ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠳᠠᠭᠤᠤ ᠬᠥᠭᠵᠢᠮ᠎ᠦᠨ ᠦᠳᠡᠰᠢᠯᠡᠭᠡ 《ᠠᠷᠠᠳ ᠲᠦᠮᠡᠨ᠎ᠢ ᠳᠡᠭᠡᠳᠦᠯᠡᠨᠠᠮ》 ᠪᠡᠭᠡᠵᠢᠩ᠎ᠳᠦ ᠶᠠᠪᠤᠭᠳᠠᠪᠠ
2026-06-30 09:25:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢ ᠵᠢᠨ ᠫᠢᠩ    ᠯᠢ ᠴᠢᠶᠠᠩ   ᠵᠤᠤ ᠯᠸ ᠵᠶ᠋ᠢ   ᠸᠠᠩ ᠬᠤ᠌ ᠨᠢᠩ   ᠼᠠᠢ ᠴᠢ  ᠳ᠋ᠢᠩ ᠰᠢᠤᠸᠠᠢ ᠰᠢᠶᠠᠩ   ᠯᠢ ᠰᠢ   ᠬᠠᠨ ᠵᠧᠩ ᠲᠣᠭᠯᠠᠯᠲᠠ᠎ᠶᠢ ᠰᠣᠨᠢᠷᠬᠠᠪᠠ


ᠭᠦᠨ ᠰᠡᠳᠭᠢᠯᠭᠡ ᠲᠠᠢ ᠳᠠᠭᠤᠤ ᠬᠥᠭᠵᠢᠮ ᠵᠢᠡᠷ ᠬᠡᠷᠡᠯ ᠰᠠᠴᠤᠷᠠᠩᠭᠤᠶ ᠲᠡᠦᠬᠡᠨ ᠶᠠᠪᠤᠴᠠ᠎ᠳᠤ ᠬᠦᠨᠳᠦᠳᠬᠡᠯ ᠳᠡᠪᠰᠢᠭᠦᠯᠵᠦ᠍᠂ ᠢᠷᠠᠭᠤ ᠰᠠᠢᠬᠠᠨ ᠠᠶ᠎ᠠ ᠳᠠᠭᠤᠤ ᠪᠡᠷ ᠠᠷᠠᠳ᠎ᠤᠨ ᠠᠭᠤᠤ ᠲᠤᠤᠯᠢᠰ᠎ᠢ ᠳᠠᠭᠤᠯᠠᠨ᠎ᠠ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠳᠠᠭᠤᠤ ᠬᠥᠭᠵᠢᠮ᠎ᠦᠨ ᠦᠳᠡᠰᠢᠯᠡᠭᠡ 《ᠠᠷᠠᠳ ᠲᠦᠮᠡᠨ᠎ᠢ ᠳᠡᠭᠡᠳᠦᠯᠡᠨᠠᠮ》 29 ᠤ᠋ ᠣᠷᠣᠶ ᠪᠡᠭᠡᠵᠢᠩ᠎ᠳᠦ ᠶᠠᠪᠤᠭᠳᠠᠪᠠ᠃ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠨᠠᠮ ᠪᠣᠯᠤᠨ ᠲᠦᠷᠦ᠎ᠶᠢᠨ ᠤᠳᠤᠷᠢᠳᠬᠤ ᠬᠥᠮᠦᠰ 3000 ᠰᠢᠬᠠᠮ ᠦᠵᠡᠭᠴᠢᠳ᠎ᠲᠡᠶ ᠬᠠᠮᠲᠤ᠌ ᠲᠣᠭᠯᠠᠯᠲᠠ᠎ᠶᠢ ᠰᠣᠨᠢᠷᠬᠠᠵᠤ᠂ ᠡᠨᠡ ᠬᠦ᠌ ᠭᠡᠷᠡᠯ ᠰᠠᠴᠤᠷᠠᠩᠭᠤᠢ ᠪᠠᠶᠠᠷ᠎ᠤᠨ ᠡᠳᠦᠷ᠎ᠢ ᠬᠠᠮᠲᠤ᠎ᠪᠠᠷ ᠪᠡᠯᠭᠡᠯᠡᠪᠡ᠃


QQ截图20260630092848.png


6 ᠰᠠᠷ᠎ᠠ ᠵᠢᠨ 29 ᠤ᠋ ᠣᠷᠣᠶ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠳᠠᠭᠤᠤ ᠬᠥᠭᠵᠢᠮ᠎ᠦᠨ ᠦᠳᠡᠰᠢᠯᠡᠭᠡ 《ᠠᠷᠠᠳ ᠲᠦᠮᠡᠨ᠎ᠢ ᠳᠡᠭᠡᠳᠦᠯᠡᠨᠡᠮ》 ᠪᠡᠭᠡᠵᠢᠩ᠎ᠳᠦ ᠶᠠᠪᠤᠭᠳᠠᠪᠠ᠃ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠨᠠᠮ ᠪᠣᠯᠤᠨ ᠲᠦᠷᠦ᠎ᠶᠢᠨ ᠤᠳᠤᠷᠢᠳᠬᠤ ᠬᠥᠮᠦᠰ 3000 ᠰᠢᠬᠠᠮ ᠦᠵᠡᠭᠴᠢᠳ᠎ᠲᠡᠶ ᠬᠠᠮᠲᠤ᠌ ᠲᠣᠭᠯᠠᠯᠲᠠ᠎ᠶᠢ ᠰᠣᠨᠢᠷᠬᠠᠪᠠ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠶᠤᠸᠠᠢ ᠶᠤᠸᠠᠢ ᠸᠸᠢ  ᠰᠡᠬᠦᠳᠡᠷᠯᠡᠪᠡ


ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠥᠩᠭᠡᠲᠦ᠍ ᠳ᠋ᠧᠩ ᠳᠤᠸᠠᠯᠠᠵᠤ᠂ ᠪᠠᠶᠠᠷ ᠬᠦᠷ ᠲᠠᠢ ᠠᠭᠤᠷ ᠠᠮᠢᠰᠬᠤᠯ᠎ᠢᠶᠠᠷ ᠪᠢᠯᠬᠠᠨ᠎ᠠ᠃ 19 ᠴᠠᠭ 55 ᠮᠢᠨᠦᠶ᠋ᠲ᠎ᠲᠦ᠍᠂ ᠪᠠᠶᠠᠰᠬᠤᠯᠠᠩᠲᠤ᠌ ᠰᠠᠶ᠋ᠢᠬᠠᠨ ᠬᠥᠭᠵᠢᠮ᠎ᠦᠨ ᠠᠶᠠᠰ ᠳᠤᠮᠳᠠ᠂ ᠰᠢ ᠵᠢᠨ ᠫᠢᠩ ᠵᠡᠷᠭᠡ ᠨᠠᠮ ᠪᠣᠯᠤᠨ ᠲᠦᠷᠦ᠎ᠶᠢᠨ ᠤᠳᠤᠷᠢᠳᠬᠤ ᠬᠥᠮᠦᠰ ᠳᠠᠭᠤᠤ ᠬᠥᠭᠵᠢᠮ᠎ᠦᠨ ᠦᠳᠡᠰᠢᠯᠡᠭᠡ᠎ᠶᠢᠨ ᠠᠬᠤᠢ ᠲᠠᠯᠠᠪᠠᠢ᠎ᠳᠤ ᠬᠦᠷᠴᠦ᠍ ᠢᠷᠡᠬᠦ᠌᠎ᠳᠦ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃

《ᠨᠤᠲᠤᠭ᠎ᠤᠨ ᠳᠠᠭᠤᠤ᠎ᠪᠠᠨ ᠨᠠᠮ᠎ᠳᠠᠭᠠᠨ ᠡᠷᠭᠦᠵᠤ᠂ ᠪᠢ ᠨᠠᠮ᠎ᠢᠶᠠᠨ ᠡᠵᠢ᠎ᠲᠡᠶ᠎ᠪᠡᠨ ᠠᠳᠠᠯᠢ ᠰᠠᠨᠠᠨ᠎ᠠ ᠁》 ᠭᠡᠬᠦ᠌ ᠢᠷᠠᠭᠤ ᠴᠡᠭᠡᠯᠬᠡᠨ ᠬᠡᠦᠬᠡᠳ᠎ᠦᠨ ᠨᠠᠶ᠋ᠢᠷᠠᠯ ᠳᠠᠭᠤᠤ᠎ᠶᠢᠨ ᠳᠤᠮᠳᠠ ᠳᠠᠭᠤᠤ ᠬᠥᠭᠵᠢᠮ᠎ᠦᠨ ᠦᠳᠡᠰᠢᠯᠡᠭᠡ ᠡᠬᠢᠯᠡᠪᠡ᠃ ᠲᠣᠭᠯᠠᠯᠲᠠ᠎ᠶᠢ ᠲᠠᠪᠤᠨ ᠪᠦᠯᠦᠭ ᠬᠤᠪᠢᠶᠠᠵᠤ᠂ ᠤᠳᠬ᠎ᠠ ᠤᠷᠠᠯᠢᠭ᠎ᠤᠨ ᠠᠵᠢᠯᠲᠠᠳ ᠭᠣᠴᠣ ᠰᠠᠶ᠋ᠢᠬᠠᠨ ᠬᠥᠭᠵᠢᠮ᠂ ᠰᠡᠳᠬᠢᠯ ᠬᠥᠳᠡᠯᠭᠡᠮ᠎ᠡ ᠳᠠᠭᠤᠤ᠎ᠪᠠᠷ᠎ᠢᠶᠠᠨ ᠨᠠᠮ ᠳ᠋ᠠᠭᠠᠨ ᠬᠢᠵᠠᠭᠠᠯᠠᠰᠢ ᠦᠭᠡᠢ ᠬᠠᠶ᠋ᠢᠷᠠᠳᠠᠢ ᠪᠠᠢᠬᠤ ᠪᠠᠨ ᠢᠯᠡᠳᠬᠡᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠴᠠᠭ ᠦᠶ᠎ᠡ᠎ᠶᠢᠨ ᠬᠦᠴᠦᠷᠬᠡᠭ ᠳᠠᠭᠤᠨ᠎ᠢ ᠬᠠᠩᠭᠢᠨᠠᠭᠤᠯᠪᠠ᠃

《ᠤᠯᠠᠭᠠᠨ ᠲᠤᠭ᠎ᠤᠨ ᠮᠠᠭᠲᠠᠭᠠᠯ》 ᠨᠢ ᠬᠠᠩᠭᠢᠨᠠᠨ ᠴᠤᠤᠷᠢᠶᠠᠲᠤᠵᠤ᠂ ᠢᠳᠡᠷᠡᠭᠦᠨ ᠵᠢᠪᠬᠤᠭᠠᠲᠤ᠌ ᠠᠶᠠᠰ ᠨᠢ ᠠᠷᠢᠭᠤᠨ ᠴᠢᠭᠡᠴᠢ ᠰᠡᠳᠬᠢᠯ ᠢ᠋ ᠬᠦᠭᠵᠢᠭᠡᠵᠤ᠂ ᠤᠷᠰᠺᠸᠲ᠋ᠷᠠ ᠬᠥᠭᠵᠢᠮ 《ᠠᠬᠠᠮᠠᠳ ᠦᠶ᠎ᠡ᠎ᠶᠢᠨ ᠬᠢᠨ᠎ᠳᠦ ᠬᠦᠨᠳᠦᠳᠭᠡᠯ ᠳᠡᠪᠰᠢᠭᠦᠯᠦᠶ᠎ᠠ》 ᠨᠢ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠢ ᠭᠦᠨ ᠳᠤᠷᠠᠰᠤᠨ ᠰᠠᠨᠠᠭᠠᠯᠵᠠᠵᠤ ᠪᠠᠶ᠋ᠢᠬᠤ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠍ ᠪᠠᠶ᠋ᠢᠬᠤ᠎ᠪᠠᠨ ᠢᠯᠡᠳᠬᠡᠪᠡ᠃ 《ᠶᠢᠩ ᠱᠠᠨ ᠬᠣᠩ》᠂ 《ᠨᠠᠢ᠍ᠮᠠᠨ ᠰᠠᠷ᠎ᠠ᠎ᠶᠢᠨ ᠭᠠᠪᠢᠷ᠎ᠠ ᠴᠡᠴᠡᠭ ᠭᠠᠵᠠᠷ ᠰᠠᠢ ᠦᠭᠡᠢ ᠳᠡᠯᠭᠡᠷᠡᠪᠡ》᠂ 《ᠬᠠᠳᠤᠨ ᠭᠣᠣᠯ᠎ᠤᠨ ᠮᠠᠭᠲᠠᠭᠠᠯ》᠂ 《ᠴᠢᠯᠥᠭᠡᠯᠡᠭᠳᠡᠭᠰᠡᠨ ᠣᠷᠣᠨ᠎ᠤ ᠲᠩᠷᠢ》 ᠨᠢ ᠬᠤᠪᠢᠰᠬᠠᠯᠲᠤ᠌ ᠲᠠᠢ᠌ᠨ᠎ᠦ ᠦᠶ᠎ᠡ᠎ᠶᠢᠨ ᠴᠡᠷᠢᠭ ᠠᠷᠠᠳ ᠰᠡᠳᠬᠢᠯ ᠨᠢᠭᠡᠳᠦᠨ᠂ ᠬᠦᠴᠦ᠎ᠪᠡᠨ ᠬᠠᠮᠲᠤᠳᠬᠠᠭᠰᠠᠨ ᠠᠤᠭ᠎ᠠ ᠵᠢᠷᠤᠭ ᠢ᠋ ᠡᠷᠭᠢᠴᠡᠭᠦᠯᠵᠦ᠍᠂ ᠤᠯᠠᠨ ᠲᠦᠮᠡᠨ᠎ᠦ ᠨᠠᠮ᠎ᠢᠶᠠᠨ ᠲᠠᠭᠠᠵᠤ᠂ ᠰᠢᠨ᠎ᠡ ᠠᠮᠢᠳᠤᠷᠠᠯ᠎ᠢᠶᠠᠨ ᠤᠭᠲᠤᠬᠰᠠᠨ ᠪᠠᠶᠠᠷ ᠪᠠᠬᠠᠳᠤᠯ᠎ᠢ ᠳᠠᠮᠵᠢᠭᠤᠯᠪᠠ᠃ 《ᠮᠣᠷᠢ᠎ᠪᠠᠨ ᠲᠠᠰᠢᠭᠤᠷᠳᠠᠨ ᠠᠮᠤ ᠪᠤᠳᠠᠭ᠎ᠠ ᠵᠥᠭᠡᠭᠡᠪᠦᠷᠢᠯᠡᠵᠤ ᠶᠠᠭᠠᠷᠠᠨ᠎ᠠ》᠂ 《ᠡᠷᠪᠡᠬᠡᠢ ᠪᠤᠯᠠᠭ᠎ᠤᠨ ᠬᠦᠪᠡᠭᠡ 》᠂ 《ᠬᠤᠪᠴᠠᠰᠤ ᠤᠬᠢᠶᠠᠬᠤ ᠳᠠᠭᠤᠤ》᠂ 《ᠬᠠᠪᠤᠷ ᠤ᠋ᠨ ᠲᠠᠷᠢᠶᠠᠨ ᠳᠤᠮᠳᠠ》᠂ 《ᠪᠢ ᠡᠬᠡ ᠤᠯᠤᠰ᠎ᠲᠠᠭᠠᠨ ᠴᠢᠯᠠᠭᠤᠨ ᠲᠤᠰᠤ ᠬᠠᠨᠳᠢᠪᠯᠠᠨ᠎ᠠ》᠂ 《ᠨᠡᠷᠡᠨ᠎ᠦ ᠭᠡᠷᠡᠯ ᠲᠠᠱᠺᠦᠷᠭᠠᠨ᠎ᠢ ᠭᠡᠶ᠋ᠢᠭᠦᠯᠦᠨ᠎ᠠ》 ᠵᠡᠷᠭᠡ ᠪᠡᠷ ᠪᠦᠷᠢᠯᠳᠦᠭᠰᠡᠨ ᠤᠷᠰᠺᠸᠲ᠋ᠷᠠ ᠬᠥᠭᠵᠢᠮ ᠪᠤᠯᠤᠨ 《ᠲᠠᠩᠰᠤᠭ ᠰᠠᠶ᠋ᠢᠬᠠᠨ ᠭᠡᠷ ᠣᠷᠣᠨ》 ᠭᠡᠬᠦ  ᠨᠠᠶ᠋ᠢᠷᠠᠯ ᠳᠠᠭᠤᠤ  ᠨᠢ ᠨᠡᠶ᠋ᠢᠭᠡᠮ ᠵᠢᠷᠤᠮᠲᠤ᠌ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ᠎ᠶᠢᠨ ᠴᠠᠭ ᠦᠶ᠎ᠡ᠎ᠶᠢᠨ ᠡᠯ᠎ᠡ ᠠᠵᠢᠯ ᠲᠥᠷᠥᠯ᠎ᠦᠨ ᠥᠷᠨᠢᠩᠭᠦᠶ ᠬᠥᠭᠵᠢᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠭᠡᠷ ᠣᠷᠣᠨ᠎ᠢᠶᠠᠨ ᠬᠠᠮᠲᠤ᠎ᠪᠠᠷ ᠪᠦᠲᠦᠭᠡᠨ ᠪᠠᠶ᠋ᠢᠭᠤᠯᠬᠤ ᠭᠠᠯ ᠬᠠᠯᠠᠭᠤᠨ ᠪᠠᠶ᠋ᠢᠳᠠᠯ᠎ᠢ ᠵᠢᠷᠤᠭᠯᠠᠪᠠ᠃ ᠤᠷᠰᠺᠸᠲ᠋ᠷᠠ ᠬᠦᠭᠵᠢᠮ ᠪᠠ ᠨᠠᠶ᠋ᠢᠷᠠᠯ ᠳᠠᠭᠤᠤ 《ᠬᠦᠰᠡᠯ ᠪᠢᠯᠬᠠᠬᠰᠡᠨ ᠬᠥᠳᠡᠭᠡ ᠲᠠᠯ᠎ᠠ》 ᠨᠢ ᠰᠣᠩᠭᠣᠳᠠᠭ ᠳᠠᠭᠤᠤ᠎ᠪᠠᠷ ᠥᠭᠡᠷᠡᠴᠢᠯᠡᠯᠲᠡ ᠨᠡᠭᠡᠭᠡᠯᠲᠡ ᠬᠢᠭᠰᠡᠨ᠎ᠡᠴᠡ ᠨᠠᠭᠠᠰᠢᠬᠢ ᠲᠤᠮᠲᠠᠲᠤ ᠤᠯᠤᠰ ᠎ᠤᠨ ᠠᠭᠤᠲᠠᠮ ᠨᠤᠲᠤᠬ᠎ᠤᠨ ᠡᠬᠡ ᠭᠠᠵᠠᠷ ᠡᠳᠦᠷ᠎ᠡᠴᠡ ᠡᠳᠦᠷ ᠰᠢᠨᠡᠳᠦᠨ ᠬᠤᠪᠢᠷᠠᠭᠰᠠᠨ ᠪᠠᠶᠠᠷᠯᠠᠭᠤᠰᠢᠲᠠᠶ ᠬᠤᠪᠢᠷᠠᠯᠲᠠ᠎ᠶᠢ ᠲᠤᠰᠬᠠᠵᠤ᠂ ᠳᠤᠮᠳᠠᠳᠤ᠎ᠶᠢᠨ ᠬᠥᠪᠡᠭᠦᠳ ᠥᠬᠢᠳ᠎ᠦᠨ ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ᠌ ᠰᠠᠶ᠋ᠢᠨ ᠰᠠᠶ᠋ᠢᠬᠠᠨ ᠰᠡᠳᠬᠢᠯ᠎ᠦᠨ ᠲᠠᠭᠤᠨ᠎ᠢ ᠲᠤᠰᠬᠠᠪᠠ᠃

105 ᠵᠢᠯ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ 105 ᠵᠢᠯ ᠭᠠᠷ ᠬᠣᠯᠪᠣᠨ ᠡᠷᠡᠯᠬᠡᠭᠯᠡᠨ ᠤᠷᠤᠭᠰᠢᠯᠠᠪᠠ᠃ ᠪᠦᠬᠦᠢᠯᠡ ᠳᠠᠭᠤᠤ ᠬᠥᠭᠵᠢᠮ᠎ᠦᠨ ᠦᠳᠡᠰᠢᠯᠡᠭᠡ ᠨᠢ ᠰᠦᠷ ᠵᠢᠪᠬᠤᠭ᠎ᠠ ᠲᠠᠢ᠂ ᠭᠣᠢᠳᠠ ᠰᠠᠢᠬᠠᠨ ᠶᠠᠪᠤᠭᠳᠠᠯ᠎ᠠ᠃ ᠤᠷᠰᠺᠸᠲ᠋ᠷᠠ ᠬᠦᠭᠵᠢᠮ 《ᠠᠭᠤᠯᠠ ᠤᠰᠤᠨ᠎ᠤ ᠪᠠᠶᠠᠰᠤᠯᠳᠤ ᠠᠶᠠᠯᠭᠤ》᠂ 《ᠰᠡᠳᠬᠢᠯ᠎ᠤᠨ ᠬᠤᠯᠪᠤᠭ᠎ᠠ》 ᠨᠢ ᠰᠢᠨ᠎ᠡ ᠴᠠᠭ ᠦᠶ᠎ᠡ᠎ᠶᠢᠨ ᠡᠳᠦᠷ᠎ᠡᠴᠡ ᠡᠳᠦᠷ ᠥᠭᠡᠳᠡᠯᠡᠨ ᠮᠠᠨᠳᠤᠵᠤ ᠪᠠᠶ᠋ᠢᠭ᠎ᠠ ᠦᠪᠡᠳᠡᠭᠰᠢ ᠪᠠᠶ᠋ᠢᠳᠠᠯ᠎ᠢ ᠢᠯᠡᠷᠡᠭᠦᠯᠵᠦ᠍᠂ ᠨᠠᠶ᠋ᠢᠷᠠᠯ ᠳᠠᠭᠤᠤ 《ᠪᠠᠬᠠᠷᠤᠮ᠎ᠠ ᠰᠠᠢᠬᠠᠨ ᠠᠭᠤᠯᠠ ᠤᠰᠤ》 ᠨᠢ ᠤᠷᠠᠨ ᠡᠭᠡᠰᠢᠭᠳᠤ ᠰᠡᠳᠬᠢᠯᠭᠡ᠎ᠪᠡᠷ ᠤᠯᠤᠰ ᠬᠡᠷ᠎ᠵᠢᠡᠨ ᠬᠠᠢᠷᠠᠯᠠᠬᠤ ᠰᠡᠳᠬᠢᠯᠭᠡ᠎ᠶᠢ ᠳᠠᠮᠵᠢᠭᠤᠯᠵᠤ᠂ ᠤᠷᠰᠺᠸᠲ᠋ᠷᠠ ᠬᠦᠭᠵᠢᠮ 《ᠠᠷᠠᠳ ᠲᠦᠮᠡᠨ᠎ᠳᠡᠭᠡᠨ ᠣᠰᠣᠯᠳᠠᠬᠤ ᠥᠬᠡᠶ》 ᠨᠢ ᠰᠦᠷ ᠳᠠᠯᠠᠶ᠋ᠢᠴᠠᠲᠠᠶ ᠪᠠᠢᠵᠤ᠂ ᠪᠥᠬᠥ᠌ ᠲᠠᠯᠠᠪᠠᠶ᠎ᠶᠢᠨ ᠠᠭᠤᠷ ᠠᠮᠢᠰᠬᠤᠯ᠎ᠢ ᠣᠷᠭᠢᠯ᠎ᠳᠤᠨᠢ ᠬᠦᠷᠭᠡᠪᠡ᠃ ᠲᠠᠯᠠᠪᠠᠢ ᠳᠠᠶᠠᠭᠠᠷ᠎ᠢᠶᠠᠨ 《ᠡᠪ ᠬᠠᠮᠲᠤ᠌ ᠨᠠᠮ ᠪᠠᠶ᠋ᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶ᠋ᠢᠬᠤ ᠦᠭᠡᠢ》 ᠭᠡᠬᠦ᠌ ᠳᠠᠭᠤᠤ᠎ᠶᠢ ᠬᠠᠩᠭᠢᠨᠠᠲᠠᠯ᠎ᠠ ᠳᠠᠭᠤᠯᠠᠵᠤ᠂ ᠳᠠᠭᠤᠤ ᠬᠥᠭᠵᠢᠮ᠎ᠦᠨ ᠦᠳᠡᠰᠢᠯᠡᠭᠡ ᠥᠨᠳᠥᠷᠯᠡᠪᠡ᠃

ᠪᠡᠭᠡᠵᠢᠩ᠎ᠳᠦ ᠪᠠᠶ᠋ᠢᠭ᠎ᠠ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠲᠦᠷᠦ᠎ᠶᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ᠌ ᠬᠣᠷᠢᠶᠠᠨ᠎ᠤ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭᠠᠬᠤ ᠬᠣᠷᠢᠶᠠᠨ᠎ᠤ ᠪᠠᠶ᠋ᠢᠴᠠᠭᠠᠬᠤ ᠳᠠᠷᠤᠭ᠎ᠠ᠂ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠳᠠᠭᠤᠤ ᠬᠥᠭᠵᠢᠮ᠎ᠦᠨ ᠦᠳᠡᠰᠢᠯᠡᠭᠡ᠎ᠶᠢ ᠰᠣᠨᠢᠷᠬᠠᠪᠠ᠃

ᠳᠠᠭᠤᠤ ᠬᠥᠭᠵᠢᠮ᠎ᠦᠨ ᠦᠳᠡᠰᠢᠯᠡᠭᠡ ᠵᠢ ᠰᠣᠨᠢᠷᠬᠠᠭᠰᠠᠳ᠎ᠲᠤ᠌ ᠪᠠᠰᠠ᠄ ᠲᠥᠪ᠎ᠦᠨ ᠨᠠᠮ ᠵᠠᠰᠠᠭ ᠴᠡᠷᠢᠭ ᠤᠯᠠᠨ ᠲᠦᠮᠡᠨ᠎ᠦ ᠡᠯ᠎ᠡ ᠰᠠᠯᠠᠭ᠎ᠠ ᠮᠥᠴᠢᠷ ᠪᠣᠯᠤᠨ ᠪᠡᠭᠡᠵᠢᠩ ᠬᠤᠳᠠ᠎ᠶᠢᠨ ᠭᠣᠣᠯ ᠬᠠᠷᠢᠭᠤᠴᠠᠯᠭᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠢ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭᠴᠢ᠂ ᠭᠠᠪᠢᠶ᠎ᠠ ᠵᠢᠳᠬᠦᠯ ᠢᠷᠠᠭᠤ ᠠᠯᠳᠠᠷ᠎ᠤᠨ ᠱᠠᠨᠭᠨᠠᠯ ᠬᠦᠬᠢᠭᠦᠯᠦᠯ ᠬᠦᠷᠳᠡᠭᠰᠡᠳ᠎ᠤᠨ ᠲᠥᠯᠥᠭᠡᠯᠡᠭᠴᠢ᠂ ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷ᠎ᠤᠨ ᠲᠥᠯᠥᠭᠡᠯᠡᠭᠴᠢ᠂ ᠳᠤᠮᠳᠠᠳᠤ ᠤᠯᠤᠰ᠎ᠲᠤ᠌ ᠠᠵᠢᠯᠯᠠᠵᠤ ᠪᠠᠶ᠋ᠢᠭ᠎ᠠ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ᠎ᠦ ᠲᠥᠯᠥᠭᠡᠯᠡᠭᠴᠢ᠂ ᠨᠡᠶ᠋ᠢᠰᠯᠡᠯ᠎ᠦᠨ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠪᠣᠯᠤᠨ ᠡᠯ᠎ᠡ ᠡᠲᠡᠭᠡᠳ᠎ᠦᠨ ᠤᠯᠠᠨ ᠲᠦᠮᠡᠨ᠎ᠦ ᠲᠥᠯᠥᠭᠡᠯᠡᠭᠴᠢ᠂ ᠪᠡᠭᠡᠵᠢᠩ᠎ᠳᠦ ᠰᠠᠭᠤᠭ᠎ᠠ ᠴᠡᠷᠢᠭ ᠠᠩᠬᠢ᠎ᠶᠢᠨ ᠳᠠᠷᠤᠭ᠎ᠠ ᠪᠠᠶ᠋ᠢᠯᠳᠤᠭᠴᠢᠳ᠎ᠤᠨ ᠲᠥᠯᠥᠭᠡᠯᠡᠭᠴᠢ ᠵᠡᠷᠭᠡ ᠪᠤᠢ᠃

 (ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 29 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号