ᠳᠥᠷᠪᠡᠨ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠨᠡᠢᠲᠡᠯᠡᠵᠦ ᠨᠠᠰᠤᠨ᠎ᠳᠤ ᠥᠯᠥ᠍ ᠭᠦᠷᠦᠭ᠌ᠰᠡᠳ᠎ᠦᠨ ᠦᠵᠡᠯ ᠰᠠᠨᠠᠭ᠎ᠠ ᠦᠶ᠋ᠯᠡ ᠠᠵᠢᠯᠯᠠᠭ᠎ᠠ᠎ᠶ᠋ᠢ ᠰᠤᠷᠭᠠᠨ ᠬᠥᠮᠦᠵᠢᠭᠦᠯᠵᠦ᠍ ᠬᠥᠲᠥᠯᠦᠨ ᠵᠢᠯᠣᠭᠣᠳᠭᠤ᠎ᠶ᠋ᠢ ᠴᠢᠩᠭᠠᠳᠭᠠᠪᠠ
2026-06-03 16:03:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 5 ᠰᠠᠷ᠎ᠠ᠎ᠶ᠋ᠢᠨ 31 ᠤ᠋ ᠡᠳᠦᠷ ᠠᠷᠠᠳ ᠎ᠤᠨ ᠳᠡᠭᠡᠳᠦ ᠱᠢᠭᠦᠬᠦ᠌ ᠬᠣᠷᠢᠶ᠎ᠠ᠎ᠡᠴᠡ ᠣᠢᠯᠠᠭᠠᠭ᠍ᠰᠠᠨ ᠵᠢᠨᠷ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠬᠠᠤᠯᠢ᠂ ᠨᠠᠰᠤᠨ᠎ᠳᠤ ᠥᠯᠥ᠍ ᠭᠦᠷᠦᠭ᠌ᠰᠡᠳ᠎ᠦᠨ ᠶᠠᠯ᠎ᠠ ᠬᠢᠬᠦ᠌᠎ᠶ᠋ᠢ ᠰᠡᠷᠭᠡᠢᠯᠡᠬᠦ᠌ ᠬᠠᠤᠯᠢ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠦᠶ᠋ᠯᠡᠳᠦᠯᠭᠡᠵᠢᠭᠦᠯᠦᠨ᠂ ᠬᠡᠷ ᠪᠦᠯᠢ ᠰᠤᠷᠭᠠᠭᠤᠯᠢ ᠨᠡᠢᠭᠡᠮ ᠬᠠᠮᠵᠢᠯᠴᠠᠨ ᠬᠥᠮᠦᠵᠢᠭᠦᠯᠬᠦ᠌ ᠱᠢᠰᠲ᠋ᠧᠮ᠎ᠢ ᠪᠦᠷᠢᠨᠱᠢᠭᠦᠯᠵᠦ᠂ ᠨᠠᠰᠤᠨ᠎ᠳᠤ ᠥᠯᠥ᠍ ᠭᠦᠷᠦᠭ᠌ᠰᠡᠳ᠎ᠦᠨ ᠦᠵᠡᠯ ᠰᠠᠨᠠᠭ᠎ᠠ ᠦᠶ᠋ᠯᠡ ᠠᠵᠢᠯᠯᠠᠭ᠎ᠠ᠎ᠶ᠋ᠢᠨ ᠵᠥᠷᠢᠶ᠎ᠡ᠎ᠶ᠋ᠢ ᠡᠬᠢ ᠡᠭᠦᠰᠦᠯ᠎ᠡᠴᠡ ᠨᠢ ᠰᠡᠷᠭᠡᠢᠯᠡᠨ ᠵᠠᠯᠠᠷᠠᠭᠤᠯᠬᠤ᠎ᠶ᠋ᠢᠨ ᠲᠥᠯᠥᠭᠡ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠰᠤᠷᠭᠠᠨ ᠬᠥᠮᠦᠵᠢᠯ᠎ᠦᠨ ᠶᠠᠮᠤᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠂ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠤᠯᠪᠤᠭ᠎ᠠ ᠣᠢᠷ᠎ᠠ᠎ᠳᠤ ᠬᠠᠮᠲᠤᠷᠠᠨ ᠬᠡᠷᠡᠭ᠎ᠢᠶᠡᠷ ᠲᠣᠯᠢ ᠪᠣᠯᠭᠠᠨ ᠨᠠᠰᠤᠨ᠎ᠳᠤ ᠥᠯᠥ᠍ ᠭᠦᠷᠦᠭ᠌ᠰᠡᠳ᠎ᠦᠨ ᠦᠵᠡᠯ ᠰᠠᠨᠠᠭ᠎ᠠ  ᠦᠶ᠋ᠯᠡ ᠠᠵᠢᠯᠯᠠᠭ᠎ᠠ᠎ᠶ᠋ᠢ ᠰᠤᠷᠭᠠᠨ ᠬᠥᠮᠦᠵᠢᠭᠦᠯᠵᠦ᠍ ᠬᠥᠲᠥᠯᠥᠨ ᠵᠢᠯᠣᠭᠣᠳᠭᠤ ᠠᠵᠢᠯ᠎ᠤᠨ ᠵᠦᠭ᠌ᠯᠡᠭᠦᠷ ᠎ᠢ ᠳᠠᠷᠤᠮᠠᠯᠯᠠᠨ ᠲᠠᠷᠬᠠᠭᠠᠪᠠ᠃

ᠵᠦᠭ᠌ᠯᠡᠭᠦᠷ ᠨᠢ ᠨᠠᠰᠤᠨ᠎ᠳᠤ ᠥᠯᠥ᠍ ᠭᠦᠷᠦᠭ᠌ᠰᠡᠳ᠎ᠦᠨ ᠦᠰᠦᠨ ᠪᠣᠢᠵᠢᠬᠤ ᠶᠠᠪᠤᠴᠠ᠎ᠳᠠᠬᠢ ᠦᠵᠡᠯ ᠰᠠᠨᠠᠭ᠎ᠠ ᠦᠶ᠋ᠯᠡ ᠠᠵᠢᠯᠯᠠᠭ᠎ᠠ᠎ᠶ᠋ᠢᠨ ᠠᠶᠤᠯ ᠲᠦᠭ᠌ᠰᠢᠭᠦᠷᠢ ᠳᠠᠯᠳᠠ ᠬᠡᠮ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠨ ᠬᠥᠮᠦᠵᠢᠭᠦᠯᠵᠦ᠍ ᠬᠥᠲᠥᠯᠥᠨ ᠵᠢᠯᠣᠭᠣᠳᠭᠤ ᠠᠵᠢᠯ᠎ᠢ ᠥᠷᠨᠢᠭᠦᠯᠬᠦ᠌ 12 ᠵᠦᠶ᠋ᠯ᠎ᠦᠨ ᠬᠦᠴᠦᠯᠡᠬᠦ᠌ ᠴᠡᠭ᠎ᠢ ᠲᠣᠳᠣᠷᠬᠠᠶ ᠲᠣᠭ᠍ᠲᠠᠭᠠᠪᠠ᠄ ᠬᠠᠤᠯᠢ᠎ᠪᠠᠷ ᠵᠠᠰᠠᠬᠤ ᠤᠢᠯᠠᠭᠠᠬᠳᠠᠬᠤᠨ ᠵᠢᠨᠨ ᠴᠢᠩᠭᠠᠳᠭᠠᠵᠤ᠂ ᠦᠶ᠋ᠯᠡ ᠠᠵᠢᠯᠯᠠᠭ᠎ᠠ᠎ᠶ᠋ᠢᠨ ᠵᠠᠭᠠᠭ ᠬᠢᠵᠠᠭᠠᠷ᠎ᠢ ᠲᠣᠳᠣᠷᠬᠠᠶ ᠪᠣᠯᠭᠠᠨ᠎ᠠ; ᠦᠷᠦᠭᠡᠯ᠎ᠤᠨ ᠡᠮᠦᠨ᠎ᠡ ᠡᠴᠡ ᠪᠤᠳᠤᠯᠬᠢᠯᠠᠬᠤ ᠰᠡᠳᠬᠢᠴᠡ ᠵᠢ ᠪᠤᠢᠵᠢᠭᠤᠯᠵᠦ᠂ ᠡᠷᠬᠢᠮ ᠳᠡᠭᠡᠳᠦ ᠶᠣᠰᠣ ᠰᠤᠷᠲᠠᠬᠤᠨ᠎ᠢ ᠬᠥᠮᠦᠵᠢᠭᠦᠯᠦᠨ᠎ᠡ; ᠬᠥᠳᠡᠯᠮᠦᠷᠢᠯᠡᠬᠦ᠌ ᠦᠭᠡᠢ᠎ᠪᠡᠷ ᠠᠰᠢᠭ ᠬᠦᠷᠲᠡᠬᠦ ᠦᠵᠡᠯ ᠰᠠᠨᠠᠭ᠎ᠠ᠎ᠶ᠋ᠢ ᠰᠡᠷᠭᠡᠢᠯᠡᠵᠦ᠍᠂ ᠳᠦᠷᠢᠮ᠎ᠦᠨ ᠤᠬᠠᠮᠰᠠᠷ᠎ᠢ ᠴᠢᠩᠭᠠᠳᠬᠠᠨ᠎ᠠ;  ᠵᠥᠪ ᠬᠡᠷᠡᠭ᠌ᠯᠡᠭᠡᠨ᠎ᠦ ᠦᠵᠡᠯᠲᠡ᠎ᠶ᠋ᠢ ᠪᠤᠢ ᠪᠣᠯᠭᠠᠵᠤ᠂ ᠠᠵᠢᠯᠴᠢ ᠠᠷᠪᠢᠴᠢ ᠠᠷᠪᠢᠯᠠᠨ ᠭᠠᠮᠨᠠᠬᠤ᠎ᠶ᠋ᠢ ᠡᠷᠬᠢᠮᠯᠡᠨ᠎ᠡ; ᠨᠠᠢᠵᠠᠯᠠᠬᠤ ᠬᠣᠷᠢᠭ᠎ᠠ ᠱᠤᠭᠤᠮ᠎ᠢ ᠪᠠᠲᠤ ᠰᠠᠬᠢᠵᠤ᠂ ᠴᠠᠭᠠᠪᠤᠷ᠎ᠢ ᠨᠢ ᠰᠣᠩᠭᠣᠵᠤ ᠨᠠᠢᠵᠠᠯᠠᠬᠤ ᠎ᠶ᠋ᠢ ᠰᠠᠨᠠᠭᠠᠴᠢᠯᠠᠨ᠎ᠡ; ᠵᠡᠷᠡᠮᠳᠡᠭ《ᠭᠠᠢᠬᠠᠭᠤᠯᠬᠤ》ᠰᠡᠳᠭᠢᠴᠡ᠎ᠶ᠋ᠢ ᠰᠡᠷᠭᠡᠢᠯᠡᠵᠦ᠍᠂ ᠳᠣᠲᠣᠭᠠᠳᠤ ᠬᠡᠪ ᠪᠣᠯᠪᠠᠰᠤᠷᠠᠯ ᠵᠢᠨᠨ ᠳᠡᠭᠡᠭ᠌ᠰᠢᠯᠡᠭᠦᠯᠦᠨ᠎ᠡ; ᠬᠡᠲᠦᠷᠬᠡᠶ《ᠨᠢᠭᠤᠷᠰᠠᠭ》 ᠰᠡᠳᠭᠢᠴᠡ᠎ᠪᠡᠨ ᠵᠠᠯᠠᠷᠠᠭᠤᠯᠵᠤ᠂ ᠨᠡᠷᠡᠯᠬᠡᠭ ᠰᠡᠳᠭᠢᠯ ᠵᠢᠨᠨ ᠲᠠᠶᠠᠭ᠍ᠳᠠᠨ᠎ᠡ; ᠡᠷᠡᠭᠦᠯ ᠪᠡᠯᠭᠡ ᠵᠢᠨ ᠤᠢᠯᠠᠭᠠᠬᠳᠠᠬᠤᠨ᠎ᠢ ᠬᠥᠮᠦᠵᠢᠭᠦᠯᠵᠦ᠍᠂ ᠥᠪᠡᠷ᠎ᠢ᠎ᠪᠡᠨ ᠬᠢᠵᠠᠭᠠᠷᠯᠠᠬᠤ ᠎ᠶ᠋ᠢ ᠴᠢᠩᠭᠠᠳᠬᠠᠨ᠎ᠠ; ᠮᠠᠭᠤ ᠰᠡᠳᠭᠢᠯᠭᠡ᠎ᠶ᠋ᠢ ᠳᠠᠶᠠᠬᠳᠠᠵᠤ᠂ ᠰᠡᠳᠭᠢᠴᠡ᠎ᠶ᠋ᠢᠨ ᠡᠷᠡᠭᠦᠯ ᠮᠡᠨᠳᠦ᠍ ᠎ᠶ᠋ᠢ ᠠᠩᠬᠠᠷᠤᠨ᠎ᠠ; ᠮᠥᠷᠭᠥᠯᠳᠦᠭᠡᠨ᠎ᠢ ᠠᠷᠢᠯᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠢᠭᠡ ᠴᠠᠭ᠎ᠤᠨ ᠭᠡᠢ ᠰᠠᠭᠠᠬᠤ᠎ᠡᠴᠡ ᠵᠠᠢᠯᠠᠰᠭᠢᠨ᠎ᠡ;ᠰᠦᠯᠵᠢᠶᠡᠨ᠎ᠳᠦ ᠱᠢᠨᠤᠬᠤ᠎ᠶ᠋ᠢ ᠡᠰᠡᠷᠭᠦᠴᠡᠨ ᠬᠣᠷᠢᠭ᠍ᠯᠠᠵᠤ᠂ ᠱᠢᠨᠵᠢᠯᠡᠬᠦ᠌ ᠤᠬᠠᠭᠠᠨᠴᠢ ᠪᠣᠯᠪᠠᠰᠤᠨ᠎ᠢᠶᠠᠷ ᠰᠦᠯᠵᠢᠶ᠎ᠡ ᠠᠰᠢᠬᠯᠠᠬᠤ᠎ᠶ᠋ᠢ ᠪᠠᠷᠢᠮᠲᠠᠯᠠᠨ᠎ᠡ; ᠬᠤᠤᠷᠲᠤ ᠡᠳ᠋ ᠮᠢᠨᠴᠦᠭᠦᠷᠡᠭᠦᠯᠬᠦ᠌ ᠡᠮ᠎ᠡᠴᠡ ᠬᠤᠯᠠ ᠪᠠᠢᠵᠤ᠂ ᠠᠮᠢ ᠨᠠᠰᠤ ᠡᠷᠡᠭᠦᠯ ᠮᠡᠨᠳᠦ᠍᠎ᠪᠠᠨ ᠨᠠᠨᠳᠢᠩᠨᠠᠨ᠎ᠠ᠃

ᠲᠠᠨᠢᠯᠴᠠᠭᠤᠯᠤᠭ᠍ᠰᠠᠨ᠎ᠢᠶᠠᠷ᠂ ᠡᠯ᠎ᠡ ᠱᠠᠲᠤᠨ᠎ᠤ ᠱᠢᠭᠦᠬᠦ᠌ ᠬᠣᠷᠢᠶ᠎ᠠ᠂ ᠰᠤᠷᠭᠠᠨ ᠬᠥᠮᠦᠵᠢᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠦᠨ ᠬᠣᠯᠪᠣᠭ᠎ᠠ ᠵᠡᠷᠭᠡ ᠰᠠᠯᠠᠭ᠎ᠠ ᠮᠥᠴᠢᠷ ᠵᠦᠭ᠌ᠯᠡᠭᠦᠷ᠎ᠢ ᠰᠠᠢᠲᠤᠷ ᠬᠡᠷᠡᠭ᠌ᠯᠡᠵᠦ᠍᠂ ᠰᠤᠷᠭᠠᠨ ᠬᠥᠮᠦᠵᠢᠭᠦᠯᠬᠦ᠌᠂ ᠬᠥᠲᠥᠯᠥᠨ ᠵᠢᠯᠣᠭᠣᠳᠭᠤ᠂ ᠬᠠᠮᠠᠭᠠᠯᠠᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠨᠠᠰᠤᠨ᠎ᠳᠤ ᠥᠯᠥ᠍ ᠬᠦᠷᠦᠭ᠌ᠰᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ ᠬᠢᠭᠡᠳ ᠦᠶ᠋ᠯᠡ ᠠᠵᠢᠯᠯᠠᠭ᠎ᠠ᠎ᠶ᠋ᠢᠨ ᠵᠢᠷᠤᠮᠵᠢᠯ ᠬᠥᠮᠦᠵᠢᠯ᠎ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠨᠠᠰᠤᠨ᠎ᠳᠤ ᠥᠯᠥ᠍ ᠬᠦᠷᠦᠭ᠌ᠰᠡᠳ᠎ᠦᠨ ᠪᠡᠶ᠎ᠡ ᠰᠡᠳᠭᠢᠴᠡ ᠵᠢᠨ ᠡᠷᠡᠭᠦᠯ ᠮᠡᠨᠳᠦ᠍᠎ᠶ᠋ᠢ ᠪᠥᠬᠥ᠌ ᠲᠠᠯ᠎ᠠ᠎ᠪᠠᠷ ᠬᠠᠮᠠᠭᠠᠯᠠᠵᠤ᠂ ᠨᠠᠰᠤᠨ᠎ᠳᠤ ᠥᠯᠥ᠍ ᠬᠦᠷᠦᠭ᠌ᠰᠡᠳ᠎ᠦᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶ᠋ᠢ ᠳᠡᠮᠵᠢᠵᠦ᠍᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠦᠨ᠎ᠡ᠃



ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ) 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号