ᠥᠪᠥᠷ ᠮᠣᠩᠭᠣᠯ ᠴᠢᠨᠠᠷ ᠮᠠᠭᠤ ᠬᠠᠭᠤᠷᠮᠠᠭ ᠮᠢᠬᠠᠨ ᠤ᠋ ᠪᠦᠲᠦᠭᠡᠭᠳᠡᠬᠦᠨ ᠤ᠋ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠰᠦᠪᠡᠭ᠌ᠴᠢ ᠵᠢ ᠢᠯᠡ ᠪᠡᠷ ᠴᠤᠬᠯᠠᠭᠤᠯᠵᠤ ᠪᠤᠢ
2026-06-03 09:45:22
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠮᠢᠬᠠᠨ ᠤ᠋ ᠪᠦᠲᠦᠭᠡᠭ᠌ᠳᠡᠬᠦᠨ ᠤ᠋ ᠬᠦᠷᠢᠶᠡᠨ ᠤ᠋ ᠬᠤᠳᠠᠯ ᠬᠠᠭᠤᠷᠮᠠᠭ ᠦᠢᠯᠡᠳᠬᠦᠨ ᠦᠶ᠋ᠯᠡᠳᠴᠦ᠍ ᠪᠣᠷᠣᠯᠠᠭᠤᠯᠬᠤ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ ᠣᠯᠠᠨ ᠲᠦᠮᠡᠨ ᠤ᠋ ᠳᠡᠭᠡᠳᠦ ᠬᠡᠮᠵᠢᠶ᠎ᠡ ᠪᠡᠷ ᠠᠩᠬᠠᠷᠴᠤ᠌ ᠪᠠᠢᠭ᠎ᠠ ᠲᠤᠰᠭᠠᠯ ᠴᠢᠩᠭ᠎ᠠ ᠪᠠᠢᠭ᠎ᠠ ᠮᠢᠬᠠᠨ ᠤ᠋ ᠪᠦᠲᠦᠭᠡᠭ᠌ᠳᠡᠬᠦᠨ ᠤ᠋ ᠲᠣᠪᠣᠢᠮ᠎ᠠ ᠠᠰᠠᠭᠤᠳᠠᠯ ᠳ᠋ᠤ ᠴᠢᠭ᠌ᠯᠡᠭᠦᠯᠦᠨ᠂ 5 ᠰᠠᠷ᠎ᠠ ᠶ᠋ᠢᠨ 20 ᠤ᠋ ᠡᠳᠦᠷ ᠡᠴᠡ ᠡᠬᠢᠯᠡᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ᠎ᠵᠢᠨ ᠬᠢᠨ ᠨᠡᠢᠭᠡᠮ ᠨᠡᠢᠲᠡ ᠡᠴᠡ ᠮᠢᠬᠠᠨ ᠤ᠋ ᠪᠦᠲᠦᠭᠡᠭ᠌ᠳᠡᠬᠦᠨ ᠤ᠋ ᠬᠦᠷᠢᠶᠡᠨ ᠤ᠋ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭ᠎ᠠ ᠶ᠋ᠢᠨ ᠰᠦᠪᠡᠭ᠌ᠴᠢ ᠵᠢ ᠢᠯᠡ ᠪᠡᠷ ᠴᠤᠭ᠍ᠯᠠᠭᠤᠯᠵᠤ᠂ ᠨᠡᠢᠭᠡᠮ ᠤ᠋ᠨ ᠬᠦᠴᠦᠨ ᠢ᠋ ᠥᠷᠭᠡᠨ ᠢ᠋ᠶ᠋ᠡᠷ ᠳᠠᠢᠴᠢᠯᠠᠨ ᠢᠳᠡᠭᠡᠨ ᠤ᠋ ᠠᠮᠤᠷ ᠲᠦᠪᠱᠢᠨ ᠢ᠋ ᠬᠠᠮᠲᠤ ᠪᠡᠷ ᠵᠠᠰᠠᠬᠤ ᠳ᠋ᠤ ᠣᠷᠣᠯᠴᠠᠭᠤᠯᠵᠤ ᠪᠠᠢᠨ᠎ᠠ᠃

ᠲᠣᠰ ᠤᠳᠠᠭᠠᠨ ᠤ᠋ ᠰᠦᠪᠡᠭ᠌ᠴᠢ ᠴᠤᠭ᠍ᠯᠠᠭᠤᠯᠬᠤ ᠬᠡᠪᠴᠢᠶ᠎ᠡ ᠨᠢ ᠮᠢᠬᠠᠨ ᠤ᠋ ᠪᠦᠲᠦᠭᠡᠭᠳᠡᠬᠦᠨ ᠤ᠋ ᠦᠶ᠋ᠯᠡᠳᠪᠦᠷᠢᠯᠡᠯ᠂ ᠪᠣᠯᠪᠠᠰᠤᠷᠠᠭᠤᠯᠤᠯᠲᠠ᠂ ᠭᠦᠶ᠋ᠯᠭᠡᠭᠡ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶ᠋ᠢᠨ ᠪᠥᠬᠥ᠌ ᠬᠡᠯᠬᠢᠶ᠎ᠡ ᠵᠢ ᠬᠠᠮᠤᠷᠴᠤ᠌᠂ ᠨᠠᠶ᠋ᠮᠠᠨ ᠶᠡᠬᠡ ᠲᠥᠷᠥᠯ ᠤ᠋ᠨ ᠬᠠᠤᠯᠢ ᠲᠣᠭ᠍ᠲᠠᠭᠠᠯ ᠢ᠋ ᠵᠥᠷᠢᠴᠡᠭ᠌ᠰᠡᠨ ᠠᠵᠢᠯᠯᠠᠭ᠎ᠠ ᠵᠢ ᠲᠣᠳᠣᠷᠬᠠᠢᠯᠠᠪᠡ᠃ ᠡᠭᠦᠨ ᠳ᠋ᠤ ᠢᠳᠡᠭᠡᠨ ᠤ᠋ ᠵᠦᠶ᠋ᠯ ᠤ᠋ᠨ ᠦᠶ᠋ᠯᠡᠳᠪᠦᠷᠢᠯᠡᠯ ᠡᠵᠡᠩᠨᠡᠯᠲᠡ ᠶ᠋ᠢᠨ ᠨᠢᠭᠡᠴᠢ ᠪᠠᠷᠠᠭ᠎ᠠ ᠣᠷᠣᠭᠤᠯᠬᠤ ᠳ᠋ᠠᠭᠠᠨ ᠪᠠᠢᠴᠠᠭᠠᠨ ᠱᠢᠯᠭᠠᠬᠤ ᠲᠦᠷᠢᠮ ᠢ᠋ ᠨᠠᠢᠳᠠᠪᠤᠷᠢᠵᠢᠭᠤᠯᠤᠭ᠍ᠰᠠᠨ ᠥᠬᠡᠶ᠂ ᠢᠷᠡᠯᠲᠡ ᠨᠢ ᠲᠣᠳᠣᠷᠬᠠᠶ ᠥᠬᠡᠶ᠂ ᠱᠢᠯᠭᠠᠨ ᠪᠠᠢᠴᠠᠭᠠᠯᠲᠠ ᠬᠢᠵᠢᠭ᠎ᠦᠨ ᠪᠠᠢᠴᠠᠭᠠᠯᠲᠠ ᠵᠢ ᠳᠠᠮᠵᠢᠭ᠍ᠰᠠᠨ ᠥᠬᠡᠶ ᠪᠤᠶᠤ ᠬᠢᠷᠢ ᠲᠡᠩᠴᠡᠭ᠌ᠰᠡᠨ ᠥᠬᠡᠶ ᠮᠢᠬ᠎ᠠ ᠵᠢ ᠬᠤᠳᠠᠯᠳᠤᠨ ᠠᠪᠬᠤ᠂ ᠬᠡᠷᠡᠭ᠌ᠯᠡᠬᠦ᠌᠂ ᠪᠣᠷᠣᠯᠠᠭᠤᠯᠬᠤ᠂ ᠪᠤᠰᠤᠳ ᠮᠠᠯ ᠵᠢᠭᠦᠷᠲᠡᠨ ᠤ᠋ ᠮᠢᠬ᠎ᠠ ᠪᠡᠷ ᠦᠬᠡᠷ ᠬᠣᠨᠢᠨ ᠮᠢᠬ᠎ᠠ᠂ ᠡᠯᠵᠢᠭᠡᠨ ᠮᠢᠬ᠎ᠠ ᠵᠢ ᠬᠤᠳᠠᠯ ᠬᠠᠭᠤᠷᠮᠠᠭ ᠢ᠋ᠶ᠋ᠡᠷ ᠤᠷᠤᠯᠠᠭᠤᠯᠬᠤ᠂ ᠬᠢᠮᠳᠠ ᠮᠢᠬ᠎ᠠ ᠪᠡᠷ ᠥᠨᠳᠥᠷ ᠦᠨ᠎ᠡ ᠲᠠᠢ ᠮᠢᠬ᠎ᠠ ᠵᠢ ᠤᠷᠤᠯᠠᠭᠤᠯᠤᠨ ᠡᠳ᠋ᠱᠢᠭᠦᠯᠦᠨ ᠪᠣᠷᠣᠯᠠᠭᠤᠯᠬᠤ; ᠢᠳᠡᠭᠡᠨ ᠤ᠋ ᠨᠡᠮᠡᠯᠲᠡ ᠡᠳ᠋᠎ᠦᠨ ᠬᠡᠪᠴᠢᠶ᠎ᠡ᠂ ᠬᠡᠮᠵᠢᠶ᠎ᠡ ᠡᠴᠡ ᠬᠡᠲᠦᠷᠡᠭᠦᠯᠦᠨ ᠬᠡᠷᠡᠭ᠌ᠯᠡᠬᠦ᠌ ᠪᠤᠶᠤ ᠢᠳᠡᠭᠡᠨ ᠤ᠋ ᠪᠤᠰᠤ ᠪᠣᠳᠠᠰ ᠨᠡᠮᠡᠬᠦ᠌; ᠦᠨᠡᠮᠯᠡᠯ ᠦᠭᠡᠶ᠂ ᠲᠣᠭ᠍ᠲᠠᠭᠠᠯ ᠳ᠋ᠤ ᠨᠡᠢᠴᠡᠬᠦ᠌ ᠭᠠᠵᠠᠷ ᠲᠠᠯᠠᠪᠤᠷ ᠦᠭᠡᠶ ᠪᠡᠷ ᠳᠤᠷ᠎ᠠ ᠪᠡᠷ ᠢ᠋ᠶ᠋ᠡᠨ ᠮᠢᠬᠠᠨ᠎ᠦ ᠢᠳᠡᠭᠡᠨ ᠪᠣᠯᠪᠠᠰᠤᠷᠠᠭᠤᠯᠤᠨ ᠪᠣᠷᠣᠯᠠᠭᠤᠯᠬᠤ; ᠭᠦᠶ᠋ᠯᠭᠡᠭᠡᠨ ᠤ᠋ ᠭᠣᠭ᠍ᠴᠣᠭ᠎ᠠ ᠳ᠋ᠤ ᠱᠣᠱᠢᠭ᠎ᠠ ᠲᠡᠮᠲᠡᠭ ᠢ᠋ ᠨᠢ ᠥᠭᠡᠷᠡᠲᠦᠭᠦᠯᠵᠦ᠍᠂ ᠳᠤᠤᠷ᠎ᠠ ᠦᠨ᠎ᠡ ᠶ᠋ᠢᠨ ᠪᠣᠷᠴᠠ ᠵᠢ ᠦᠨᠳᠦᠷ ᠦᠨ᠎ᠡ ᠶ᠋ᠢᠨ ᠪᠣᠷᠴᠠ ᠪᠣᠯᠭᠠᠨ ᠪᠣᠷᠣᠯᠠᠭᠤᠯᠬᠤ; ᠰᠦᠯᠵᠢᠶᠡᠨ ᠤ᠋ ᠱᠢᠭᠤᠳ ᠨᠡᠪᠲᠡᠷᠡᠭᠦᠯᠭᠡ ᠶ᠋ᠢᠨ ᠲᠠᠰᠤᠭ᠂ ᠰᠦᠯᠵᠢᠶᠡᠨ ᠳᠡᠭᠡᠷᠡᠬᠢ ᠲᠠᠪᠴᠠᠩ ᠨᠢ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠮᠡᠳᠡᠭᠡ ᠵᠠᠩᠭᠢ ᠵᠢ ᠵᠠᠷᠯᠠᠨ ᠨᠡᠢᠲᠡᠯᠡᠭ᠌ᠰᠡᠨ ᠥᠬᠡᠶ᠂ ᠤᠬᠠᠭᠤᠯᠭ᠎ᠠ ᠶ᠋ᠢᠨ ᠮᠡᠳᠡᠭᠡ  ᠵᠠᠩᠭᠢ  ᠨᠢ  ᠪᠣᠳᠠᠲᠤ  ᠡᠳ᠋  ᠲᠠᠢ  ᠪᠠᠨ ᠨᠡᠢᠴᠡᠬᠦ᠌ ᠥᠬᠡᠶ᠂ ᠴᠢᠨᠠᠷ ᠮᠠᠭᠤ ᠬᠠᠭᠤᠷᠮᠠᠭ  ᠮᠢᠬᠠᠨ ᠢᠳᠡᠭᠡᠨ ᠪᠣᠷᠣᠯᠠᠭᠤᠯᠬᠤ; ᠡᠯ᠎ᠡ ᠲᠥᠷᠥᠯ ᠤ᠋ᠨ ᠮᠢᠬᠠᠨ ᠤ᠋ ᠪᠦᠲᠦᠭᠡᠭᠳᠡᠬᠦᠨ ᠤ᠋ ᠬᠦᠷᠢᠶᠡᠨ ᠳ᠋ᠡᠬᠢ 《ᠬᠠᠷ᠎ᠠ ᠦᠶ᠋ᠯᠡᠳᠪᠦᠷᠢ》᠂ 《ᠬᠠᠷ᠎ᠠ ᠦᠶ᠋ᠯᠡᠳᠭᠡᠯ》᠂ 《ᠬᠠᠷ᠎ᠠ ᠡᠭᠦᠷ》 ᠤ᠋ᠨ  ᠴᠢᠨᠠᠷ ᠮᠠᠭᠤ ᠬᠠᠭᠤᠷᠮᠠᠭ ᠲᠠᠸᠠᠷ ᠦᠶ᠋ᠯᠡᠳᠴᠦ᠍ ᠪᠣᠷᠣᠯᠠᠭᠤᠯᠬᠤ ᠵᠡᠷᠭᠡ ᠠᠵᠢᠯᠯᠠᠭ᠎ᠠ ᠵᠢ ᠪᠠᠬᠲᠠᠭᠠᠪᠠ᠃

ᠣᠢᠯᠠᠭᠠᠭ᠍ᠰᠠᠨ ᠢ᠋ᠶ᠋ᠡᠷ᠂ ᠲᠣᠰ ᠤᠳᠠᠭᠠᠨ ᠤ᠋ ᠰᠦᠪᠡᠭ᠌ᠴᠢ ᠴᠤᠭ᠍ᠯᠠᠭᠤᠯᠬᠤ ᠴᠠᠭ ᠨᠢ 2026 ᠣᠨ ᠤ᠋ 11 ᠰᠠᠷ᠎ᠠ ᠶ᠋ᠢᠨ ᠰᠡᠭᠦᠯᠴᠢ ᠪᠣᠯᠲᠠᠯ᠎ᠠ ᠦᠷᠬᠦᠯᠵᠢᠯᠡᠨ᠎ᠡ᠃ ᠬᠡᠷᠡᠭ᠌ᠯᠡᠭ᠌ᠴᠢᠳ 12315 ᠵᠠᠭᠠᠯᠳᠤᠬᠤ ᠢᠯᠡᠴᠢᠯᠡᠨ ᠮᠡᠳᠡᠭᠦᠯᠬᠦ᠌ ᠤᠲᠠᠰᠤ᠂ ᠪᠥᠬᠥ᠌ ᠤᠯᠤᠰ ᠤ᠋ᠨ 12315 ᠠᠯᠪᠠᠨ ᠤ᠋ ᠲᠠᠪᠴᠠᠩ ᠢ᠋ᠶ᠋ᠡᠷ ᠳᠠᠮᠵᠢᠭᠤᠯᠤᠨ ᠬᠠᠤᠯᠢ ᠵᠢ ᠵᠥᠷᠢᠴᠡᠭ᠌ᠰᠡᠨ ᠰᠦᠪᠡᠭ᠌ᠴᠢ ᠪᠠᠨ ᠲᠤᠱᠢᠶᠠᠵᠤ ᠪᠣᠯᠤᠨ᠎ᠠ᠃ ᠮᠢᠬᠠᠨ ᠤ᠋ ᠪᠦᠲᠦᠭᠡᠭ᠌ᠳᠡᠬᠦᠨ ᠦᠢᠯᠡᠳᠪᠦᠷᠢᠯᠡᠵᠦ᠍ ᠡᠵᠡᠩᠨᠡᠬᠦ᠌ ᠠᠵᠢᠯ ᠲᠥᠷᠥᠯ ᠤ᠋ᠨ ᠬᠢᠨ ᠬᠡᠷᠪᠡ ᠮᠢᠬᠠᠨ ᠤ᠋ ᠢᠷᠡᠯᠲᠡ ᠵᠢ ᠬᠤᠳᠠᠯ ᠬᠠᠭᠤᠷᠮᠠᠭ ᠢ᠋ᠶ᠋ᠡᠷ ᠵᠣᠬᠢᠶᠠᠬᠤ᠂ ᠲᠦᠭᠦᠬᠡᠶ ᠮᠠᠲᠧᠷᠢᠶᠠᠯ ᠨᠢ ᠬᠢᠷᠢ ᠲᠡᠩᠴᠡᠬᠦ᠌ ᠦᠭᠡᠶ᠂ ᠬᠠᠤᠯᠢ ᠪᠤᠰᠤ ᠪᠡᠷ ᠶᠠᠭᠤᠮ᠎ᠠ ᠨᠡᠮᠡᠬᠦ᠌ ᠵᠡᠷᠭᠡ ᠠᠵᠢᠯ ᠲᠥᠷᠥᠯ ᠤ᠋ᠨ ᠳᠣᠲᠣᠭᠠᠳᠤ ᠶ᠋ᠢᠨ ᠬᠠᠤᠯᠢ ᠡᠴᠡ ᠵᠥᠷᠢᠴᠡᠭ᠌ᠰᠡᠨ ᠰᠦᠪᠡᠭ᠌ᠴᠢ ᠵᠢ ᠮᠡᠳᠡᠪᠡᠯ᠂ 《ᠪᠦᠬᠦ᠌ ᠤᠯᠤᠰ ᠤ᠋ᠨ ᠢᠳᠡᠭᠡᠨ ᠤ᠋ ᠠᠮᠤᠷ ᠲᠦᠪᠰᠢᠨ ᠤ᠋ ᠳᠣᠲᠣᠭᠠᠳᠤ ᠶ᠋ᠢᠨ ᠪᠠᠢᠳᠠᠯ ᠢ᠋ ᠮᠡᠳᠡᠭ᠌ᠴᠢ ᠵᠢᠨ ᠢᠯᠡᠴᠢᠯᠡᠨ ᠮᠡᠳᠡᠭᠦᠯᠬᠦ᠌ ᠱᠢᠰᠲᠧᠮ》 ᠢ᠋ᠶ᠋ᠡᠷ ᠳᠠᠮᠵᠢᠭᠤᠯᠤᠨ ᠲᠤᠰᠭᠠᠶ ᠠᠷᠭ᠎ᠠ ᠵᠠᠮ ᠢ᠋ᠶ᠋ᠡᠷ ᠢᠯᠡᠴᠢᠯᠡᠨ ᠮᠡᠳᠡᠭᠦᠯᠵᠦ᠍ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号