ᠪᠦᠬᠦ᠌ ᠣᠷᠣᠨ᠎ᠤ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠦᠨ ᠬᠢᠨ ᠤ᠋ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠶᠠᠷᠢᠯᠴᠠᠬᠤ ᠬᠤᠷᠠᠯ ᠬᠤᠷᠠᠯᠳᠤᠵᠠᠢ
2026-06-03 10:59:13
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠪᠤᠤ ᠰᠢᠶᠠᠨ ᠬᠤᠸᠠ ᠶᠠᠷᠢᠶ᠎ᠠ ᠲᠠᠯᠪᠢᠪᠠ


6 ᠰᠠᠷ᠎ᠠ᠎ᠶ᠋ᠢᠨ 1 ᠤ᠋ ᠡᠳᠦᠷ᠂ ᠪᠦᠬᠦ᠌ ᠣᠷᠣᠨ᠎ᠤ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠦᠨ ᠬᠢᠨ᠎ᠦ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠱᠢᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ᠎ᠦᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠥᠬᠥ᠌ ᠣᠷᠣᠨ᠎ᠤ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ ᠎ᠦᠨ᠎ᠬᠢᠨ 《ᠰᠦᠭ ᠰᠦᠨᠡᠰᠦ᠎ᠵᠢ ᠱᠤᠭᠤᠬᠤ》 ᠲᠠᠯ᠎ᠠ᠎ᠪᠠᠷ ᠬᠦᠴᠦᠯᠡᠵᠦ᠍᠂ ᠲᠣᠭ ᠲᠡᠮᠳᠡᠭ ᠲᠣᠳᠣᠷᠬᠠᠶ᠎ᠪᠠᠷ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠥᠭ᠌ᠵᠢᠯᠲᠡ᠎ᠶ᠋ᠢᠨ ᠵᠥᠪ ᠤᠯᠤᠰ ᠲᠥᠷᠥ᠎ᠶ᠋ᠢᠨ ᠴᠢᠭ᠌ᠯᠡᠯ᠎ᠢ ᠪᠠᠷᠢᠮᠲᠠᠯᠠᠬᠤ ᠬᠡᠷᠡᠭ᠌ᠲᠡᠶ; 《ᠦᠨᠳᠦᠰᠦ ᠬᠠᠳᠬᠤᠬᠤ》 ᠲᠠᠯ᠎ᠠ᠎ᠪᠠᠷ ᠬᠦᠴᠦᠯᠡᠵᠦ᠍᠂ ᠳᠤᠮᠳᠠᠳᠤ᠎ᠶ᠋ᠢᠨ ᠰᠤᠶᠤᠯ᠎ᠦᠨ ᠰᠤᠳᠠᠰᠤ᠎ᠶ᠋ᠢ ᠦᠷᠭᠦᠯᠵᠢᠯᠡᠭᠦᠯᠬᠦ᠌ ᠬᠢᠭᠡᠳ ᠭᠤᠤᠯ ᠰᠢᠵᠢᠮ᠎ᠤᠨ ᠱᠠᠭᠠᠷᠳᠠᠯᠭ᠎ᠠ ᠎ᠶ᠋ᠢ ᠲᠤᠭᠤᠰᠢᠯᠠᠭᠤᠯᠬᠤ᠎ᠶ᠋ᠢ ᠣᠷᠭᠠᠨᠢᠭ᠎ᠢᠶᠠᠷ ᠨᠢᠭᠡᠳᠦᠭᠦᠯᠬᠦ ᠬᠡᠷᠡᠭᠳᠠᠢ; 《ᠦᠭᠡ ᠬᠡᠯᠡᠬᠦ᠌》 ᠲᠠᠯ᠎ᠠ᠎ᠪᠠᠷ ᠬᠦᠴᠦᠯᠡᠵᠦ᠍᠂ 《ᠳᠥᠷᠪᠡᠨ ᠠᠰᠠᠭᠤᠯᠲᠠ》᠎ᠳ᠋ᠤ ᠭᠦᠨᠵᠡᠭᠡᠶ ᠬᠠᠷᠢᠭᠤᠯᠲᠠ ᠥᠭ᠌ᠴᠦ᠂ ᠣᠨᠣᠯ᠎ᠤᠨ ᠤᠤᠭᠠᠯ ᠡᠭᠦᠳᠦᠯᠲᠡ᠎ᠶ᠋ᠢᠨ ᠬᠦᠴᠦᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ ᠬᠡᠷᠡᠭᠳᠠᠢ; 《ᠭᠠᠪᠢᠶ᠎ᠠ ᠪᠠᠢᠭᠤᠯᠬᠤ》 ᠲᠠᠯ᠎ᠠ᠎ᠪᠠᠷ ᠬᠦᠴᠦᠯᠡᠵᠦ᠍᠂ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠭᠣᠣᠯ ᠶᠡᠬᠡ ᠲᠠᠯ᠎ᠠ᠎ᠳᠤ ᠦᠢᠯᠡᠴᠢᠯᠡᠬᠦ ᠬᠡᠷᠡᠭᠳᠠᠢ; 《ᠶᠣᠰᠣ ᠰᠤᠷᠲᠠᠬᠤᠨ ᠎ᠢ ᠪᠤᠢ ᠪᠣᠯᠭᠠᠬᠤ》ᠲᠠᠯ᠎ᠠ᠎ᠪᠠᠷ ᠬᠦᠴᠦᠯᠡᠵᠦ᠍᠂ ᠱᠢᠯᠢᠳᠡᠭ ᠰᠤᠷᠤᠯᠴᠠᠬᠤ ᠰᠤᠷᠲᠠᠯ ᠪᠣᠯᠤᠨ ᠡᠷᠡᠭᠦᠯ ᠰᠠᠷᠠᠭᠤᠯ ᠡᠷᠳᠡᠮ ᠱᠢᠨᠵᠢᠯᠡᠭᠡᠨ᠎ᠦ ᠠᠮᠢ ᠠᠬᠤᠢ ᠎ᠶ᠋ᠢ ᠪᠤᠢ ᠪᠣᠯᠭᠠᠵᠤ᠂ ᠨᠠᠮ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠥᠪᠥᠷ ᠮᠣᠩᠭᠣᠯ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ ᠬᠡᠷᠡᠭᠳᠠᠢ ᠬᠡᠵᠤ ᠴᠢᠬᠤᠯᠠᠴᠢᠯᠠᠪᠠ᠃

ᠬᠤᠷᠠᠯ ᠳᠡᠭᠡᠷ᠎ᠡ 5 ᠲᠥᠷᠥᠯ᠎ᠦᠨ ᠣᠨᠣᠯ᠎ᠤᠨ ᠦᠷ᠎ᠡ ᠪᠦᠲᠦᠭᠡᠯ᠎ᠢ ᠨᠡᠢᠲᠡᠯᠡᠵᠦ᠍᠂ 8 ᠲᠤᠰᠭᠠᠶ ᠮᠡᠷᠭᠡᠵᠢᠯᠲᠡᠨ ᠡᠷᠳᠡᠮᠲᠡᠨ ᠰᠠᠨᠠᠯ᠎ᠢᠶᠠᠨ ᠰᠣᠯᠢᠯᠴᠠᠵᠤ ᠶᠠᠷᠢᠶ᠎ᠠ ᠲᠠᠯᠪᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号