ᠲᠦᠷᠦᠭᠦᠭᠡᠨ᠂ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠣᠪᠴᠢᠶ᠎ᠠ᠂ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ ᠡᠴᠡ ᠬᠠᠮᠲᠤᠷᠠᠨ ᠡᠷᠭᠢᠯᠡᠭ᠌ᠰᠡᠨ 2026 ᠣᠨ᠎ᠤ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠭᠠᠷᠠᠭ᠎ᠤᠨ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠰᠢᠨ᠎ᠠ ᠬᠤᠳᠠ ᠲᠤᠭᠤᠷᠢᠭ ᠲᠸ᠋ ᠶᠠᠪᠤᠭᠳᠠᠪᠠ᠃
ᠲᠤᠬᠠᠢ᠎ᠶ᠋ᠢᠨ ᠲᠠᠯᠠᠪᠠᠢ᠎ᠳᠤ᠂ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠡᠴᠡ ᠭᠢᠯᠪᠢᠭᠡᠨ ᠵᠦᠴᠦᠭᠡ᠎ᠶ᠋ᠢᠨ ᠬᠡᠯᠪᠡᠷᠢ᠎ᠪᠡᠷ ᠴᠢᠶᠠᠨ ᠱᠢᠤᠸᠠᠢ ᠰᠸᠨ᠂ ᠶᠤᠸᠠᠨ ᠯᠦᠩ ᠫᠢᠩ ᠵᠡᠷᠭᠡ 7 ᠱᠢᠨᠵᠢᠯᠡᠬᠦ᠌ ᠤᠬᠠᠭᠠᠨᠲᠠᠨᠤᠦᠯᠢᠭᠡᠷᠢ ᠤᠯᠠᠨ ᠳ᠋ᠤ ᠲᠡᠯᠭᠡᠨ ᠦᠵᠡᠬᠦᠯᠵᠤ᠂ ᠤᠯᠤᠰ ᠭᠡᠷ᠎ᠦᠨ ᠬᠠᠢᠷ᠎ᠠ ᠰᠡᠳᠭᠢᠯᠭᠡ ᠪᠣᠯᠤᠨ ᠱᠢᠨᠵᠢᠯᠡᠬᠦ᠌ ᠤᠬᠠᠭᠠᠨ᠎ᠤ ᠢᠲᠡᠭᠡᠯ ᠪᠢᠱᠢᠷᠡᠯ᠎ᠢ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠭᠦᠨ ᠬᠠᠳᠠᠩᠱᠢᠭᠤᠯᠵᠠᠢ; ᠱᠢᠨᠵᠢᠯᠡᠬᠦ᠌ ᠤᠬᠠᠭᠠᠨ᠎ᠤ ᠲᠤᠷᠱᠢᠯᠲᠠ᠎ᠶ᠋ᠢᠨ ᠦᠵᠡᠭᠦᠯᠭᠡ᠎ᠶ᠋ᠢᠨ ᠤᠷᠤᠯᠳᠤᠭᠠᠨ᠎ᠳᠤ ᠱᠠᠩᠨᠠᠯ ᠣᠯᠤᠭ᠍ᠰᠠᠨ ᠪᠦᠲᠦᠭᠡᠯ — ᠱᠢᠩᠭᠡᠨ ᠠᠽᠣᠲ᠎ᠤᠨ ᠬᠥᠳᠡᠯᠭᠡᠬᠦ᠌ ᠬᠦᠴᠦᠨ᠎ᠦ ᠪᠥᠮᠪᠥᠭᠡ᠎ᠶ᠋ᠢᠨ ᠦᠵᠡᠭᠦᠯᠭᠡ᠎ᠨᠢ ᠱᠢᠩᠭᠡᠨ ᠠᠽᠣᠲ᠎ᠤᠨ ᠠᠭᠤᠷᠱᠢᠯᠲᠠᠶ᠋ᠢᠨ ᠲᠡᠢᠷᠦᠯᠲᠡᠶ᠋ᠢᠨ ᠬᠦᠴᠦᠨ᠎ᠢᠶᠡᠷ ᠲᠡᠮᠦᠷᠯᠢᠭ ᠪᠥᠮᠪᠥᠭᠡ᠎ᠶ᠋ᠢ ᠡᠷᠭᠢᠯᠳᠦᠭᠦᠯᠦᠨ ᠴᠠᠬᠢᠯᠭᠠᠨ ᠭᠠᠷᠭᠠᠵᠤ᠂ ᠢᠯᠴᠢ᠎ᠶ᠋ᠢᠨ ᠡᠨᠧᠷᠭᠢ᠎ᠶ᠋ᠢ ᠬᠤᠪᠢᠷᠠᠭᠤᠯᠬᠤ ᠹᠢᠽᠢᠺ᠎ᠦᠨ ᠣᠭ ᠶᠣᠰᠣ᠎ᠶ᠋ᠢ ᠱᠢᠭᠤᠳ ᠳᠡᠯᠭᠡᠨ ᠦᠵᠡᠭᠦᠯᠪᠡ; ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠲᠠᠨ ᠡᠴᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠲᠠᠷᠢᠶᠠᠴᠢᠳ᠎ᠲᠤ ᠠᠱᠢᠭ ᠬᠦᠷᠲᠡᠭᠡᠬᠦ᠌ ᠵᠡᠷᠭᠡ ᠰᠡᠳᠦᠪ᠎ᠦᠨ ᠲᠣᠭᠣᠷᠢᠨ᠎ᠳᠤ ᠲᠤᠷᠱᠢᠯᠭ᠎ᠠ᠎ᠪᠠᠨ ᠰᠣᠯᠢᠯᠴᠠᠪᠠ; ᠬᠤᠷᠠᠯ᠎ᠳᠤ ᠣᠷᠣᠯᠴᠠᠭ᠍ᠰᠠᠳ ᠪᠠᠰᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠦᠵᠡᠭᠦᠯᠭᠡ ᠪᠣᠯᠤᠨ AI ᠴᠡᠴᠡᠷᠯᠢᠭ᠎ᠢ ᠲᠣᠭᠣᠷᠢᠨ ᠦᠵᠡᠵᠦ᠍᠂ ᠤᠯᠠᠨ ᠬᠦᠷᠢᠶᠡᠨ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢ ᠣᠢᠯᠠᠭᠠᠪᠠ᠃
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠯᠠᠭ᠎ᠠ ᠵᠢᠨ ᠭᠠᠷᠠᠭ ᠪᠣᠯ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠬᠣᠲᠠ᠎ᠪᠠᠨ ᠬᠦᠴᠦᠷᠬᠡᠭ᠌ᠵᠢᠭᠦᠯᠬᠦ᠌ ᠴᠢᠬᠤᠯᠠ ᠠᠷᠭ᠎ᠠ ᠬᠡᠮᠵᠢᠶ᠎ᠡ᠎ᠶ᠋ᠢᠨ ᠨᠢᠭᠡ ᠪᠣᠯᠤᠨ᠎ᠠ᠃ 2026 ᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠯᠠᠭ᠎ᠠ᠎ᠶ᠋ᠢᠨ ᠭᠠᠷᠠᠭ᠎ᠨᠢ 《〈ᠠᠷᠪᠠᠨ ᠲᠠᠪᠤᠳᠤᠭᠠᠷ ᠲᠠᠪᠤᠨ ᠵᠢᠯ〉 ᠦ᠋ᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠪᠡᠷ ᠡᠷᠡᠮᠡᠭᠡᠢᠯᠡᠨ ᠤᠷᠤᠭ᠍ᠰᠢᠯᠠᠶ᠎ᠠ》 ᠭᠡᠬᠦ ᠪᠠᠷ ᠭᠤᠤᠯ ᠰᠡᠳᠦᠪ ᠪᠣᠯᠭᠠᠵᠤ᠂ 《2 + N》 ᠠᠵᠢᠯᠯᠠᠭ᠎ᠠ᠎ᠶ᠋ᠢᠨ ᠪᠠᠢᠷᠢᠱᠢᠭᠤᠯᠤᠯᠲᠠ᠎ᠶ᠋ᠢ ᠱᠢᠨ᠎ᠡ᠎ᠪᠡᠷ ᠡᠭᠦᠳᠦᠨ ᠪᠠᠢᠭᠤᠯᠵᠤ᠂ ᠲᠤᠬᠠᠢᠯᠠᠪᠠᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠯᠠᠭ᠎ᠠ᠎ᠶ᠋ᠢᠨ ᠭᠠᠷᠠᠭ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ᠎ᠤ ᠡᠳᠦᠷ᠎ᠦᠨ ᠬᠣᠶᠠᠷ ᠶᠡᠬᠡ ᠡᠬᠢᠯᠡᠯᠲᠡ᠎ᠶ᠋ᠢᠨ ᠶᠣᠰᠣᠯᠠᠯ ᠬᠢᠭᠡᠳ ᠣᠯᠠᠨ ᠵᠦᠶ᠋ᠯ᠎ᠦᠨ ᠠᠵᠢᠯᠯᠠᠭ᠎ᠠ᠎ᠶ᠋ᠢ ᠵᠡᠷᠭᠡ᠎ᠪᠡᠷ ᠠᠬᠢᠭᠤᠯᠤᠭ᠍ᠰᠠᠨ᠎ᠨᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠬᠢᠭᠡᠳ ᠰᠣᠶᠣᠯ᠎ᠤᠨ ᠦᠪᠡᠳᠡᠭ᠌ᠰᠢ ᠨᠠᠢᠷ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠨᠢᠭᠡ ᠤᠳᠠᠭᠠᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠬᠢᠭᠡᠳ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ᠎ᠶ᠋ᠢᠨ ᠭᠦᠨᠵᠡᠭᠡᠶ ᠵᠣᠯᠭᠠᠭᠤᠯᠤᠯᠲᠠ ᠪᠣᠯᠤᠨ᠎ᠠ᠃
ᠠᠵᠢᠯᠯᠠᠭ᠎ᠠ᠎ᠶ᠋ᠢᠨ ᠭᠠᠷᠠᠭ᠎ᠤᠨ ᠬᠤᠭᠤᠴᠠᠭᠠᠨ᠎ᠳᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠦᠵᠡᠭᠦᠯᠭᠡ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠨᠡᠢᠭᠡᠮ ᠲᠣᠭᠣᠷᠢᠭ᠎ᠲᠤ ᠬᠦᠷᠭᠡᠬᠦ᠌᠂ ᠬᠥᠳᠡᠭᠡ ᠲᠣᠰᠭᠣᠨ᠎ᠳᠤ ᠬᠦᠷᠭᠡᠬᠦ᠌᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠲᠠᠢᠯᠤᠮᠵᠢ᠎ᠶ᠋ᠢᠨ ᠤᠷᠤᠯᠳᠤᠭᠠᠨ᠂ ᠪᠢᠴᠢᠯ ᠸᠢᠳᠢᠣ᠋᠎ᠶ᠋ᠢᠨ ᠤᠷᠤᠯᠳᠤᠭᠠᠨ᠂ ᠵᠠᠭᠤᠨ ᠲᠤᠰᠭᠠᠶ ᠮᠡᠷᠭᠡᠵᠢᠯᠲᠡᠨ᠎ᠦ ᠱᠢᠨᠵᠢᠯᠡᠬᠦ᠌ ᠤᠬᠠᠭᠠᠨ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯᠯᠠᠭ᠎ᠠ᠂ ᠬᠡᠷᠡᠭ᠌ᠯᠡᠭᠡᠨ᠎ᠦ ᠮᠡᠷᠭᠡᠵᠢᠯ᠎ᠢ ᠳᠡᠯᠭᠡᠷᠡᠭᠦᠯᠬᠦ᠌ ᠪᠣᠯᠪᠠᠰᠤᠷᠠᠯ ᠵᠡᠷᠭᠡ ᠠᠯᠢ ᠣᠯᠠᠨ ᠡᠯᠪᠡᠭ ᠪᠠᠶᠠᠯᠢᠭ ᠠᠵᠢᠯᠯᠠᠭ᠎ᠠ ᠦᠷᠭᠦᠯᠵᠢᠯᠡᠨ ᠶᠠᠪᠤᠭ᠍ᠳᠠᠬᠤ ᠪᠣᠯᠤᠨ᠎ᠠ᠃