6 ᠰᠠᠷ᠎ᠠ ᠶ᠋ᠢᠨ 1 ᠤ᠋ ᠡᠳᠦᠷ ᠂ ᠳᠤᠮᠳᠠᠳᠤ ᠤᠯᠤᠰ ᠤᠨ ᠲᠥᠪ ᠦᠨ ᠷᠠᠳᠢᠣ᠋ ᠲᠧᠯᠸᠢᠰ ᠦᠨ ᠶᠡᠷᠦᠩᠬᠡᠢ ᠬᠣᠷᠢᠶ᠎ᠠ ᠶ᠋ᠢᠨ ᠦᠢᠯᠡᠳᠦᠭ᠌ᠰᠡᠨ 《ᠰᠢ ᠵᠢᠨ ᠫᠢᠩ᠎ᠦᠨ ᠰᠣᠶᠣᠯ᠎ᠤᠨ ᠬᠤᠪᠢ ᠪᠠᠷᠢᠯᠲᠤᠯᠭ᠎ᠠ》᠂ 《ᠠᠶᠠᠯᠠᠯ ᠵᠠᠮᠴᠢᠯᠠᠬᠤᠢ (ᠤᠯᠠᠨ ᠤᠯᠤᠰ᠎ᠤᠨ ᠬᠡᠪᠯᠡᠯ)》᠂ 《ᠰᠤᠳᠤᠷ ᠪᠢᠴᠢᠭ᠎ᠲᠡᠬᠢ ᠱᠢᠨ᠎ᠡ ᠦᠵᠡᠯ ᠰᠠᠨᠠᠭ᠎ᠠ》 ᠵᠡᠷᠭᠡ ᠳᠤᠮᠳᠠᠳᠤ ᠤᠯᠤᠰ᠎ᠤᠨ ᠭᠤᠷᠪᠠᠨ ᠪᠠᠷᠢᠮᠲᠠᠲᠤ ᠹᠢᠯᠢᠮ᠎ᠢ ᠯᠠᠤᠰ᠎ᠤᠨ ᠤᠯᠤᠰ᠎ᠤᠨ ᠲᠧᠯᠸᠢᠰ ᠬᠣᠷᠢᠶ᠎ᠠ ᠵᠡᠷᠭᠡ ᠯᠠᠤᠰ᠎ᠤᠨ ᠭᠣᠣᠯ ᠵᠠᠭᠤᠴᠢᠯᠠᠭᠤᠷ᠎ᠲᠤ ᠡᠬᠢᠯᠡᠨ ᠨᠡᠪᠲᠡᠷᠡᠭᠦᠯᠪᠡ᠃ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠦ᠋ᠨ ᠪᠠᠶᠠᠷ᠎ᠤᠨ ᠵᠠᠬᠢᠳᠠᠯ ᠢᠷᠡᠭᠦᠯᠵᠦ᠍᠂ ᠫᠷᠤᠭ᠌ᠷᠠᠮ᠎ᠢ ᠨᠡᠪᠲᠡᠷᠡᠭᠦᠯᠦᠭᠰᠡᠨ᠎ᠳᠦ ᠪᠠᠶᠠᠷ ᠬᠦᠷᠭᠡᠪᠡ᠃
ᠲᠦᠩᠯᠦ᠋ᠨ ᠪᠠᠶᠠᠷ᠎ᠤᠨ ᠵᠠᠬᠢᠳᠠᠯ᠎ᠳᠠᠭᠠᠨ᠂ 《ᠰᠢ ᠵᠢᠨ ᠫᠢᠩ᠎ᠦᠨ ᠰᠣᠶᠣᠯ᠎ᠤᠨ ᠬᠤᠪᠢ ᠪᠠᠷᠢᠯᠲᠤᠯᠭ᠎ᠠ》 ᠵᠡᠷᠭᠡ ᠪᠠᠷᠢᠮᠲᠠᠲᠤ ᠹᠢᠯᠢᠮ᠎ᠳᠦ ᠳᠤᠮᠳᠠᠳᠤ ᠤᠯᠤᠰ᠎ᠤᠨ ᠭᠦᠨ ᠤᠬᠠᠭᠠᠨ᠎ᠤ ᠤᠶᠤᠨ ᠤᠬᠠᠭᠠᠨ ᠠᠭᠤᠯᠤᠭ᠍ᠳᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠂ ᠲᠦᠷᠦ᠍᠎ᠶ᠋ᠢ ᠵᠠᠰᠠᠬᠤ ᠳᠤᠮᠳᠠᠬᠢ ᠬᠤᠯᠠ᠎ᠶ᠋ᠢᠨ ᠬᠠᠷᠠᠴᠠ ᠬᠤᠷᠴᠠ ᠲᠠᠨᠢᠯᠲᠠ ᠪᠣᠯᠤᠨ ᠭᠦᠨ ᠵᠤᠵᠠᠭᠠᠨ ᠣᠷᠭᠢᠯᠤᠮ᠎ᠠ ᠬᠠᠯᠠᠭᠤᠨ ᠤᠯᠤᠰ᠎ᠢᠶᠠᠨ ᠬᠠᠢᠷᠠᠯᠠᠬᠤ ᠰᠡᠳᠭᠢᠯᠭᠡ ᠵᠢᠴᠢ ᠲᠡᠭᠦᠨ᠎ᠦ ᠳᠤᠮᠳᠠᠳᠤ᠎ᠶ᠋ᠢᠨ ᠲᠠᠪᠤᠨ ᠮᠢᠩᠭᠠᠨ ᠵᠢᠯ᠎ᠦᠨ ᠥᠨᠢ ᠤᠳᠠᠭᠠᠨ ᠪᠣᠯᠪᠠᠰᠤᠨ ᠲᠡᠦᠬᠡᠳᠦ ᠰᠡᠳᠬᠢᠯ ᠵᠢᠷᠦᠬᠡᠨ ᠡᠴᠡ ᠪᠠᠨ ᠬᠢᠵᠠᠭᠠᠯᠠᠰᠢ ᠦᠭᠡᠢ ᠬᠠᠢᠷᠠᠲᠠᠢ ᠪᠠᠢᠬᠤ᠎ᠶ᠋ᠢ ᠬᠠᠷᠠᠭᠤᠯᠵᠤ ᠪᠠᠢᠨ᠎ᠠ᠃ ᠡᠭᠦᠨ᠎ᠦ ᠬᠠᠮᠲᠤ᠂ ᠪᠠᠷᠢᠮᠲᠠᠲᠤ ᠹᠢᠯᠢᠮ ᠨᠢ ᠪᠠᠰᠠ ᠳᠤᠮᠳᠠᠳᠤ᠎ᠶ᠋ᠢᠨ ᠪᠣᠯᠪᠠᠰᠤᠨ ᠨᠢ ᠦᠨᠳᠦᠰᠦᠲᠡᠨ᠎ᠤ ᠤᠭ ᠦᠨᠳᠦᠰᠦ ᠪᠣᠯᠤᠭ᠍ᠰᠠᠨ᠎ᠤ ᠬᠤᠪᠢ᠎ᠳᠠᠬᠢ ᠰᠢᠷᠬᠢᠰᠢ ᠦᠭᠡᠢ ᠬᠥᠳᠡᠯᠭᠡᠬᠦ᠌ ᠬᠦᠴᠦᠨ᠎ᠢ ᠢᠯᠡᠷᠡᠭᠦᠯᠵᠦ᠍᠂ ᠳᠤᠮᠳᠠᠳᠤ ᠤᠯᠤᠰ᠎ᠤᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠬᠦᠰᠡᠯ ᠵᠡᠭᠦᠳᠦ᠍᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ ᠪᠠᠢᠨ᠎ᠠ᠃ ᠡᠨᠡ ᠨᠢ ᠯᠠᠤᠰ᠎ᠤᠨ ᠠᠵᠤ ᠠᠬᠤᠢ ᠨᠡᠢᠭᠡᠮ ᠵᠢᠡᠨ ᠬᠦᠭᠵᠢᠭᠦᠯᠬᠦ ᠵᠢᠨ ᠬᠠᠮᠳᠤ ᠥᠪᠡᠷ᠎ᠦᠨ ᠥᠪᠡᠷᠮᠢᠴᠡ ᠦᠨᠳᠦᠰᠦᠲᠡᠨ᠎ᠦ ᠰᠣᠶᠣᠯ᠎ᠢᠶᠠᠨ ᠬᠠᠮᠠᠭᠠᠯᠠᠨ ᠪᠠᠳᠠᠷᠠᠭᠤᠯᠵᠤ᠂ ᠯᠠᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠮᠠᠰᠢ ᠰᠠᠢ᠌ᠨ ᠲᠤᠯᠢ ᠪᠣᠯᠤᠭ᠍ᠰᠠᠨ ᠪᠠᠢᠨ᠎ᠠ ᠭᠡᠵᠤ ᠢᠯᠡᠳᠭᠡᠪᠡ᠃
ᠡᠨᠡ ᠵᠢᠯ ᠪᠣᠯ ᠳᠤᠮᠳᠠᠳᠤ ᠯᠠᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠤᠢ ᠪᠣᠯᠤᠨ᠎ᠠ᠂ ᠪᠠᠰᠠ ᠴᠤ᠌ ᠳᠤᠮᠳᠠᠳᠤ ᠯᠠᠤᠰ᠎ᠤᠨ ᠬᠣᠶᠠᠷ ᠨᠠᠮ ᠬᠣᠶᠠᠷ ᠤᠯᠤᠰ᠎ᠤᠨ ᠤᠳᠤᠷᠢᠳᠭᠤ ᠬᠥᠮᠦᠨ᠎ᠦ ᠬᠠᠮᠲᠤ᠎ᠪᠠᠷ ᠡᠬᠢᠯᠡᠭᠦᠯᠦᠭ᠌ᠰᠡᠨ 《ᠳᠤᠮᠳᠠᠳᠤ ᠯᠠᠤᠰ᠎ᠤᠨ ᠨᠥᠬᠥᠷᠯᠡᠯ᠎ᠦᠨ ᠣᠨ》 ᠪᠣᠯᠤᠨ᠎ᠠ᠃ 6 ᠰᠠᠷ᠎ᠠ᠎ᠶ᠋ᠢᠨ 2 ᠤ᠋ᠨ ᠡᠳᠦᠷ᠂ ᠳᠤᠮᠳᠠᠳᠤ ᠤᠯᠤᠰ᠎ᠤᠨ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ ᠪᠣᠯᠤᠨ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠣᠷᠢᠶ᠎ᠠ ᠵᠢᠨ ᠤᠬᠠᠭᠤᠯᠬᠤ ᠬᠡᠯᠲᠡᠰ ᠯᠠᠤᠰ᠎ᠤᠨ ᠸᠢᠶᠸᠨ᠋ᠲ᠋ᠢᠶᠠᠩᠳ᠋ᠤ ᠡᠬᠢᠯᠡᠯᠲᠡ᠎ᠶ᠋ᠢᠨ ᠶᠣᠰᠣᠯᠠᠯ ᠶᠠᠪᠤᠭᠤᠯᠪᠠ᠃ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠶ᠋ᠢᠨ ᠦᠢᠯᠡᠳᠦᠭ᠌ᠰᠡᠨ 《ᠰᠢ ᠵᠢᠨ ᠫᠢᠩ᠎ᠦᠨ ᠰᠣᠶᠣᠯ᠎ᠤᠨ ᠬᠤᠪᠢ ᠪᠠᠷᠢᠯᠳᠦᠯᠭᠠ》᠂ 《ᠠᠶᠠᠯᠠᠯ ᠵᠠᠮᠴᠢᠯᠠᠬᠤᠢ (ᠤᠯᠠᠨ ᠤᠯᠤᠰ᠎ᠤᠨ ᠬᠡᠪᠯᠡᠯ)》᠂ 《ᠰᠤᠳᠤᠷ ᠪᠢᠴᠢᠭ᠎ᠲᠡᠬᠢ ᠱᠢᠨ᠎ᠡ ᠦᠵᠡᠯ ᠰᠠᠨᠠᠭ᠎ᠠ》 ᠵᠡᠷᠭᠡ ᠭᠤᠷᠪᠠᠨ ᠪᠠᠷᠢᠮᠲᠠᠲᠤ ᠹᠢᠯᠢᠮ᠎ᠢ ᠯᠠᠤᠰ᠎ᠤᠨ ᠤᠯᠤᠰ᠎ᠤᠨ ᠲᠧᠯᠸᠢᠰ ᠬᠣᠷᠢᠶ᠎ᠠ᠂ ᠯᠠᠤᠰ᠎ᠤᠨ ᠤᠯᠤᠰ᠎ᠤᠨ ᠴᠢᠮᠡᠭᠡᠯᠡᠯ᠎ᠦᠨ ᠬᠣᠷᠢᠶ᠎ᠠ᠂ ᠯᠠᠤᠰ᠎ᠤᠨ ᠤᠯᠤᠰ᠎ᠤᠨ ᠷᠠᠳᠢᠣ᠋ ᠬᠣᠷᠢᠶ᠎ᠠ ᠪᠣᠯᠤᠨ ᠸᠢᠶ᠍ᠸᠨ᠋ᠲ᠋ᠢᠶᠠᠩ ᠤ᠋ᠨ ᠲᠧᠯᠸᠢᠰ ᠬᠣᠷᠢᠶ᠎ᠠ ᠵᠡᠷᠭᠡ ᠭᠣᠣᠯ ᠵᠠᠭᠤᠴᠢᠯᠠᠭᠤᠷ ᠲᠤ᠌ ᠵᠠᠯᠭᠠᠭ᠎ᠠ᠎ᠪᠠᠷ ᠨᠡᠪᠲᠡᠷᠡᠭᠦᠯᠦᠨ᠎ᠠ᠃
(ᠱᠢᠨᠬᠤᠸᠠ ᠬᠣᠷᠢᠶ᠎ᠠ ᠵᠢᠨ ᠸᠢᠶ᠍ᠸᠨ᠋ᠲ᠋ᠢᠶᠠᠩᠤᠨ 6 ᠰᠠᠷ᠎ᠠ᠎ᠶ᠋ᠢᠨ 2 ᠤ᠋ᠨ ᠴᠠᠬᠢᠯᠭᠠᠨ ᠮᠡᠳᠡᠭᠡ)