ᠥᠪᠥᠷ ᠮᠣᠩᠭᠣᠯ᠎ᠤᠨ ᠶᠡᠬᠡ ᠰᠤᠷᠭᠠᠭᠤᠯᠢ ᠬᠥᠮᠥᠨ ᠲᠥᠷᠥᠯᠬᠢᠲᠡᠨ᠎ᠦ ᠭᠤᠤᠯ ᠡᠰ᠎ᠦᠨ ᠰᠤᠳᠤᠯᠭᠠᠨ᠎ᠤ ᠬᠦᠷᠢᠶᠡᠨ᠎ᠳᠦ ᠳᠠᠬᠢᠨᠲᠠ ᠦᠷ᠎ᠡ ᠪᠦᠲᠦᠭᠡᠯ ᠭᠠᠷᠭᠠᠪᠠ
2026-06-30 11:05:08
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ᠎ᠤᠨ ᠶᠡᠬᠡ ᠰᠤᠷᠭᠠᠭᠤᠯᠢ ᠠ᠋ᠴᠠ ᠣᠢᠯᠠᠭᠠᠭᠰᠠᠨ ᠵᠢᠡᠷ ᠲᠤᠰ ᠰᠤᠷᠭᠠᠭᠤᠯᠢ ᠵᠢᠨ ᠬᠢᠨ ᠬᠥᠮᠥᠨ ᠲᠥᠷᠥᠯᠬᠢᠲᠡᠨ᠎ᠦ ᠭᠤᠤᠯ ᠡᠰ᠎ᠦᠨ ᠰᠤᠳᠤᠯᠭᠠᠨ᠎ᠤ ᠬᠦᠷᠢᠶᠡᠨ᠎ᠳᠦ ᠳᠠᠬᠢᠨᠲᠠ ᠤᠤᠭᠠᠯ ᠡᠬᠦᠳᠦᠯᠳᠡ ᠵᠢᠨ ᠦᠷ᠎ᠡ ᠪᠦᠲᠦᠭᠡᠯ ᠢ᠋ ᠭᠠᠷᠭᠠᠭᠰᠠᠨ ᠪᠠᠢᠨ᠎ᠠ᠃

ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢ ᠵᠢᠨ ᠰᠢᠨᠵᠢᠯᠡᠬᠡᠨ᠎ᠤ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ ᠦ᠋ ᠪᠦᠦ ᠵᠢᠶᠠᠩ᠂ ᠫᠷᠤᠹᠸᠰᠰᠤᠷ ᠯᠢ ᠰᠢ ᠾᠧ᠂ ᠠᠺᠠᠳᠧᠮᠢᠴᠢ᠎ᠵᠠᠩ ᠶᠦᠩ᠎ᠤᠨ ᠪᠦᠯᠬᠦᠮ᠎ᠤᠨ ᠬᠢᠨ ᠠᠩᠭ᠌ᠯᠢ᠎ᠶᠢᠨ ᠺᠠᠮᠪᠷᠢᠵ ᠶᠡᠬᠡ ᠰᠤᠷᠭᠠᠭᠤᠯᠢ᠎ᠶᠢᠨ ᠫᠷᠤᠹᠸᠰᠰᠤᠷ ᠠᠴᠢᠮᠦ᠋·ᠰᠦᠯᠠᠨᠨᠢ ᠵᠢᠨ ᠪᠦᠯᠬᠦᠮ᠎ᠲᠠᠢ ᠬᠠᠮᠲᠤᠷᠠᠨ ᠰᠤᠳᠤᠯᠭᠠᠨ᠎ᠤ ᠣᠷᠳᠣ᠌ ᠪᠦᠳᠦᠬᠡᠯ ᠨᠡᠢᠲᠡᠯᠡᠪᠡ᠃ ᠲᠣᠰ ᠰᠤᠳᠤᠯᠭᠠᠨ᠎ᠳᠤ ᠠᠩᠬ᠎ᠠ ᠤᠳᠠᠭ᠎ᠠ NELFA ᠵᠢᠨ ᠬᠥᠮᠥᠨ ᠲᠥᠷᠥᠯᠬᠢᠲᠡᠨ᠎ᠦ ᠬᠦᠪᠦᠷᠡᠯ᠎ᠦᠨ ᠭᠤᠤᠯ ᠡᠰ᠎ᠦᠨ ᠣᠯᠠᠨ ᠴᠢᠳᠠᠮᠵᠢᠲᠤ ᠰᠣᠯᠢᠭ᠍ᠳᠠᠯ ᠪᠠ 8 — ᠡᠰ᠎ᠦᠨ ᠵᠠᠭᠪᠤᠷ᠎ᠤᠨ ᠡᠰ᠎ᠦᠨ ᠢᠳᠡᠪᠬᠢᠵᠢᠭᠦᠯᠦᠯᠲᠡ᠎ᠶᠢᠨ ᠳᠤᠮᠳᠠᠬᠢ ᠭᠣᠣᠯ ᠲᠣᠬᠢᠷᠠᠭᠤᠯᠤᠯ ᠡᠵᠡᠮᠳᠡᠯ᠎ᠦᠨ ᠲᠣᠭᠲᠠᠴᠠ᠎ᠶᠢ ᠰᠢᠰᠲᠧᠮ᠎ᠲᠠᠢ ᠲᠣᠳᠣᠷᠬᠠᠢᠯᠠᠨ ᠥᠭᠦᠯᠡᠵᠦ᠂ ᠬᠥᠮᠥᠨ ᠲᠥᠷᠥᠯᠬᠢᠲᠡᠨ᠎ᠦ ᠠᠩᠬᠠᠨ᠎ᠤ ᠬᠤᠭᠤᠴᠠᠭᠠᠨ᠎ᠤ ᠬᠦᠪᠦᠷᠡᠯ᠎ᠦᠨ ᠪᠣᠶ᠋ᠢᠵᠢᠯᠲᠠ᠂ ᠡᠪᠰᠡᠯ ᠡᠰ᠎ᠦᠨ ᠭᠧᠨ᠎ᠦ ᠪᠦᠯᠦᠭ᠎ᠦᠨ ᠢᠳᠡᠪᠬᠢᠵᠢᠭᠦᠯᠦᠯ (ZGA) ᠢ᠋ ᠵᠠᠳᠠᠯᠬᠤ᠎ᠳᠤ ᠴᠣ᠋ ᠰᠢᠨ᠎ᠡ ᠣᠨᠣᠯ᠎ᠤᠨ ᠵᠠᠭᠪᠤᠷ᠎ᠢ ᠬᠠᠩᠭᠠᠵᠤ᠂ ᠪᠠᠰᠠ ᠳᠠᠬᠢᠨ ᠤᠷᠭᠤᠭᠤᠯᠬᠤ ᠠᠨᠠᠭᠠᠬᠤ ᠤᠬᠠᠭᠠᠨ᠂ ᠠᠩᠬᠠᠨ᠎ᠤ ᠬᠤᠭᠤᠴᠠᠭᠠᠨ᠎ᠤ ᠪᠣᠶ᠋ᠢᠵᠢᠯᠲᠠ᠎ᠶᠢᠨ ᠦᠶ᠎ᠠ ᠵᠢᠨ ᠡᠪᠡᠳᠴᠢᠨ ᠡᠮᠭᠡᠭ ᠪᠠ ᠰᠤᠷᠪᠤᠯᠵᠢ ᠡᠰ᠎ᠦᠨ ᠡᠮᠴᠢᠯᠡᠭᠡ᠎ᠳᠦ ᠵᠠᠩᠭᠢᠯᠠᠭ᠎ᠠ᠎ᠶᠢᠨ ᠣᠨᠣᠯ᠎ᠤᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠡᠨᠡ ᠪᠣᠯ ᠲᠣᠰ ᠰᠤᠷᠭᠠᠭᠤᠯᠢ᠎ᠶᠢᠨ ᠬᠥᠮᠥᠨ ᠲᠥᠷᠥᠯᠬᠢᠲᠡᠨ᠎ᠦ ᠭᠤᠤᠯ ᠡᠰ ᠬᠢᠭᠡᠳ ᠠᠮᠢᠳᠤ ᠪᠣᠳᠠᠰ᠎ᠤᠨ ᠠᠨᠠᠭᠠᠬᠤ ᠤᠬᠠᠭᠠᠨ᠎ᠤ ᠰᠤᠳᠤᠯᠭᠠᠨ᠎ᠤ ᠬᠦᠷᠢᠶᠡᠨ᠎ᠳᠡᠬᠢ ᠪᠠᠰᠠ ᠨᠢᠭᠡᠨ ᠴᠢᠬᠤᠯᠠ ᠤᠤᠭᠠᠯ ᠡᠭᠦᠳᠦᠯᠲᠡ᠎ᠶᠢᠨ ᠰᠢᠪᠲᠤᠯᠤᠯᠲᠠ ᠪᠣᠯᠣᠨ᠎ᠠ᠃

ᠲᠣᠰ ᠰᠤᠳᠤᠯᠭᠠᠨ ᠨᠢ  ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠂ ᠤᠯᠤᠰ᠎ᠤᠨ ᠲᠠᠷᠢᠶᠠᠯᠠᠩ᠎ᠤᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠴᠢᠬᠤᠯᠠ ᠶᠡᠬᠡ ᠲᠦᠷᠦᠯ ᠵᠦᠢᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥᠨ᠎ᠦ ᠰᠢᠯᠭᠠᠷᠠᠭᠰᠠᠨ ᠵᠠᠯᠠᠭᠤᠴᠤᠳ᠎ᠤᠨ ᠲᠦᠷᠦᠯ ᠵᠦᠢᠯ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠠᠷᠯᠠᠯ ᠨᠡᠢᠳᠡᠯᠡᠨ ᠮᠠᠩᠯᠠᠢᠯᠠᠭᠴᠢ ᠡᠯᠰᠡᠬᠦ》 ᠵᠡᠷᠭᠡ ᠬᠣᠯᠪᠣᠭᠳᠠᠯ ᠪᠦᠬᠦᠢ ᠰᠠᠭᠤᠷᠢ ᠮᠥᠩᠭᠥᠨ᠎ᠦ ᠲᠦᠷᠦᠯ ᠵᠦᠢᠯ᠎ᠤᠨ ᠳᠡᠮᠵᠢᠯᠭᠡ᠎ᠶᠢ ᠬᠦᠷᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号