ᠲᠡᠯᠬᠡᠷ ᠵᠤᠨ ᠤ᠋ ᠰᠠᠢᠬᠠᠨ ᠴᠠᠭ ᠵᠢᠡᠷ᠂ ᠠᠤᠬᠠᠨ ᠬᠤᠰᠢᠭᠤᠨ᠎ᠤ ᠤᠷᠤᠢᠨᠰᠦ᠋ᠮᠡ ᠰᠤᠮᠤ᠎ᠶ᠋ᠢᠨ ᠡᠯᠡᠰᠦᠷᠬᠡᠭ ᠭᠠᠵᠠᠷ ᠲᠤ᠌ ᠪᠠᠷᠢᠯᠭ᠎ᠠ᠎ᠶ᠋ᠢᠨ ᠲᠡᠷᠭᠡ ᠨᠠᠭᠠᠰᠢ ᠴᠠᠭᠠᠰᠢ ᠰᠦᠯᠵᠢᠯᠳᠦᠵᠦ᠍᠂ ᠠᠬᠤᠢ ᠲᠠᠯᠠᠪᠠᠢ ᠳ᠋ᠤ ᠬᠦᠷ ᠬᠥᠭ᠌ᠵᠢᠶᠡᠨ᠎ᠲᠠᠢ ᠶᠠᠭᠠᠷᠠᠯᠲᠠᠢ ᠪᠠᠢᠳᠠᠯ ᠢᠯᠡᠷᠡᠨ᠎ᠠ᠃ ᠡᠨᠡ ᠪᠣᠯ ᠠᠤᠬᠠᠨ ᠬᠤᠱᠢᠭᠤᠨ᠎ᠤ ᠮᠣᠵᠢ ᠵᠢᠨ ᠳᠡᠰ ᠤ᠋ᠨ 210 ᠵᠠᠮ ᠡᠴᠡ ᠪᠠᠶᠠᠨᠪᠤᠯᠠᠭ ᠬᠦᠷᠬᠦ᠌ ᠡᠯᠡᠰᠦ ᠵᠢ ᠲᠤᠭᠤᠯᠤᠭᠰᠠᠨ ᠵᠠᠰᠠᠮᠠᠯ ᠵᠠᠮ᠎ᠤᠨ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠵᠢᠨ ᠠᠬᠤᠢ ᠲᠠᠯᠠᠪᠠᠢ ᠪᠤᠯᠤᠨ᠎ᠠ᠂ ᠮᠦᠨ ᠴᠤ᠌ ᠬᠤᠷᠴᠢᠨ᠎ᠤ ᠡᠯᠡᠰᠦᠷᠭᠡᠭ ᠭᠠᠵᠠᠷ ᠢ᠋ ᠲᠤᠢᠯᠪᠤᠷᠢᠲᠠᠢ ᠵᠠᠰᠠᠬᠤ ᠳᠠᠢᠯᠠᠯᠳᠤᠭᠠᠨ᠎ᠤ ᠭᠤᠣᠯ ᠲᠠᠯᠠᠪᠤᠷ ᠪᠤᠯᠤᠨ᠎ᠠ᠃ ᠡᠳᠦᠭᠡ ᠵᠠᠮ᠎ᠤᠨ ᠰᠠᠭᠤᠷᠢ ᠪᠠᠷᠢᠯᠭ᠎ᠠ᠎ᠶ᠋ᠢ ᠨᠢᠭᠡᠨᠲᠡ ᠪᠦᠬᠦᠨ᠎ᠢ ᠳᠠᠭᠤᠰᠭᠠᠵᠤ᠂ ᠴᠢᠯᠠᠭᠤ ᠳᠡᠪᠢᠰᠬᠦ ᠴᠢᠳᠠᠮᠵᠢ᠎ᠶ᠋ᠢᠨ ᠳᠠᠪᠬᠤᠷᠭ᠎ᠠ᠎ᠶ᠋ᠢᠨ ᠪᠦᠲᠦᠭᠡᠨ ᠪᠠᠢᠭᠤᠯᠤᠯᠲᠠ ᠵᠢᠨ ᠱᠠᠲᠤᠨ᠎ᠳᠤ ᠣᠷᠣᠵᠤ᠂ ᠵᠢᠱ᠌ᠢᠯᠲᠡ᠎ᠪᠠᠷ ᠡᠨᠡ ᠵᠢᠯ᠎ᠤᠨ 10 ᠰᠠᠷ᠎ᠠ᠎ᠶ᠋ᠢᠨ ᠰᠡᠭᠦᠯᠴᠢ᠎ᠪᠠᠷ ᠪᠥᠬᠦ᠌ ᠱᠤᠭᠤᠮ᠎ᠢ ᠲᠡᠷᠭᠡ ᠨᠡᠪᠲᠡᠷᠡᠭᠦᠯᠬᠦ᠌ᠪᠣᠯᠣᠨᠠ᠃
ᠦᠩᠭᠡᠷᠡᠭᠰᠡᠨ ᠳ᠋ᠤ᠂ ᠡᠨᠳᠡᠬᠢ ᠵᠠᠮ ᠨᠡᠪᠲᠡᠷᠡᠯᠭᠡ᠎ᠶ᠋ᠢᠨ ᠨᠥᠬᠦᠴᠡᠯ ᠲᠦᠢᠯ᠎ᠤᠨ ᠠᠨᠠᠶ᠂ ᠬᠡᠰᠡᠭ ᠵᠠᠮ ᠨᠢ ᠦᠷᠭᠦᠯᠵᠢ ᠡᠯᠡᠰᠦᠨ ᠳ᠋ᠤ ᠳᠠᠷᠤᠭᠳᠠᠨ ᠲᠡᠷᠭᠡ ᠨᠡᠪᠲᠡᠷᠡᠬᠦ᠌ ᠳ᠋ᠤ ᠬᠦᠴᠢᠷᠲᠡᠢ ᠪᠣᠯᠵᠤ᠂ ᠵᠠᠮ ᠳᠠᠭᠠᠤᠰᠠᠭᠤᠷᠢᠰᠢᠵᠤ ᠪᠠᠢᠭ᠎ᠠ ᠮᠠᠯᠴᠢᠳ᠎ᠤᠨ ᠡᠳᠦᠷ ᠲᠤᠲᠤᠮ᠎ᠤᠨ ᠶᠠᠪᠤᠵᠤ ᠰᠠᠭᠤᠬᠤ᠂ ᠡᠳ᠋ ᠪᠣᠳᠠᠰ ᠲᠡᠭᠡᠭᠡᠪᠦᠷᠢᠯᠡᠬᠦ᠎ᠶ᠋ᠢ ᠬᠦᠨᠳᠦ ᠨᠣᠴᠢᠲᠠᠶ ᠬᠠᠷᠱᠢᠯᠠᠵᠤ᠂ ᠡᠯᠡᠰᠦᠷᠬᠡᠭ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠬᠢᠵᠠᠭᠠᠷᠯᠠᠬᠤ ᠭᠤᠣᠯ ᠪᠣᠭᠤᠮᠢ ᠪᠣᠯᠵᠤ ᠪᠠᠢᠪᠠ᠃ ᠡᠯᠡᠰᠦᠷᠬᠡᠭ ᠣᠷᠣᠨ᠎ᠤ ᠲᠡᠷᠭᠡ ᠨᠡᠪᠲᠡᠷᠡᠬᠦ᠌ ᠨᠥᠬᠦᠴᠡᠯ᠎ᠢ ᠰᠠᠢᠵᠢᠷᠠᠭᠤᠯᠵᠤ᠂ ᠵᠠᠮᠵᠠᠰᠠᠵᠤ ᠡᠯᠡᠰᠦ᠎ᠶ᠋ᠢ ᠵᠠᠰᠠᠬᠤ ᠠᠮᠢ ᠠᠬᠤᠢ᠎ᠶ᠋ᠢ ᠬᠠᠮᠠᠭᠠᠯᠠᠬᠤ ᠠᠵᠢᠯ ᠲᠤᠯᠭᠠᠮ ᠱᠠᠭᠠᠷᠳᠠᠭᠳᠠᠪᠠ᠃ ᠡᠨᠡ ᠬᠦ᠌ ᠪᠥᠬᠦ᠌ ᠤᠷᠲᠤ᠎ᠨᠢ 20.33 ᠺᠢᠯᠣᠮᠧᠲᠷ᠎ᠤᠨ ᠡᠯᠡᠰᠦ ᠵᠢ ᠲᠤᠭᠤᠯᠤᠭᠰᠠᠨ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ ᠴᠠᠭ ᠲᠠᠭᠠᠨ ᠲᠣᠬᠢᠷᠠᠨ ᠪᠤᠢ ᠪᠣᠯᠵᠤ᠂ ᠭᠤᠷᠪᠠᠳᠤᠭᠠᠷ ᠳᠡᠰ᠎ᠤᠨ ᠵᠠᠰᠠᠮᠠᠯ ᠵᠠᠮ᠎ᠤᠨ ᠪᠠᠷᠢᠮᠵᠢᠶ᠎ᠠ᠎ᠪᠡᠷ ᠪᠥᠲᠥᠭᠡᠨ ᠪᠠᠢᠭᠤᠯᠵᠤ᠂ ᠵᠠᠮ᠎ᠤᠨ ᠰᠠᠭᠤᠷᠢ᠎ᠶ᠋ᠢᠨ ᠥᠷᠭᠡᠨ᠎ᠨᠢ 7.5 ᠮᠧᠲᠷ᠂ ᠵᠠᠮ᠎ᠤᠨ ᠭᠠᠳᠠᠷᠭᠤ᠎ᠶ᠋ᠢᠨ ᠥᠷᠭᠡᠨ᠎ᠨᠢ 7 ᠮᠧᠲᠷ ᠪᠠᠢᠵᠤ᠂ ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ ᠨᠢ 3659 ᠲᠦᠮᠡᠨ ᠲᠥᠭᠦᠷᠢᠭ ᠬᠦᠷᠴᠡᠢ᠃
ᠵᠠᠮ ᠢ᠋ ᠬᠠᠮᠢᠭ᠎ᠠ ᠬᠦᠷᠲᠡᠯ᠎ᠡ ᠵᠠᠰᠠᠪᠠᠯ᠂ ᠡᠯᠡᠰᠦ ᠵᠢ ᠲᠡᠨᠳᠡ ᠬᠦᠷᠲᠡᠯ᠎ᠡ ᠵᠠᠰᠠᠨ᠎ᠠ᠃ ᠠᠤᠬᠠᠨ ᠬᠤᠰᠢᠭᠤ ᠲᠠᠯ᠎ᠠ ᠨᠤᠲᠤᠭ᠎ᠤᠨ ᠡᠯᠡᠰᠦ᠎ᠶ᠋ᠢ ᠲᠣᠭ᠍ᠲᠠᠪᠤᠷᠢᠵᠢᠭᠤᠯᠬᠤ᠂ ᠡᠪᠡᠰᠦ ᠮᠣᠳᠣ ᠳᠠᠷᠢᠵᠤ ᠨᠣᠭᠤᠭᠠᠷᠠᠭᠤᠯᠬᠤ ᠵᠡᠷᠭᠡ ᠶᠡᠷᠦᠩᠬᠡᠢᠯᠡᠭ᠌ᠰᠡᠨ ᠴᠢᠨᠠᠷᠲᠠᠶ ᠡᠯᠡᠰᠦ ᠵᠢ ᠵᠠᠰᠠᠬᠤ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠵᠢᠭᠦᠯᠵᠦ᠍᠂ ᠵᠠᠮ ᠵᠠᠰᠠᠬᠤ ᠪᠠ ᠡᠯᠡᠰᠦ᠎ᠶ᠋ᠢ ᠵᠠᠰᠠᠬᠤ᠎ᠶ᠋ᠢ ᠨᠢᠭᠡ ᠴᠣᠭ᠍ᠴᠠᠵᠢᠭᠤᠯᠤᠨ ᠲᠥᠯᠥᠪᠵᠢᠭᠦᠯᠵᠦ᠍᠂ ᠵᠡᠷᠭᠡ᠎ᠪᠠᠷ ᠠᠬᠢᠭᠤᠯᠬᠤ᠎ᠶ᠋ᠢ ᠪᠡᠶᠡᠯᠡᠭᠦᠯᠦᠨ᠂ ᠡᠯᠡᠰᠦ ᠵᠢ ᠲᠤᠭᠤᠯᠤᠭᠰᠠᠨ ᠵᠠᠰᠠᠮᠠᠯ ᠵᠠᠮ᠎ᠤ᠋ᠨ ᠠᠮᠢ ᠠᠬᠤᠶ᠎ᠶ᠋ᠢᠨ ᠬᠠᠯᠬᠠᠪᠴᠢ᠎ᠶ᠋ᠢ ᠪᠠᠬᠢᠵᠢᠭᠦᠯᠵᠦ᠍᠂ ᠵᠠᠮ᠎ᠤᠨ ᠬᠠᠵᠠᠭᠤ᠎ᠳᠠᠬᠢ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠦᠨ᠂ ᠨᠡᠭᠦᠳᠡᠯ ᠡᠯᠡᠰᠦᠨ ᠳᠣᠪᠤ ᠵᠢ ᠪᠦᠲᠦᠮᠵᠢᠲᠡᠶ ᠲᠣᠭ᠍ᠲᠠᠪᠤᠷᠢᠵᠢᠭᠤᠯᠵᠤ᠂ ᠨᠡᠭᠦᠳᠡᠯ ᠡᠯᠡᠰᠦᠨ᠎ᠤ ᠵᠠᠮ ᠤ᠋ᠨ ᠭᠠᠳᠠᠷᠭᠤ ᠳ᠋ᠤ ᠦᠵᠡᠭᠦᠯᠬᠦ ᠡᠪᠳᠡᠭᠳᠡᠯ ᠢ᠋ ᠪᠦᠲᠦᠮᠵᠢᠲᠡᠢ ᠪᠠᠭᠠᠰᠬᠠᠪᠠ᠃ ᠵᠠᠮ᠎ᠢᠶᠠᠷ ᠡᠯᠡᠰᠦ᠎ᠶ᠋ᠢ ᠲᠣᠭ᠍ᠲᠠᠪᠤᠷᠢᠵᠢᠭᠤᠯᠵᠤ᠂ ᠨᠣᠭᠤᠭᠠᠷᠠᠭᠤᠯᠤᠯᠲᠠ᠎ᠪᠠᠷ ᠵᠠᠮ᠎ᠢ ᠬᠠᠮᠠᠭᠠᠯᠠᠵᠤ᠂ ᠡᠨᠡ ᠬᠦ᠌ ᠡᠯᠡᠰᠦ ᠵᠢ ᠲᠤᠭᠤᠯᠤᠭᠰᠠᠨ ᠵᠠᠰᠠᠮᠠᠯ ᠵᠠᠮ᠎ᠢ ᠦᠨᠡᠨ ᠬᠦ᠌ ᠤᠯᠠᠨ ᠲᠦᠮᠡᠨ᠎ᠳᠤ ᠠᠱᠢᠭ ᠬᠦᠷᠲᠡᠭᠡᠬᠦ᠌ ᠠᠷᠠᠳ᠎ᠤᠨ ᠠᠮᠢᠳᠤᠷᠠᠯ᠎ᠤᠨ ᠵᠠᠮ᠂ ᠪᠣᠬᠢᠷᠲᠤᠯ ᠦᠭᠡᠢ ᠠᠮᠢ ᠠᠬᠤᠢ᠎ᠶ᠋ᠢ ᠰᠠᠬᠢᠨ ᠬᠠᠮᠠᠭᠠᠯᠠᠬᠤ ᠵᠠᠮ ᠪᠣᠯᠭᠠᠵᠤ ᠪᠠᠢᠨ᠎ᠠ᠃
ᠠᠤᠬᠠᠨ ᠬᠤᠱᠢᠭᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠧᠶ ᠲᠢᠶᠠᠨ ᠢᠦᠶ᠎ᠶ᠋ᠢᠨ ᠲᠠᠨᠢᠯᠴᠠᠭᠤᠯᠤᠭ᠍ᠰᠠᠨ᠎ᠢᠶᠠᠷ᠂ 2025 ᠣᠨ᠎ᠡᠴᠡ ᠨᠠᠭᠠᠰᠢ ᠂ ᠪᠥᠬᠦ᠌ ᠬᠤᠱᠢᠭᠤᠨ᠎ᠳᠤ ᠨᠡᠢᠲᠡ 12 ᠵᠤᠷᠪᠤᠰ ᠡᠯᠡᠰᠦ ᠵᠢ ᠲᠤᠭᠤᠯᠤᠭᠰᠠᠨ ᠵᠠᠰᠠᠮᠠᠯ ᠵᠠᠮ᠎ᠤᠨ ᠲᠥᠷᠥᠯ ᠵᠦᠢᠯ᠎ᠢ ᠲᠣᠭ᠍ᠲᠠᠭᠠᠵᠤ᠂ ᠶᠡᠷᠦᠩᠬᠡᠶ ᠣᠷᠳᠣᠨ᠎ᠢ 122.7 ᠺᠢᠯᠣᠮᠧᠲᠷ᠎ᠲᠤ ᠬᠦᠷᠴᠦ᠍᠂ ᠪᠦᠲᠦᠭᠡᠨ ᠪᠠᠢᠭᠤᠯᠬᠤ ᠬᠡᠪᠴᠢᠶ᠎ᠡ᠎ᠨᠢ ᠤᠷᠤᠢᠨᠰᠦ᠋ᠮᠡ ᠰᠤᠮᠤ᠂ ᠴᠠᠩ ᠱᠧᠩ ᠪᠠᠯᠭᠠᠰᠤ᠂ ᠮᠣᠳᠤᠨ ᠠᠢᠯ ᠱᠢᠶᠠᠩ ᠭᠤᠷᠪᠠᠨ ᠭᠠᠵᠠᠷ᠎ᠢ ᠬᠠᠮᠤᠷᠴᠤ᠌᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠳᠤ ᠦᠢᠯᠡᠴᠢᠯᠡᠬᠦ᠌ ᠭᠤᠤᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠤᠭᠰᠠᠨ ᠪᠠᠢᠨ᠎ᠠ᠃ ᠣᠳᠣᠬᠠᠨ᠎ᠳᠤ᠂ ᠪᠥᠬᠦ᠌ ᠬᠤᠱᠢᠭᠤᠨ᠎ᠳᠤ ᠨᠢᠭᠡᠨᠲᠡ 5 ᠵᠤᠷᠪᠤᠰ ᠡᠯᠡᠰᠦ ᠵᠢ ᠲᠤᠭᠤᠯᠤᠭᠰᠠᠨ ᠵᠠᠰᠠᠮᠠᠯ ᠵᠠᠮ᠎ᠢ ᠪᠠᠢᠭᠤᠯᠤᠨ ᠳᠠᠭᠤᠰᠭᠠᠵᠤ ᠲᠡᠷᠭᠡ ᠨᠡᠪᠲᠡᠷᠡᠭᠦᠯᠵᠦ᠍᠂ ᠲᠡᠷᠭᠡ ᠨᠡᠪᠲᠡᠷᠡᠭ᠌ᠰᠡᠨ ᠵᠠᠮ᠎ᠤᠨ ᠣᠷᠳᠣᠨ᠎ᠢ 47.74 ᠺᠢᠯᠣᠮᠧᠲᠷ᠎ᠲᠤ ᠬᠦᠷᠴᠦ᠍᠂ ᠦᠯᠡᠳᠡᠭ᠌ᠰᠡᠨ 7 ᠵᠤᠷᠪᠤᠰ᠎ᠨᠢ ᠴᠥᠮ ᠲᠣᠭ᠍ᠲᠠᠭ᠍ᠰᠠᠨ ᠪᠦᠲᠦᠭᠡᠨ ᠪᠠᠢᠭᠤᠯᠬᠤ ᠲᠦᠰᠦᠪ᠎ᠢᠶᠠᠷ ᠡᠮᠬᠢ ᠵᠢᠷᠤᠮ᠎ᠲᠠᠢ ᠶᠠᠪᠤᠭ᠍ᠳᠠᠵᠤ᠂ ᠲᠣᠭ᠍ᠲᠠᠭ᠍ᠰᠠᠨ ᠬᠤᠭᠤᠴᠠᠭᠠᠨ᠎ᠳᠤ ᠪᠠᠷᠢᠯᠭ᠎ᠠ ᠳᠠᠭᠤᠰᠴᠤ᠌ ᠠᠱᠢᠭ᠍ᠯᠠᠯᠲᠠ᠎ᠳᠤ ᠣᠷᠣᠬᠤ᠎ᠶ᠋ᠢ ᠪᠠᠲᠤᠯᠠᠨ᠎ᠠ᠃
ᠦᠩᠭᠡᠷᠡᠭ᠌ᠰᠡᠨ᠎ᠤ 《ᠡᠯᠡᠰᠦ ᠤᠷᠤᠭᠰᠢᠯᠠᠨ ᠬᠦᠮᠦᠨ ᠤᠬᠤᠷᠢᠵᠤ》 ᠪᠠᠢᠭᠰᠠᠨ ᠡᠴᠡ ᠣᠳᠣ ᠵᠢᠨ 《ᠵᠠᠮ ᠪᠠᠢᠭᠤᠯᠤᠨ ᠡᠯᠡᠰᠦ ᠵᠢ ᠤᠬᠤᠷᠢᠭᠤᠯᠬᠤ》 ᠪᠣᠯᠲᠠᠯ᠎ᠠ᠂ ᠵᠠᠰᠠᠮᠠᠯ ᠵᠠᠮ᠎ᠤᠨ ᠢᠨᠵᠧᠨᠧᠷᠢᠩ᠎ᠨᠢ ᠠᠤᠬᠠᠨ ᠬᠤᠰᠢᠭᠤᠨ᠎ᠤ ᠡᠯᠡᠰᠦᠷᠭᠡᠭ ᠤᠷᠤᠨ᠎ᠤ ᠦᠢᠯᠡᠳᠪᠦᠷᠢᠯᠡᠯ ᠠᠮᠢᠲᠤᠷᠠᠯ᠎ᠤᠨ ᠵᠠᠮ ᠬᠠᠷᠢᠯᠴᠠᠭᠠᠨ᠎ᠤ 《ᠭᠤᠤᠯ ᠰᠤᠳᠠᠰᠤ》 ᠶ᠋ᠢ ᠪᠦᠲᠦᠮᠵᠢᠲᠡᠢ ᠨᠡᠪᠲᠡᠷᠡᠭᠦᠯᠵᠦ᠍᠂ ᠡᠯᠡᠰᠦᠷᠬᠡᠭ ᠤᠷᠤᠨ᠎ᠤ ᠶᠠᠪᠤᠵᠤ ᠰᠠᠭᠤᠬᠤ᠎ᠳᠤ ᠬᠦᠴᠢᠷ᠂ ᠬᠦᠭ᠌ᠵᠢᠬᠦ ᠳ᠋ᠤ ᠬᠦᠴᠢᠷ ᠠᠰᠠᠭᠤᠳᠠᠯ᠎ᠢ ᠱᠢᠢᠳᠪᠦᠷᠢᠯᠡᠪᠡ᠃ ᠪᠥᠬᠦ᠌ ᠱᠤᠭᠤᠮ᠎ᠢᠶᠠᠷ᠎ᠢᠶᠠᠨ ᠲᠡᠷᠭᠡ ᠨᠡᠪᠳᠡᠷᠡᠭ᠌ᠰᠡᠨᠤ ᠳᠠᠷᠠᠭ᠎ᠠ᠂ ᠪᠥᠬᠦ᠌ ᠣᠷᠣᠨ ᠪᠦᠰᠡ᠎ᠶ᠋ᠢᠨ ᠵᠠᠮ᠎ᠤᠨ ᠲᠣᠤᠷ᠎ᠤᠨ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠡᠯᠡᠰᠦᠷᠬᠡᠭ ᠭᠠᠵᠠᠷ᠎ᠤᠨ ᠠᠮᠢ ᠠᠬᠤᠶ᠎ᠶ᠋ᠢᠨ ᠵᠠᠰᠠᠯᠲᠠ᠎ᠶ᠋ᠢᠨ ᠦᠷ᠎ᠡ ᠪᠦᠲᠦᠮᠵᠢ᠎ᠵᠢ ᠪᠠᠬᠢᠵᠢᠭᠦᠯᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ ᠢ᠋ ᠰᠢᠯᠤᠭᠤᠳᠬᠠᠨ᠂ ᠠᠤᠬᠠᠨ ᠬᠤᠱᠢᠭᠤᠨ᠎ᠤ ᠡᠯᠡᠰᠦᠷᠬᠡᠭ ᠣᠷᠣᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠴᠢᠨᠠᠷ ᠰᠠᠢᠲᠠᠶ ᠬᠥᠭᠵᠢᠭᠦᠯᠬᠦ᠎ᠳᠤ ᠰᠠᠭᠠᠳ ᠥᠬᠡᠶ ᠪᠠᠶᠠᠵᠢᠨ ᠴᠢᠨᠡᠭᠡᠯᠢᠭ᠌ᠵᠢᠬᠦ᠌ ᠳᠠᠷᠳᠠᠨᠭ᠌ ᠵᠠᠮ᠎ᠢ ᠳᠡᠪᠢᠰᠭᠦ ᠪᠣᠯᠤᠨ᠎ᠠ᠃