬᠣᠷᠣᠮᠬᠠᠨ ᠵᠠᠭᠤᠷ᠎ᠠ 1947 ᠣᠨ᠎ᠤ ᠲᠡᠷᠡ ᠬᠦ᠌ ᠰᠦᠷ ᠳᠠᠯᠠᠢᠴᠠᠲᠠᠢ ᠴᠠᠭ ᠮᠥᠴᠡ᠎ᠳᠤ ᠡᠷᠭᠢᠨ ᠪᠤᠴᠠᠭᠰᠠᠨ ᠰᠢᠭ᠋ ᠪᠠᠢᠯ᠎ᠠ᠃

《ᠠᠪᠠᠭ᠎ᠠ ᠠᠨᠢᠶ᠎ᠠ᠎ᠨᠠᠷ ᠰᠠᠢᠨ ᠪᠠᠢᠵᠠᠭᠠᠨ᠎ᠠ ᠦᠦ? 〈ᠲᠠᠪᠤᠨ ᠰᠠᠷ᠎ᠠ᠎ᠶ᠋ᠢᠨ ᠨᠢᠭᠡᠨ᠎ᠦ ᠬᠤᠷᠠᠯ᠎ᠤᠨ ᠭᠠᠵᠠᠷ〉᠎ᠲᠠᠨᠠᠷ᠎ᠢ ᠪᠠᠶᠠᠷᠯᠠᠨ ᠤᠭ᠍ᠲᠤᠵᠤ ᠪᠠᠢᠨ᠎ᠠ᠂ ᠡᠨᠡ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠮᠡᠨᠳᠦᠯᠡᠭ᠌ᠰᠡᠨ ᠭᠠᠵᠠᠷ ᠪᠣᠯᠤᠨ᠎ᠠ》᠃ ᠨᠢᠯᠬ᠎ᠠ ᠪᠠᠯᠴᠢᠷ ᠪᠥᠭᠡᠳ ᠬᠦᠩᠭᠢᠨᠡᠮ᠎ᠡ ᠲᠠᠭᠤᠨ ᠶᠡᠬᠡ ᠲᠢᠩᠬᠢᠮ᠎ᠳᠦ ᠴᠤᠤᠷᠢᠶᠠᠲᠤᠵᠤ᠂ 10 ᠨᠠᠰᠤᠲᠠᠶ ᠯᠢ ᠱᠢᠤᠸᠠᠨ ᠸᠧᠶ 《ᠪᠢᠴᠢᠬᠠᠨ ᠤᠯᠠᠭᠠᠨ ᠤᠬᠠᠭᠤᠯᠤᠨ ᠲᠠᠢᠯᠪᠤᠷᠢᠯᠠᠭ᠍ᠴᠢ》᠎ᠶ᠋ᠢᠨ ᠪᠦᠴᠡ ᠵᠡᠭᠦᠵᠤ᠂ 《ᠲᠠᠪᠤᠨ ᠰᠠᠷ᠎ᠠ᠎ᠶ᠋ᠢᠨ ᠥᠷ᠎ᠦᠨ ᠲᠤᠶᠠᠭ᠎ᠠ》 ᠭᠤᠤᠯ ᠰᠡᠳᠦᠪᠲᠦ ᠲᠣᠰᠣᠨ ᠪᠤᠳᠤᠭ᠎ᠤᠨ ᠵᠢᠷᠤᠭ᠎ᠤᠨ ᠡᠮᠦᠨ᠎ᠠ ᠵᠤᠭᠰᠤᠵᠤ ᠤᠷᠮ᠎ᠠ ᠰᠡᠳᠭᠢᠯᠭᠡ ᠪᠢᠯᠬᠠᠮ᠎ᠠ ᠲᠠᠢᠯᠪᠤᠷᠢᠯᠠᠨ᠎ᠡ᠃ ᠲᠡᠷᠡ ᠪᠣᠯ ᠤᠯᠠᠭᠠᠨᠬᠣᠲᠠ᠎ᠶ᠋ᠢᠨ ᠾᠧ ᠵᠠᠨ ᠪᠠᠭ᠎ᠠ ᠰᠤᠷᠭᠠᠭᠤᠯᠢ᠎ᠶ᠋ᠢᠨ ᠳᠥᠷᠪᠡᠳᠦᠭᠡᠷ ᠣᠨ᠎ᠤ ᠰᠤᠷᠤᠭ᠍ᠴᠢ ᠪᠥᠭᠡᠳ ᠲᠤᠬᠠᠢ᠎ᠶ᠋ᠢᠨ ᠭᠠᠵᠠᠷ᠎ᠤᠨ ᠮᠠᠰᠢ ᠤᠯᠠᠨ ᠬᠤᠪᠢᠰᠭᠠᠯ᠎ᠤᠨ ᠰᠠᠢ᠌ᠨ ᠲᠤᠷ᠎ᠠ ᠵᠢᠨ ᠤᠬᠠᠭᠤᠯᠤᠨ ᠲᠠᠢᠯᠪᠤᠷᠢᠯᠠᠭ᠍ᠴᠢ᠎ᠶ᠋ᠢᠨ ᠨᠢᠭᠡ ᠪᠣᠯᠤᠨ᠎ᠠ᠃

ᠦᠵᠡᠭᠦᠯᠭᠡ᠎ᠶ᠋ᠢᠨ ᠲᠢᠩᠬᠢᠮ᠎ᠳᠦ᠂ ᠶᠡᠬᠡ ᠬᠡᠮᠵᠢᠶᠡᠨ᠎ᠦ ᠲᠤᠰᠤᠨ ᠪᠤᠳᠤᠭ᠎ᠤᠨ ᠵᠢᠷᠤᠭ 《ᠲᠠᠪᠤᠨ ᠰᠠᠷ᠎ᠠ᠎ᠶ᠋ᠢᠨ ᠥᠷ᠎ᠦᠨ ᠲᠤᠶᠠᠭ᠎ᠠ》 ᠪᠦᠬᠦᠢᠯᠡ ᠬᠡᠷᠡᠮ᠎ᠢ ᠡᠵᠡᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ ᠰᠦᠷ ᠵᠢᠪᠬᠤᠯᠠᠩᠲᠤ ᠴᠠᠭ ᠮᠥᠴᠡ᠎ᠶ᠋ᠢ ᠵᠢᠷᠤᠭ᠍ᠯᠠᠵᠤ᠂ ᠦᠨᠳᠦᠰᠦᠲᠡᠨ᠎ᠨᠦᠭᠦᠳ᠎ᠦᠨ ᠲᠥᠯᠥᠭᠡᠯᠡᠭ᠌ᠴᠢᠳ ᠪᠠᠶᠠᠷ ᠪᠠᠬᠠᠳᠤᠯ᠎ᠲᠠᠶ᠎ᠪᠠᠷ ᠡᠨᠡ ᠬᠦ᠌ ᠲᠡᠦᠬᠡᠨ ᠴᠠᠭ ᠮᠥᠴᠡ᠎ᠶ᠋ᠢ ᠬᠠᠮᠲᠤ᠎ᠪᠠᠷ ᠭᠡᠷᠡᠴᠢᠯᠡᠭᠰᠡᠨ᠎ᠢ ᠬᠠᠷᠠᠭᠤᠯᠤᠨ᠎ᠠ᠃ ᠬᠣᠢᠲᠤ ᠬᠡᠷᠡᠮ ᠳᠡᠭᠡᠷ᠎ᠡ ᠨᠢ ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭ᠌ᠴᠢᠳ᠎ᠦᠨ ᠬᠤᠷᠠᠯ᠎ᠠᠴᠠ ᠲᠡᠷᠢᠭᠦᠯᠡᠭ᠌ᠴᠢ ᠮᠠᠤ ᠽᠸ ᠳ᠋ᠦᠩ᠂ ᠶᠡᠷᠦᠩᠬᠡᠢ ᠰᠸᠯᠢᠩ ᠵᠦ᠍ ᠳ᠋ᠸ ᠳ᠋ᠤ ᠢᠯᠡᠭᠡᠭ᠌ᠰᠡᠨ ᠬᠦᠨᠳᠦᠳᠭᠡᠯ ᠲᠡᠪᠰᠢᠭᠦᠯᠦᠭᠰᠡᠨ ᠴᠠᠬᠢᠯᠭᠠᠨ ᠴᠢᠮᠡᠭᠡ ᠵᠢ ᠡᠯᠭᠦᠵᠡᠢ᠃ ᠡᠮᠦᠨ᠎ᠡ ᠬᠡᠷᠡᠮ ᠳᠡᠭᠡᠷ᠎ᠡ ᠨᠢ ᠮᠠᠤ ᠲᠡᠷᠢᠭᠦᠯᠡᠭ᠌ᠴᠢ᠂ ᠵᠦ᠍ ᠶᠡᠷᠦᠩᠬᠡᠢ ᠰᠸᠯᠢᠨᠭ᠎ᠤᠨ ᠪᠠᠶᠠᠷ᠎ᠤᠨ ᠴᠠᠬᠢᠯᠭᠠᠨ ᠮᠡᠳᠡᠭᠡ ᠢᠯᠡᠬᠡᠨ ᠬᠠᠷᠠᠭ᠍ᠳᠠᠵᠤ᠂ 《ᠥᠩᠭᠡᠷᠡᠭ᠌ᠰᠡᠨ᠎ᠳᠦ ᠬᠦᠴᠢᠷ ᠪᠡᠷᠬᠡᠱᠢᠶᠡᠯ᠎ᠢ ᠬᠠᠱᠢᠷᠠᠲᠠᠯ᠎ᠠ ᠠᠮᠰᠠᠭ᠍ᠰᠠᠨ ᠥᠪᠥᠷ ᠮᠣᠩᠭᠣᠯ᠎ᠤᠨ ᠠᠷᠠᠳ ᠲᠦᠮᠡᠨ ᠲᠠᠨᠠᠷ᠎ᠤᠨ ᠤᠳᠤᠷᠢᠳᠤᠯᠭ᠎ᠠ ᠳᠣᠣᠷ᠎ᠠ᠂ ᠡᠷᠬᠡ ᠴᠢᠯᠥᠭᠡᠳᠦ ᠭᠡᠷᠡᠯ ᠰᠠᠴᠤᠷᠠᠩᠭᠤᠢ ᠲᠡᠦᠬᠡ᠎ᠶ᠋ᠢ ᠡᠭᠦᠳᠴᠦ᠍ ᠪᠠᠢᠨ᠎ᠠ᠃ ᠮᠣᠩᠭᠣᠯ ᠦᠨᠳᠦᠰᠦᠲᠡᠨ ᠬᠢᠲᠠᠳ ᠦᠨᠳᠦᠰᠦᠲᠡᠨ ᠪᠣᠯᠤᠨ ᠤᠯᠤᠰ᠎ᠤᠨ ᠳᠣᠲᠣᠭᠠᠳᠤ᠎ᠶ᠋ᠢᠨ ᠪᠤᠰᠤᠳ ᠦᠨᠳᠦᠰᠦᠲᠡᠨ᠎ᠲᠡᠶ ᠨᠢᠭ᠍ᠲᠠᠷᠠᠨ ᠪᠦᠯᠬᠦᠮᠳᠡᠵᠦ᠍᠂ ᠦᠨᠳᠦᠰᠦᠲᠡᠨ᠎ᠦ ᠳᠠᠷᠤᠯᠠᠯ ᠪᠣᠯᠤᠨ ᠹᠸᠤᠳᠠᠯ᠎ᠤᠨ ᠳᠠᠷᠤᠯᠠᠯ᠎ᠢ ᠱᠦᠭᠦᠷᠳᠡᠨ ᠠᠷᠢᠯᠭᠠᠵᠤ᠂ ᠱᠢᠨ᠎ᠡ ᠮᠣᠩᠭᠣᠯ ᠪᠣᠯᠤᠨ ᠱᠢᠨ᠎ᠡ ᠳᠤᠮᠳᠠᠳᠤ ᠤᠯᠤᠰ᠎ᠢ ᠪᠠᠢᠭᠤᠯᠬᠤ᠎ᠶ᠋ᠢᠨ ᠲᠥᠯᠥᠭᠡ ᠲᠡᠮᠡᠴᠡᠨ᠎ᠡ ᠭᠡᠳᠡᠭ᠎ᠢ ᠪᠢᠳᠡ ᠢᠲᠡᠭᠡᠵᠦ᠍ ᠪᠠᠢᠨ᠎ᠠ᠃ ᠲᠠ᠎ᠨᠠᠷ᠎ᠤᠨ ᠢᠯᠠᠯᠲᠠ᠎ᠶ᠋ᠢ ᠪᠡᠯᠭᠡᠯᠡᠶ᠎ᠡ》 ᠭᠡᠬᠦ᠌ ᠦᠭᠡ ᠨᠢ ᠤᠳᠤ ᠪᠤᠯᠳᠠᠯ᠎ᠠ ᠭᠦᠮᠦᠰ᠎ᠤᠨ ᠰᠡᠳᠭᠢᠯ᠎ᠢ ᠲᠤᠭᠳᠤᠯᠤᠭᠤᠯᠤᠭᠰᠠᠭᠠᠷ᠃

ᠠᠰᠠᠷ᠎ᠤᠨ ᠱᠠᠲᠤ᠎ᠪᠠᠷ ᠬᠣᠶᠠᠳᠤᠭᠠᠷ ᠳᠠᠪᠬᠤᠷᠯᠢᠭ᠎ᠲᠤ ᠭᠠᠷᠪᠠᠯ 《ᠲᠠᠪᠤᠨ ᠰᠠᠷ᠎ᠠ ᠵᠢᠨ ᠨᠢᠭᠡᠨ ᠪ ᠶᠡᠬᠡ ᠬᠤᠷᠠᠯ᠎ᠤᠨ ᠳᠡᠯᠭᠡᠨ ᠦᠵᠡᠭᠦᠯᠭᠡ》᠎ᠨᠢ ᠶᠡᠬᠡ ᠬᠤᠷᠠᠯ᠎ᠤᠨ ᠪᠡᠯᠡᠳᠭᠡᠯ ᠠᠵᠢᠯ᠂ ᠬᠤᠷᠠᠯᠳᠤᠭᠤᠯᠤᠭ᠍ᠰᠠᠨ ᠪᠥᠬᠥ᠌ ᠶᠠᠪᠤᠴᠠ᠎ᠶ᠋ᠢ ᠪᠦᠷᠢᠨ ᠪᠦᠲᠦᠨ᠎ᠢᠶᠡᠷ ᠲᠡᠯᠭᠡᠨ ᠦᠵᠡᠭᠦᠯᠵᠤ ᠪᠠᠢᠭ᠎ᠠ ᠵᠢ ᠤᠯᠵᠤ ᠬᠠᠷᠠᠨ᠎ᠠ᠃

1947 ᠣᠨ᠎ᠤ 4 ᠰᠠᠷ᠎ᠠ᠎ᠶ᠋ᠢᠨ 23᠎ᠤ ᠡᠳᠦᠷ᠂ ᠥᠪᠥᠷ ᠮᠣᠩᠭᠣᠯ᠎ᠤᠨ ᠡᠯ᠎ᠡ ᠬᠣᠱᠢᠭᠤ ᠴᠢᠭᠤᠯᠭᠠᠨ᠎ᠠᠴᠠ ᠢᠷᠡᠭ᠌ᠰᠡᠨ ᠮᠣᠩᠭᠣᠯ᠂ ᠬᠢᠲᠠᠳ᠂ ᠮᠠᠨᠵᠤ᠂ ᠬᠣᠲᠣᠩ ᠵᠡᠷᠭᠡ ᠣᠯᠠᠨ ᠦᠨᠳᠦᠰᠦᠲᠡᠨ᠎ᠢ ᠬᠠᠮᠤᠷᠤᠭ᠍ᠰᠠᠨ 392 ᠲᠥᠯᠥᠭᠡᠯᠡᠭ᠌ᠴᠢ ᠬᠢᠩᠭᠠᠨ ᠠᠢᠮᠠᠭ᠎ᠤᠨ ᠸᠠᠩ᠎ᠤᠨ ᠰᠦᠮ᠎ᠡ ( ᠣᠳᠣ᠎ᠶ᠋ᠢᠨ ᠤᠯᠠᠭᠠᠨᠬᠣᠲᠠ )᠎ᠳ᠋ᠤ᠌ ᠢᠷᠡᠵᠦ᠍ ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭ᠌ᠴᠢᠳ᠎ᠦᠨ ᠬᠤᠷᠠᠯ᠎ᠳᠤ ᠣᠷᠣᠯᠴᠠᠪᠠ᠃

ᠬᠤᠷᠠᠯ ᠳᠡᠭᠡᠷ᠎ᠡ ᠬᠠᠯᠠᠭᠤᠨ᠎ᠢᠶᠠᠷ ᠶᠠᠷᠢᠯᠴᠠᠵᠤ ᠠᠷᠠᠳᠴᠢᠯᠠᠯ᠎ᠢᠶᠠᠷ ᠪᠠᠲᠤᠯᠠᠯᠲᠠ ᠬᠢᠬᠦ᠌᠎ᠪᠡᠷ ᠲᠠᠮᠵᠢᠨ᠂ 1947 ᠣᠨ᠎ᠤ 5 ᠰᠠᠷ᠎ᠠ᠎ᠶ᠋ᠢᠨ 1᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠢ ᠵᠢᠩᠬᠢᠨᠢ᠎ᠪᠡᠷ ᠲᠤᠩᠬᠠᠭ᠍ᠯᠠᠵᠤ᠂ ᠤᠯᠠᠭᠠᠨᠬᠦᠦ (ᠶᠦᠨ ᠽᠸ) ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠎ᠪᠡᠷ ᠰᠣᠩᠭᠣᠭ᠍ᠳᠠᠵᠤ᠂ ᠬᠠᠹᠦᠩᠭ᠎ᠠ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠎ᠪᠡᠷ ᠰᠣᠩᠭᠣᠭ᠍ᠳᠠᠪᠠ᠃ ᠡᠨᠡ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠵᠢᠩᠬᠢᠨᠢ᠎ᠪᠡᠷ ᠮᠡᠨᠳᠦᠯᠡᠭ᠌ᠰᠡᠨ᠎ᠢ ᠬᠠᠷᠠᠭᠤᠯᠵᠤ᠂ ᠮᠠᠨ᠎ᠤ ᠤᠯᠤᠰ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠠᠩᠬᠠᠨ᠎ᠤ ᠵᠠᠮ᠎ᠢ ᠨᠡᠭᠡᠭᠡᠭ᠌ᠰᠡᠨ ᠪᠠᠢᠨ᠎ᠠ᠃

ᠶᠡᠬᠡ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠵᠠᠰᠠᠭ ᠶᠠᠪᠤᠭᠤᠯᠬᠤ ᠬᠥᠲᠥᠯᠪᠦᠷᠢ》 ᠵᠡᠷᠭᠡ ᠴᠢᠬᠤᠯᠠ ᠪᠢᠴᠢᠭ ᠮᠠᠲ᠋ᠧᠷᠢᠶᠠᠯ᠎ᠢ ᠪᠠᠲᠤᠯᠠᠪᠠ᠃ ᠡᠨᠡ ᠬᠦ᠌ ᠠᠭᠤᠤ ᠶᠡᠬᠡ ᠡᠭᠦᠳᠦᠯᠲᠡ ᠨᠢ ᠥᠪᠥᠷ ᠮᠣᠩᠭᠣᠯ᠎ᠤᠨ ᠤᠷᠳᠤ ᠬᠤᠭᠤᠴᠠᠭᠠᠨ᠎ᠤ ᠲᠤᠷᠱᠢᠬᠢ ᠦᠨᠳᠦᠰᠦᠲᠡᠨ᠎ᠦ ᠴᠢᠯᠥᠭᠡᠯᠡᠯᠲᠡ ᠪᠠ ᠥᠪᠡᠷᠲᠡᠭᠡᠨ ᠵᠠᠰᠠᠬᠤ᠎ᠶ᠋ᠢ ᠬᠦᠰᠡᠭ᠌ᠰᠡᠨ ᠬᠦᠰᠡᠯ ᠡᠷᠡᠮᠡᠯᠵᠡᠯ᠎ᠢ ᠪᠡᠶᠡᠯᠡᠭᠦᠯᠵᠦ᠍᠂ ᠪᠦᠬᠦ᠌ ᠤᠯᠤᠰ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠬᠡᠷᠡᠭ᠌ᠵᠢᠭᠦᠯᠬᠦ᠌᠎ᠳᠦ ᠬᠡᠪ ᠳᠠᠭᠤᠷᠢᠶᠠᠯ ᠪᠣᠯᠤᠭ᠍ᠰᠠᠨ ᠪᠠᠢᠨ᠎ᠠ᠃

ᠭᠣᠣᠯ ᠲᠢᠩᠬᠢᠮ᠎ᠦᠨ ᠳᠣᠲᠣᠷ᠎ᠠ᠂ ᠤᠷᠳᠤ ᠮᠣᠳᠣᠨ ᠰᠠᠨᠳᠠᠯᠢ ᠱᠢᠷᠡᠭᠡ ᠲᠡᠷᠢ ᠲᠡᠭ᠌ᠰᠢ ᠵᠢᠭ᠍ᠰᠠᠵᠤ᠂ ᠲᠡᠷᠢᠭᠦᠯᠡᠭ᠌ᠴᠢᠳ᠎ᠦᠨ ᠲᠠᠢᠰᠠᠨ᠎ᠤ ᠳᠡᠭᠡᠷ᠎ᠡ ᠲᠠᠯ᠎ᠠ᠎ᠳᠤ ᠮᠣᠩᠭᠣᠯ ᠦᠰᠦᠭ᠎ᠢᠶᠡᠷ ᠪᠢᠴᠢᠭ᠌ᠰᠡᠨ 《ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭ᠌ᠴᠢᠳ᠎ᠦᠨ ᠬᠤᠷᠠᠯ》᠎ᠤ᠋ᠨ ᠬᠥᠨᠳᠡᠯᠡᠨ ᠪᠢᠴᠢᠭᠡᠰᠦ ᠲᠥᠪ ᠬᠢᠴᠢᠶᠡᠩᠭᠦᠢ ᠢᠯᠡ ᠲᠤᠳᠤ ᠡᠯᠭᠦᠭᠳᠡᠵᠤ᠂ ᠤᠯᠠᠭᠠᠨᠬᠦᠦ᠍᠎ᠶ᠋ᠢᠨ ᠪᠤᠰᠤᠭ᠎ᠠ ᠯᠠ᠎ᠶ᠋ᠢᠨ ᠬᠦᠷᠦᠭ ᠶᠠᠭ ᠯᠠ ᠮᠡᠳᠡᠭᠦᠯᠦᠯᠲᠡ ᠬᠢᠵᠦ᠍ ᠪᠠᠢᠭ᠎ᠠ ᠱᠢᠭ᠋ ᠬᠠᠷᠠᠭᠳᠠᠵᠤ ᠪᠠᠢᠯ᠎ᠠ᠃ ᠡᠷᠬᠢᠨ ᠲᠣᠭᠣᠷᠢᠨ᠎ᠤ ᠬᠡᠷᠡᠮ ᠳᠡᠭᠡᠷ᠎ᠡ᠂ ᠱᠠᠨᠰᠢ ᠭᠠᠨᠰᠦ ᠨᠢᠩᠱᠢᠶᠠ᠎ᠶ᠋ᠢᠨ ᠬᠢᠵᠠᠭᠠᠷ ᠣᠷᠣᠨ᠎ᠤ ᠵᠠᠰᠠᠭ᠎ᠤᠨ ᠣᠷᠳᠣᠨ᠂ ᠵᠡᠭᠦᠨ ᠬᠣᠢᠲᠤ᠎ᠶ᠋ᠢᠨ ᠵᠠᠰᠠᠭ ᠵᠠᠬᠢᠷᠭᠠᠨ᠎ᠤ ᠵᠥᠪᠯᠡᠯ ᠵᠡᠷᠭᠡ ᠡᠯ᠎ᠡ ᠴᠢᠯᠥᠭᠡᠯᠡᠭ᠌ᠳᠡᠭ᠌ᠰᠡᠨ ᠣᠷᠣᠨ ᠡᠴᠡ ᠬᠦᠷᠭᠡᠭ᠌ᠰᠡᠨ ᠪᠠᠶᠠᠷ᠎ᠤᠨ ᠪᠢᠴᠢᠭᠡᠰᠦ ᠬᠡᠷᠡᠮ ᠳᠦᠭᠦᠷᠡᠩ ᠡᠯᠭᠦᠭᠳᠡᠵᠦ᠍᠂ ᠪᠢᠴᠢᠭᠡᠰᠦ ᠨᠢᠭᠡᠪᠦᠷᠢ ᠨᠢ ᠴᠥᠮ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠳᠤ ᠬᠦᠷᠭᠡᠭ᠌ᠰᠡᠨ ᠵᠥᠩᠨᠡᠯ ᠪᠠ ᠳᠡᠮᠵᠢᠯᠭᠡ᠎ᠶ᠋ᠢ ᠠᠴᠢᠶᠠᠯᠠᠭᠰᠠᠨ ᠪᠠᠢᠨ᠎ᠠ᠃

ᠦᠵᠡᠭᠦᠯᠭᠡ᠎ᠶ᠋ᠢᠨ ᠬᠣᠷᠭᠣᠨ ᠳᠣᠲᠣᠷ᠎ᠠ᠂ ᠦᠨᠭᠭᠡ ᠨᠢ ᠰᠢᠷᠠᠯᠠᠭᠰᠠᠨ ᠰᠤᠷᠪᠤᠯᠵᠢ ᠪᠢᠴᠢᠭ ᠮᠠᠲ᠋ᠧᠷᠢᠶᠠᠯ᠂ ᠬᠠᠭᠤᠴᠢᠨ ᠠᠯᠪᠠᠨ ᠭᠡᠷ᠎ᠦᠨ ᠬᠡᠷᠡᠭ᠌ᠰᠡᠯ ᠵᠡᠷᠭᠡ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠨᠢ ᠪᠦᠷ ᠲᠤᠬᠠᠶ᠎ᠶ᠋ᠢᠨ ᠵᠢᠯ ᠎ᠦᠨ ᠦᠯᠢᠭᠡᠷ᠎ᠢ ᠦᠭᠦᠯᠡᠨ ᠶᠠᠷᠢᠬᠤ ᠰᠢᠭ᠋ ᠪᠠᠢᠯ᠎ᠠ ᠁


QQ截图20260603112817.png


ᠣᠬᠣᠷ ᠵᠦᠴᠦᠭᠡ 《ᠲᠠᠪᠤᠨ ᠰᠠᠷ᠎ᠠ᠎ᠶ᠋ᠢᠨ ᠨᠢᠭᠡᠨ᠎ᠦ  ᠶᠡᠬᠡ ᠬᠤᠷᠠᠯ》

ᠤᠦ ᠱ᠌ᠢ ᠴᠤᠤ ᠰᠡᠭᠦᠳᠡᠷᠯᠡᠪᠡ


ᠠᠮᠢᠳᠤᠯᠢᠭ ᠵᠢᠡᠷ ᠤᠯᠠᠮᠵᠢᠯᠠᠵᠤ   ᠪᠤᠳᠠᠳᠠᠢ ᠪᠡᠷ ᠦᠢᠯᠡᠳᠦᠯᠭᠡᠵᠢᠭᠦᠯᠦᠨ᠎ᠡ

ᠲᠡᠦᠬᠡ ᠪᠣᠯ ᠬᠠᠮᠤᠭ᠎ᠤᠨ ᠰᠠᠢ᠌ᠨ ᠰᠤᠷᠬᠤ ᠪᠢᠴᠢᠭ᠂ ᠬᠤᠪᠢᠰᠭᠠᠯ᠎ᠤᠨ ᠡᠬᠢ ᠪᠠᠶᠠᠯᠢᠭ ᠪᠣᠯ ᠬᠠᠮᠤᠭ᠎ᠤᠨ ᠡᠷᠬᠢᠮ ᠨᠠᠨᠳᠢᠨ ᠤᠶᠤᠨ ᠰᠠᠨᠠᠭᠠᠨ᠎ᠤ ᠡᠳ᠋ ᠪᠠᠶᠠᠯᠢᠭ ᠮᠥᠨ᠃ ᠤᠢ᠍ᠢᠷ᠎ᠠ᠎ᠶ᠋ᠢᠨ ᠵᠢᠯ᠎ᠦᠳ᠎ᠲᠦ ᠭᠢᠨᠭᠭᠠᠨ ᠠᠢᠮᠠᠭ 《ᠬᠠᠮᠠᠭᠠᠯᠠᠬᠤ ᠪᠡᠷ ᠭᠤᠤᠯ ᠪᠤᠯᠭᠠᠵᠤ᠂ ᠬᠠᠭᠤᠴᠢᠨ ᠵᠢᠡᠷ ᠨᠢ ᠪᠠᠢᠯᠭᠠᠬᠤ》 ᠵᠠᠷᠴᠢᠮ᠎ᠢ ᠢᠮᠠᠭᠳᠠ ᠪᠠᠷᠢᠮᠳᠠᠯᠠᠵᠤ᠂ 《ᠲᠠᠪᠤᠨ ᠰᠠᠷ᠎ᠠ ᠵᠢᠨ ᠨᠢᠭᠡᠨ᠎ᠤ ᠬᠤᠷᠠᠯ᠎ᠤᠨ ᠪᠠᠭᠤᠷᠢ》᠎ᠵᠢ  ᠪᠦᠭᠦ ᠲᠠᠯ᠎ᠠ ᠪᠡᠷ ᠵᠠᠰᠠᠵᠤ ᠰᠠᠯᠪᠢᠨ ᠲᠠᠰ ᠲᠡᠪᠰᠢᠭᠦᠯᠵᠤ᠂ ᠲᠤᠰ ᠲᠡᠦᠭᠡ ᠵᠢᠨ ᠪᠠᠷᠢᠯᠭ᠎ᠠ ᠵᠢ ᠰᠢᠨ᠎ᠠ ᠠᠮᠢᠵᠢᠷᠠᠯ᠎ᠤᠨ ᠭᠦᠴᠦᠨ ᠲᠠᠢ ᠪᠤᠯᠭᠠᠵᠠᠢ᠃

ᠤᠯᠤᠰ᠎ᠤᠨ ᠲᠡᠰ᠎ᠤᠨ ᠤᠯᠠᠨ ᠤᠯᠠᠨ ᠦᠨᠭᠭᠡ ᠭᠡᠷᠡᠯ ᠨᠢ 《ᠲᠠᠪᠤᠨ ᠰᠠᠷ᠎ᠠ ᠵᠢᠨ ᠨᠢᠭᠡᠨ᠎ᠤ ᠬᠤᠷᠠᠯ᠎ᠤᠨ ᠪᠠᠭᠤᠷᠢ》 ᠨᠢ ᠬᠤᠪᠢᠰᠬᠠᠯᠳᠤ ᠤᠬᠠᠭᠤᠯᠭ᠎ᠠ᠂ ᠰᠤᠶᠤᠯ ᠵᠢᠭᠤᠯᠴᠢᠯᠠᠯ᠂ ᠰᠤᠳᠤᠯᠤᠨ ᠰᠤᠷᠤᠯᠴᠠᠵᠤ ᠦᠢᠯᠡᠳᠦᠯᠭᠡᠵᠢᠭᠦᠯᠭᠦ ᠵᠢ ᠤᠶᠠᠯᠳᠤᠭᠤᠯᠤᠭᠰᠠᠨ ᠶᠠᠷᠦᠨᠭᠭᠡᠢᠯᠡᠭᠰᠡᠨ ᠴᠢᠨᠠᠷᠳᠠᠢ ᠰᠠᠭᠤᠷᠢᠨ ᠭᠠᠵᠠᠷ ᠪᠤᠯᠵᠠᠢ᠃ 1986 ᠤᠨ᠎ᠳᠤ 《ᠲᠠᠪᠤᠨ ᠰᠠᠷ᠎ᠠ ᠵᠢᠨ ᠨᠢᠭᠡᠨ᠎ᠤ ᠬᠤᠷᠠᠯ᠎ᠤᠨ ᠪᠠᠭᠤᠷᠢ》 ᠨᠢ ᠦᠪᠦᠷ ᠮᠤᠨᠭᠭᠤᠯ᠎ᠤᠨ ᠭᠤᠤᠯᠳᠠᠯᠭ᠎ᠠ ᠲᠠᠢ ᠲᠡᠦᠭᠡ ᠵᠢᠨ ᠲᠤᠷᠠᠰᠬᠠᠯᠳᠤ ᠵᠦᠢᠯᠡᠰ᠎ᠤᠨ ᠬᠠᠮᠠᠭᠠᠯᠠᠯᠳᠠ ᠵᠢᠨ ᠨᠢᠭᠡᠴᠡ ᠪᠤᠯᠵᠤ᠂ 2006 ᠤᠨ ᠎ᠳᠤ᠂ ᠲᠦᠷᠦ ᠵᠢᠨ ᠶᠠᠪᠤᠳᠠᠯ᠎ᠤᠨ ᠬᠤᠷᠢᠶ᠎ᠡ ᠡᠴᠡ ᠪᠦᠭᠦ ᠤᠯᠤᠰ᠎ᠤᠨ ᠭᠤᠤᠯᠳᠠᠯᠭ᠎ᠠ ᠲᠠᠢ ᠲᠡᠦᠭᠡ ᠵᠢᠨ ᠲᠤᠷᠠᠰᠬᠠᠯᠳᠤ ᠵᠦᠢᠯᠡᠰ᠎ᠤᠨ ᠬᠠᠮᠠᠭᠠᠯᠠᠯᠳᠠ ᠵᠢᠨ ᠨᠢᠭᠡᠴᠡ᠂ ᠪᠦᠭᠦ ᠤᠯᠤᠰ᠎ᠤᠨ ᠦᠨᠳᠦᠰᠦᠳᠡᠨ᠎ᠤ ᠪᠦᠯᠭᠦᠮᠳᠠᠯ ᠲᠠᠪᠰᠢᠯᠳᠠ ᠵᠢᠨ ᠰᠤᠷᠭᠠᠨ ᠭᠦᠮᠦᠵᠢᠯ᠎ᠤᠨ ᠰᠠᠭᠤᠷᠢᠨ ᠵᠢᠡᠷ ᠲᠤᠭᠳᠠᠭᠠᠭᠳᠠᠵᠤ᠂ 2009 ᠤᠨ᠎ᠳᠤ ᠲᠦᠪ᠎ᠤᠨ ᠤᠬᠠᠭᠤᠯᠬᠤ ᠭᠡᠯᠳᠡᠰ ᠡᠴᠡ ᠪᠦᠭᠦ ᠤᠯᠤᠰ᠎ᠤᠨ ᠤᠯᠤᠰ ᠵᠢᠡᠨ ᠬᠠᠢᠷᠠᠯᠠᠬᠤ ᠭᠦᠮᠦᠵᠢᠯ᠎ᠤᠨ ᠵᠢᠱ᠌ᠢᠶ᠎ᠠ ᠦᠵᠡᠭᠦᠯᠭᠦ ᠰᠠᠭᠤᠷᠢᠨ ᠵᠢᠡᠷ ᠨᠠᠷᠠᠢᠳᠦᠭᠳᠡᠵᠡᠢ᠃

ᠡᠨᠡ ᠵᠢᠯ᠎ᠤᠨ ᠲᠦᠷᠦᠭᠦᠦ 4 ᠰᠠᠷ᠎ᠠ᠎ᠳᠤ᠂ 《ᠲᠠᠪᠤᠨ ᠰᠠᠷ᠎ᠠ ᠵᠢᠨ ᠨᠢᠭᠡᠨ᠎ᠤ ᠬᠤᠷᠠᠯ᠎ᠤᠨ ᠪᠠᠭᠤᠷᠢ》 ᠨᠢ ᠨᠢᠭᠡᠨᠳᠡ 38865 ᠭᠦᠮᠦᠨ ᠤᠳᠠᠭ᠎ᠠ ᠵᠢᠨ ᠵᠢᠭᠤᠯᠴᠢᠯᠠᠭᠴᠢ᠂ 92 ᠪᠦᠯᠭᠦᠮ ᠨᠢᠭᠡᠴᠡ ᠵᠢ ᠭᠦᠯᠢᠶᠠᠨ ᠠᠪᠴᠦ᠂ ᠡᠭᠦᠨ ᠎ᠳᠤ ᠨᠠᠮ ᠵᠠᠰᠠᠭ᠎ᠤᠨ ᠠᠯᠪᠠᠨ ᠪᠠᠢᠭᠤᠯᠤᠯᠭ᠎ᠠ ᠠᠵᠤ ᠠᠬᠤᠢᠯᠠᠯ ᠵᠡᠷᠭᠡ ᠪᠠᠢᠭᠤᠯᠭ᠎ᠠ ᠨᠢᠭᠡᠴᠡ ᠡᠨᠳᠡ 16 ᠤᠳᠠᠭᠠᠨ᠎ᠤ ᠭᠤᠤᠯ ᠰᠡᠳᠦᠪᠳᠦ ᠨᠠᠮ ᠎ᠤᠨ ᠡᠳᠦᠷ᠎ᠤᠨ ᠠᠵᠢᠯᠯᠠᠭ᠎ᠠ ᠦᠷᠨᠢᠭᠦᠯᠵᠤ᠂ ᠬᠤᠪᠢᠰᠬᠠᠯᠳᠤ ᠵᠢᠭᠤᠯᠴᠢᠯᠠᠯ᠎ᠤᠨ ᠬᠠᠯᠠᠭᠤᠷᠠᠯ ᠦᠷᠭᠦᠯᠵᠢᠯᠡᠨ ᠨᠡᠮᠡᠭᠳᠡᠵᠤ ᠪᠤᠢ᠃

ᠤᠭ ᠰᠠᠨᠠᠭ᠎ᠠ ᠪᠠᠨ ᠮᠠᠷᠳᠠᠯ ᠦᠭᠡᠢ ᠬᠤᠪᠢᠰᠬᠠᠯᠳᠤ ᠤᠯᠠᠮᠵᠢᠯᠠᠯ ᠵᠢᠡᠨ ᠵᠠᠯᠭᠠᠮᠵᠢᠯᠠᠨ ᠪᠠᠳᠠᠷᠠᠭᠤᠯᠤᠨ᠎ᠠ᠃ 《ᠲᠠᠪᠤᠨ ᠰᠠᠷ᠎ᠠ ᠵᠢᠨ ᠨᠢᠭᠡᠨ᠎ᠤ ᠬᠤᠷᠠᠯ᠎ᠤᠨ ᠪᠠᠭᠤᠷᠢ》 ᠨᠢ ᠨᠢᠭᠡᠨᠳᠡ ᠪᠠᠷᠢᠯᠭ᠎ᠠ ᠵᠢᠨ ᠤᠳᠬ᠎ᠠ ᠠᠭᠤᠯᠭ᠎ᠠ ᠡᠴᠡ ᠲᠠᠪᠠᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠲᠤᠤᠷᠠᠭᠢ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠲᠦᠷᠢᠮ᠎ᠤᠨ ᠠᠭᠤᠤ ᠶᠡᠭᠡ ᠦᠢᠯᠡᠳᠦᠯᠭᠡ ᠵᠢ ᠭᠡᠷᠡᠴᠢᠯᠡᠵᠤ᠂ ᠦᠪᠦᠷ ᠮᠤᠨᠭᠭᠤᠯ᠎ᠤᠨ ᠦᠨᠳᠦᠰᠦᠳᠡᠨ ᠨᠤᠭᠦᠳ᠎ᠤᠨ ᠠᠷᠠᠳ ᠲᠦᠮᠡᠨ ᠪ  ᠪᠦᠯᠭᠦᠮᠳᠡᠯ ᠲᠠᠪᠰᠢᠯᠳᠡ ᠵᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠠᠴᠢᠶᠠᠯᠠᠵᠤ᠂ ᠬᠤᠪᠢᠰᠠᠬᠯᠳᠤ ᠭᠸᠨ᠎ᠤ ᠰᠢᠨ᠎ᠠ ᠴᠠᠭ ᠦᠶ᠎ᠠ᠎ᠳ᠋ᠡᠭᠢ ᠤᠯᠠᠮᠵᠢᠯᠠᠯ ᠵᠠᠯᠭᠠᠮᠵᠢᠯᠠᠯ᠎ᠢ ᠲᠡᠮᠳᠡᠭᠯᠡᠵᠤ᠂ ᠦᠪᠦᠷ ᠮᠤᠨᠭᠭᠤᠯ᠎ᠤᠨ ᠦᠶ᠎ᠠ ᠦᠶ᠎ᠠ ᠵᠢᠨ ᠬᠦᠪᠡᠭᠦᠳ ᠦᠭᠢᠳ᠎ᠤᠨ ᠤᠷᠤᠭᠰᠢᠯᠠᠨ ᠲᠡᠮᠡᠦᠯᠭᠦ ᠵᠢ ᠤᠷᠢᠶᠠᠯᠠᠨ ᠵᠤᠷᠢᠭᠵᠢᠭᠤᠯᠤᠭᠰᠠᠭᠠᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号