ᠸᠠᠩ ᠸᠧᠢ ᠵᠦᠩ ᠪᠦᠦ ᠭᠠᠩ ᠬᠤᠸᠠ ᠸᠧᠢ ᠺᠣᠮᠫᠠᠨᠢ᠎ᠶ᠋ᠢᠨ ᠳᠡᠭᠡᠳᠦ ᠵᠡᠷᠭᠡ᠎ᠶ᠋ᠢᠨ ᠳᠡᠳ᠋ ᠶᠡᠷᠦᠩᠬᠡᠢ ᠵᠠᠬᠢᠷᠤᠯ ᠷᠧᠨ ᠱᠤ᠌ ᠯᠦ᠍᠎ᠲᠡᠶ ᠠᠭᠤᠯᠵᠠᠪᠠ
2026-06-03 10:56:28
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠬᠤᠸᠠ ᠸᠧᠶ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠳᠡᠭᠡᠳᠦ ᠵᠡᠷᠭᠡ᠎ᠶ᠋ᠢᠨ ᠳᠡᠳ᠋ ᠶᠡᠷᠦᠩᠬᠡᠢ ᠵᠠᠬᠢᠷᠤᠯ᠂ ᠪᠠᠢᠩᠭᠤ᠎ᠶ᠋ᠢᠨ ᠬᠢᠨᠠᠭ᠍ᠴᠢ ᠷᠧᠨ ᠱᠤ᠌ ᠯᠦ᠍᠎ᠨᠡᠷ᠎ᠲᠡᠶ ᠠᠭᠤᠯᠵᠠᠪᠠ᠃

ᠸᠠᠩ ᠸᠧᠢ ᠵᠦᠩ᠂ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠷᠧᠨ ᠱᠤ᠌ ᠯᠦ᠍᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠬᠤᠸᠠ ᠸᠧᠢ ᠺᠣᠮᠫᠠᠨᠢ᠎ᠶ᠋ᠢᠨ ᠬᠢᠨ᠎ᠤ ᠲᠣᠭᠠᠴᠢᠯᠠᠭ᠍ᠰᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠪᠡ᠃ ᠸᠠᠩ ᠸᠧᠢ ᠵᠦᠩ᠂ ᠣᠳᠣᠬᠠᠨ ᠳ᠋ᠤ᠂ ᠪᠦᠬᠦ ᠣᠷᠣᠨ ᠳᠠᠶᠠᠭᠠᠷ᠎ᠢᠶᠡᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠤᠯᠤᠰ᠎ᠠᠴᠠ《ᠵᠡᠭᠦᠨᠳᠡᠬᠢ ᠳ᠋ᠠᠢᠲ᠋ᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》 ᠢᠨᠵᠧᠨᠧᠷᠢᠩ᠎ᠢ ᠠᠬᠢᠭᠤᠯᠵᠤ ᠪᠠᠢᠭ᠎ᠠ ᠴᠢᠬᠤᠯᠠ ᠶᠡᠬᠡ ᠠᠵᠠ ᠲᠣᠬᠢᠶᠠᠯ᠎ᠢ ᠠᠮᠵᠢᠵᠤ᠂ ᠪᠦᠬᠦ᠌ ᠤᠯᠤᠰ᠎ᠤᠨ ᠨᠢᠭᠡ ᠴᠤᠭ᠍ᠴᠠᠵᠢᠭᠤᠯᠤᠭ᠍ᠰᠠᠨ ᠪᠤᠳᠤᠯᠳᠠ ᠵᠢᠨ ᠬᠦᠴᠦᠨ᠎ᠦ ᠲᠤᠤᠷ ᠤ᠋ᠨ ᠬᠦᠢᠰᠦ ᠵᠢᠨ ᠵᠠᠩᠬᠢᠯᠠᠭ᠎ᠠ ᠵᠢᠨ ᠴᠡᠭ ᠤ᠋ᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠰᠠᠭᠤᠷᠢ ᠲᠥᠬᠥᠭᠡᠷᠦᠮᠵᠢ᠎ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠵᠤ᠂ ᠪᠤᠳᠤᠯᠳᠠ ᠵᠢᠨ ᠬᠦᠴᠦᠨ᠎ᠦ ᠬᠡᠪᠴᠢᠶ᠎ᠡ᠎ᠶ᠋ᠢᠨ ᠦᠷᠭᠦᠯᠵᠢᠯᠡᠨ ᠨᠡᠮᠡᠭ᠌ᠳᠡᠬᠦ᠌᠂  ᠪᠤᠳᠤᠯᠳᠠ ᠵᠢᠨ ᠬᠦᠴᠦᠨ ᠤ᠋ ᠠᠵᠤ ᠠᠬᠤᠢ᠎ᠶ᠋ᠢᠨ ᠬᠥᠭ᠌ᠵᠢᠡ ᠪᠤᠵᠠᠭᠠᠢᠷᠠᠬᠤ ᠵᠢ ᠠᠬᠢᠭᠤᠯᠵᠥ᠂ ᠥᠪᠥᠷ ᠮᠣᠩᠭᠣᠯ᠎ᠢ ᠪᠥᠬᠥ᠌ ᠤᠯᠤᠰ᠎ᠤᠨ ᠪᠣᠬᠢᠷᠲᠤᠯ ᠥᠬᠡᠶ ᠪᠤᠳᠤᠯᠳᠠ ᠵᠢᠨ ᠬᠦᠴᠦᠨ ᠤ᠋ ᠥᠨᠳᠥᠷᠯᠢᠭ᠂ ᠳ᠋ᠠᠢᠲ᠋ᠠ᠎ᠶ᠋ᠢᠨ ᠠᠵᠤ ᠦᠶ᠋ᠯᠡᠰ᠎ᠦᠨ ᠲᠥᠪᠯᠡᠷᠡᠭᠰᠡᠨ ᠣᠷᠣᠨ ᠪᠠ 《 ᠪᠣᠬᠢᠷᠲᠤᠯ ᠥᠬᠡᠶ ᠪᠤᠳᠤᠯᠳᠠ ᠵᠢᠨ ᠬᠦᠴᠦᠨ + ᠵᠣᠬᠢᠶᠠᠮᠠᠯ ᠣᠶᠤᠨ ᠴᠢᠳᠠᠪᠤᠷᠢ 》 ᠎ᠶ᠋ᠢᠨ ᠬᠡᠷᠡᠭ᠌ᠯᠡᠭᠡᠨ᠎ᠦ ᠰᠠᠭᠤᠷᠢᠨ ᠪᠤᠯᠭᠠᠨ ᠪᠦᠬᠦ ᠬᠦᠴᠦᠨ ᠵᠢᠡᠷ ᠵᠢᠡᠨ ᠡᠭᠦᠳᠦᠨ ᠴᠤᠬᠴᠠᠯᠠᠵᠥ ᠪᠠᠢᠨ᠎ᠠ᠃ ᠬᠤᠸᠠ ᠸᠧᠢ ᠺᠣᠮᠫᠠᠨᠢ ᠪᠣᠯ ᠪᠦᠬᠦ᠌ ᠪᠥᠮᠪᠥᠷᠴᠡᠭ᠎ᠦᠨ ᠲᠡᠷᠢᠭᠦᠨ᠎ᠦ ᠮᠡᠳᠡᠭᠡ ᠵᠠᠩᠭᠢ ᠬᠢᠭᠡᠳ ᠴᠢᠮᠡᠭᠡ ᠬᠣᠯᠪᠣᠭᠠᠨ᠎ᠤ ᠰᠠᠭᠤᠷᠢ ᠲᠥᠬᠥᠭᠡᠷᠦᠮᠵᠢ ᠪᠣᠯᠤᠨ ᠤᠶᠤᠨᠲᠤ ᠦᠵᠦᠭᠦᠷᠯᠢᠭ ᠤ᠋ᠨ ᠬᠠᠩᠭᠠᠯᠭ᠎ᠠ᠎ᠶ᠋ᠢᠨ ᠠᠵᠤ ᠠᠬᠤᠢᠯᠠᠯ ᠮᠦᠨ᠂ ᠮᠠᠨ᠎ᠤ ᠤᠯᠤᠰ᠎ᠤᠨ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠦᠭᠰᠡᠨ ᠦᠯᠢᠬᠡᠷ ᠳᠠᠭᠤᠷᠢᠶᠠᠯ ᠪᠣᠯᠤᠨ᠎ᠠ᠃ ᠬᠤᠸᠠ ᠸᠧᠶ ᠺᠣᠮᠫᠠᠨᠢ ᠵᠢᠨ ᠬᠢᠨ ᠥᠪᠥᠷ ᠮᠣᠩᠭᠣᠯ᠎ᠯᠤᠭ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠬᠤᠸᠠ ᠸᠧᠶ ᠡᠭᠦᠯᠡᠨ ᠳ᠋ᠠᠢᠲ᠋ᠠ᠎ᠶ᠋ᠢᠨ ᠲᠥᠪ᠎ᠦᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠪᠣᠬᠢᠷᠲᠤᠯ ᠥᠬᠡᠶ ᠪᠤᠳᠤᠯᠳᠠ ᠵᠢᠨ ᠬᠦᠴᠦᠨ᠂ ᠵᠣᠬᠢᠶᠠᠮᠠᠯ ᠣᠶᠤᠨ ᠴᠢᠳᠠᠪᠤᠷᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠳ᠋ᠠᠢᠲ᠋ᠠ᠎ᠶ᠋ᠢᠨ ᠠᠷᠠᠯᠵᠢᠶ᠎ᠠ ᠵᠡᠷᠭᠡ ᠬᠦᠷᠢᠶᠡᠨ᠎ᠳᠦ ᠠᠵᠤ ᠦᠶ᠋ᠯᠡᠰ᠎ᠦᠨ ᠪᠠᠢᠷᠢᠱᠢᠭᠤᠯᠤᠯᠲᠠ᠎ᠪᠠᠨ ᠥᠷᠭᠡᠳᠭᠡᠬᠦ᠌᠂ ᠪᠠᠯᠠ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠣᠢᠵᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳ᠋ᠤ ᠬᠦᠴᠦᠨ ᠨᠡᠮᠡᠷᠢᠯᠡᠬᠦ ᠵᠢ ᠬᠦᠰᠡᠵᠦ᠍ ᠪᠠᠢᠨ᠎ᠠ᠃ ᠡᠨᠡ ᠵᠢᠯ ᠪᠣᠯ ᠥᠪᠥᠷ ᠮᠣᠩᠭᠣᠯ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠢᠯ ᠪᠣᠯᠤᠨ᠎ᠠ᠂ ᠪᠢᠳᠡ ᠦᠷᠭᠦᠯᠵᠢᠯᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ᠂ ᠬᠤᠸᠠ ᠸᠧᠶ ᠺᠣᠮᠫᠠᠨᠢ᠎ᠶ᠋ᠢ ᠪᠠᠭ᠍ᠲᠠᠭᠠᠭ᠍ᠰᠠᠨ ᠡᠯ᠎ᠡ ᠲᠥᠷᠥᠯ᠎ᠦᠨ ᠠᠵᠤ ᠠᠬᠤᠢᠯᠠᠯ᠎ᠤᠨ ᠪᠠᠯᠠ ᠣᠷᠣᠭᠤᠯᠵᠤ ᠠᠵᠢᠯ ᠦᠶ᠋ᠯᠡᠰ ᠵᠢᠡᠨ ᠬᠦᠭᠵᠢᠭᠦᠯᠬᠦ ᠳ᠋ᠤ ᠨᠠᠩ ᠱᠢᠯᠢᠳᠡᠭ ᠦᠶ᠋ᠯᠡᠴᠢᠯᠡᠭᠡ ᠬᠠᠩᠭᠠᠵᠤ᠂ ᠨᠠᠩ ᠰᠠᠢᠨ ᠨᠥᠬᠥᠴᠡᠯ᠎ᠢ ᠡᠭᠦᠳᠴᠦ᠍ ᠥᠭ᠌ᠭᠦᠨ᠎ᠡ ᠭᠡᠪᠡ᠃

ᠷᠧᠨ ᠱᠤ᠌ ᠯᠦ᠍ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠬᠤᠸᠠ ᠸᠧᠢ ᠺᠣᠮᠫᠠᠨᠢ᠎ᠳᠤ ᠬᠦᠴᠦᠲᠡᠢ ᠳᠡᠮᠵᠢᠯᠭᠡ ᠪᠣᠯᠤᠨ ᠬᠠᠪᠰᠤᠷᠤᠯᠭ᠎ᠠ ᠦᠵᠡᠭᠦᠯᠦᠭ᠌ᠰᠡᠨ᠎ᠳᠤ ᠲᠠᠯᠠᠷᠬᠠᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠨᠠᠢ᠍ᠮᠠᠨ ᠶᠡᠬᠡ ᠪᠤᠳᠤᠯᠳᠠ᠎ᠶ᠋ᠢᠨ ᠬᠦᠴᠦᠨ᠎ᠦ ᠬᠦᠢᠰᠦ ᠵᠢᠨ ᠵᠠᠩᠬᠢᠯᠠᠭ᠎ᠠ ᠵᠢᠨ ᠴᠡᠭ ᠪᠠ ᠠᠷᠪᠠᠨ ᠶᠡᠬᠡ ᠳ᠋ᠠᠢᠲ᠋ᠠ᠎ᠶ᠋ᠢᠨ ᠲᠥᠪ᠎ᠦᠨ ᠪᠦᠯᠦᠭ᠌ᠵᠢᠯ᠎ᠦᠨ ᠨᠢᠭᠡ ᠪᠣᠯᠤᠨ᠎ᠠ᠂ ᠣᠷᠣᠨ ᠪᠠᠢᠷᠢ᠎ᠶ᠋ᠢᠨ ᠳᠠᠪᠠᠭᠤᠯᠢᠭ ᠲᠤᠪᠤᠢ᠌ᠮ᠎ᠠ ᠪᠠᠢᠬᠤ᠎ᠪᠠᠷ ᠪᠠᠷᠠᠬᠤ ᠦᠭᠡᠢ᠂ ᠨᠡᠩ ᠴᠤ᠌ ᠤᠶᠤᠨᠲᠤ ᠪᠤᠳᠤᠯᠳᠠ ᠵᠢᠨ ᠬᠦᠴᠦᠨ᠎ᠤ ᠬᠦᠷᠢᠶᠡᠯᠡᠩ ᠲᠣᠭᠣᠷᠢᠭ᠎ᠲᠤ ᠥᠨᠳᠥᠷ ᠬᠠᠷᠢᠴᠠᠯ᠎ᠢᠶᠡᠷ᠂ ᠳᠣᠣᠷ᠎ᠠ ᠥᠪᠡᠷ᠎ᠦᠨ ᠦᠷᠳᠡᠭ᠎ᠲᠡᠶ᠂ ᠲᠤᠭᠳᠠᠭᠤᠨ ᠪᠤᠬᠢᠷᠳᠤᠯ ᠦᠭᠡᠢ ᠴᠠᠬᠢᠯᠭᠠᠨ ᠬᠠᠩᠭᠠᠵᠤ ᠲᠡᠢᠯᠬᠦ ᠥᠪᠡᠷᠮᠢᠴᠡ ᠤᠨᠴᠠᠭᠠᠢ ᠳᠠᠪᠠᠭᠤᠯᠢᠭ᠎ᠲᠠᠶ ᠶᠤᠮ᠂ ᠡᠢᠮᠦᠷᠬᠦᠦ 《 ᠪᠤᠬᠢᠷᠳᠤᠯ ᠦᠭᠡᠢ + ᠪᠤᠳᠤᠯᠳᠠ ᠵᠢᠨ ᠬᠦᠴᠦᠨ》 ᠤ᠋ ᠤᠨᠴᠠᠭᠠᠢ ᠳᠠᠪᠠᠭᠤᠯᠢᠭ ᠪᠣᠯ ᠶᠠᠭ ᠢᠷᠡᠭᠡᠳᠦᠢ᠎ᠶ᠋ᠢᠨ AI  ᠴᠠᠭ ᠦᠶ᠎ᠡ᠎ᠶ᠋ᠢᠨ ᠥᠷᠢᠰᠥᠯᠳᠦᠬᠦ ᠵᠠᠩᠭᠢᠯᠠᠭ᠎ᠠ᠎ᠶ᠋ᠢᠨ ᠠᠰᠢᠭᠳᠠᠢ ᠪᠠᠢᠷᠢ ᠪᠣᠯᠤᠨ᠎ᠠ᠃ ᠬᠤᠸᠠ ᠸᠧᠶ ᠺᠣᠮᠫᠠᠨᠢ ᠥᠪᠥᠷ ᠮᠣᠩᠭᠣᠯ᠎ᠤᠨ ᠪᠤᠳᠤᠯᠳᠠ ᠵᠢᠨ ᠬᠦᠴᠦᠨ᠎ᠦ ᠬᠦᠷᠢᠶᠡᠨ᠎ᠳᠡᠬᠢ ᠬᠥᠭ᠌ᠵᠢᠯᠲᠡ᠎ᠶ᠋ᠢᠨ ᠳᠠᠯᠳᠠ ᠬᠦᠴᠦᠨ ᠳ᠋ᠤ ᠮᠠᠰᠢ ᠢᠳᠡᠬᠡᠯ ᠲᠠᠢ  ᠪᠠᠢᠨ᠎ᠠ᠂ ᠲᠠᠷᠠᠭᠠᠴᠢ᠎ᠶ᠋ᠢᠨ ᠠᠯᠬᠤᠮ᠎ᠳᠤ ᠬᠣᠷᠢᠨᠭᠡᠷ᠂ ᠤᠯᠠᠭᠠᠨᠴᠠᠪ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠳᠡᠬᠢ ᠪᠠᠢᠷᠢᠱᠢᠭᠤᠯᠤᠯᠲᠠ ᠪᠠ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠦ᠍᠂ 《 ᠪᠣᠬᠢᠷᠲᠤᠯ ᠥᠬᠡᠶ ᠴᠠᠬᠢᠯᠭᠠᠨ — ᠪᠤᠳᠤᠯᠳᠠ ᠵᠢᠨ ᠬᠦᠴᠦᠨ — ᠵᠠᠭ᠍ᠪᠤᠷ — ᠠᠵᠤ ᠦᠶ᠋ᠯᠡᠰ》ᠤ᠋ᠨ ᠪᠥᠬᠥ᠌ ᠬᠡᠯᠬᠢᠶ᠎ᠡ᠎ᠶ᠋ᠢᠨ ᠪᠦᠲᠦᠭᠡᠨ ᠪᠠᠢᠭᠤᠯᠤᠯᠲᠠ᠎ᠳᠤ ᠭᠦᠨᠵᠡᠭᠡᠶ ᠣᠷᠣᠯᠴᠠᠵᠤ᠂ ᠪᠤᠳᠤᠯᠳᠠ ᠵᠢᠨ ᠬᠦᠴᠦᠨ ᠤ᠋ ᠬᠠᠩᠭᠠᠭ᠍ᠴᠢ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ 《ᠨᠠᠭᠠᠯᠳᠤᠭᠤᠯᠤᠭ᠍ᠴᠢ》 ᠪᠣᠯᠵᠣ᠂ ᠥᠪᠡᠷᠲᠡᠭᠡᠨ ᠵᠠᠰᠠᠬᠤ ᠣᠷᠣᠨ᠎ᠲᠠᠶ ᠬᠠᠮᠲᠤ᠎ᠪᠠᠷ ᠥᠪᠥᠷ ᠮᠣᠩᠭᠣᠯ᠎ᠢ ᠪᠥᠬᠥ᠌ ᠤᠯᠤᠰ᠎ᠲᠤ ᠦᠶ᠋ᠯᠡᠴᠢᠯᠡᠬᠦ᠌᠂ ᠧᠦ᠋ᠷᠣᠫᠠ ᠠᠽᠢᠶ᠎ᠠ᠎ᠶ᠋ᠢ  ᠨᠥᠯᠥᠭᠡᠯᠡᠨ ᠲᠠᠢᠴᠢᠯᠠᠬᠤ ᠳᠡᠯᠡᠬᠡᠶ᠎ᠶ᠋ᠢᠨ ᠲᠠᠰ᠎ᠤᠨ ᠪᠣᠬᠢᠷᠲᠤᠯ ᠥᠬᠡᠶ ᠤᠶᠤᠨᠲᠤ ᠪᠤᠳᠤᠯᠳᠠ ᠵᠢᠨ ᠬᠦᠴᠦᠨ᠎ᠤ ᠬᠦᠶ᠋ᠰᠦ ᠪᠣᠯᠭᠠᠨ ᠪᠥᠲᠥᠭᠡᠨ ᠪᠠᠢᠭᠤᠯᠤᠨ᠎ᠠ ᠭᠡᠵᠤ ᠢᠯᠡᠳᠭᠡᠵᠠᠢ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号