ᠰᠢ ᠵᠢᠨ ᠫᠢᠩ ᠪᠸᠯᠤᠷᠦ᠋ᠰᠢᠶ᠎ᠠ ᠵᠢᠨ ᠶᠡᠷᠦᠩᠬᠡᠶ᠋ᠢᠯᠡᠭᠴᠢ ᠯᠦᠺᠠᠱᠸᠨᠺᠸ᠎ᠲᠠᠶ ᠠᠭᠤᠯᠵᠠᠪᠠ
2026-06-30 09:35:18
ᠵᠣᠬᠢᠶᠠᠭ᠍ᠴᠢ᠄
ᠰᠦᠨ ᠢ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 29 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠳ᠋ᠢᠶᠤᠤ ᠢᠦᠢ᠎ᠲᠡᠶ᠎ᠳᠡᠬᠢ ᠲᠦᠷᠦ᠎ᠶᠢᠨ ᠵᠣᠴᠢᠳ᠎ᠤᠨ ᠪᠠᠭᠤᠳᠠᠯ᠎ᠳᠤ ᠪᠸᠯᠤᠷᠦ᠋ᠰᠢᠶ᠎ᠠ ᠵᠢᠨ ᠶᠡᠷᠦᠩᠬᠡᠶ᠋ᠢᠯᠡᠭᠴᠢ ᠯᠦᠺᠠᠱᠸᠨᠺᠸ ᠲᠠᠢ ᠠᠭᠤᠯᠵᠠᠪᠠ᠃


QQ截图20260630092913.png


6 ᠰᠠᠷ᠎ᠠ᠎ᠶᠢᠨ 29 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠳ᠋ᠢᠶᠤᠤ ᠢᠦᠢ᠎ᠲᠡᠶ᠎ᠳᠡᠬᠢ ᠲᠦᠷᠦ᠎ᠶᠢᠨ ᠵᠣᠴᠢᠳ᠎ᠤᠨ ᠪᠠᠭᠤᠳᠠᠯ᠎ᠳᠤ ᠪᠸᠯᠤᠷᠦ᠋ᠰᠢᠶ᠎ᠠ ᠵᠢᠨ ᠶᠡᠷᠦᠩᠬᠡᠶ᠋ᠢᠯᠡᠭᠴᠢ ᠯᠦᠺᠠᠱᠸᠨᠺᠸ ᠲᠠᠢ ᠠᠭᠤᠯᠵᠠᠪᠠ᠃ 

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠱᠸᠨ ᠬᠤᠩ ᠰᠡᠬᠦᠳᠡᠷᠯᠡᠪᠡ


ᠰᠢ ᠵᠢᠨ ᠫᠢᠩ᠂ ᠳᠤᠮᠳᠠᠳᠤ ᠤᠯᠤᠰ ᠪᠣᠯᠤᠨ ᠪᠸᠯᠤᠷᠦ᠋ᠰᠢᠶ᠎ᠠ ᠪᠣᠯ ᠬᠠᠷᠢᠯᠴᠠᠨ ᠢᠲᠡᠭᠡᠯᠴᠡᠵᠦ᠍ ᠬᠠᠷᠢᠯᠴᠠᠨ ᠳᠡᠮᠵᠢᠯᠴᠡᠳᠡᠭ ᠵᠢᠩᠬᠢᠨᠢ ᠨᠠᠶ᠋ᠢᠵᠠ᠂ ᠬᠠᠮᠲᠤ᠎ᠪᠠᠷ ᠬᠥᠭᠵᠢᠨ ᠴᠡᠴᠡᠭᠯᠡᠬᠦ᠌ ᠰᠠᠢ᠌ᠨ ᠬᠠᠨᠢᠲᠠᠨ᠂ ᠴᠠᠭ ᠢᠮᠠᠭᠳᠠ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ ᠮᠥᠨ᠃ ᠳᠤᠮᠳᠠᠳᠤ ᠪᠸᠯᠤᠷᠦ᠋ᠰᠢᠶ᠎ᠠ ᠵᠢᠨ ᠬᠠᠷᠢᠯᠴᠠᠭ᠎ᠠ ᠳᠡᠯᠡᠬᠡᠢ᠎ᠶᠢᠨ ᠪᠠᠶ᠋ᠢᠳᠠᠯ᠎ᠤᠨ ᠰᠢᠯᠭᠠᠯᠲᠠ᠎ᠶᠢ ᠳᠠᠭᠠᠭᠠᠵᠤ᠂ ᠤᠢ᠌ᠷ᠎ᠠ᠎ᠶᠢᠨ ᠵᠢᠯ᠎ᠡᠴᠡ ᠲᠠᠪᠠᠯᠳᠠᠳᠤ ᠬᠥᠭᠵᠢᠯᠲᠡ᠎ᠶᠢ ᠪᠡᠶᠡᠯᠡᠭᠦᠯᠵᠦ᠍᠂ ᠲᠡᠦᠬᠡ᠎ᠶᠢᠨ ᠬᠠᠮᠤᠭ᠎ᠤᠨ ᠰᠠᠢ᠌ᠨ ᠴᠠᠭ ᠦᠶ᠎ᠡ᠎ᠳᠦ ᠣᠷᠣᠵᠠᠢ᠃ ᠬᠣᠶᠠᠷ ᠲᠠᠯ᠎ᠠ᠎ᠶᠢᠨ ᠤᠯᠤᠰ ᠲᠥᠷᠥ᠎ᠶᠢᠨ ᠢᠲᠡᠭᠡᠯᠴᠡᠭᠡ ᠬᠠᠳᠠ ᠴᠢᠯᠠᠭᠤ ᠮᠡᠲᠦ᠍ ᠪᠠᠲᠤ᠌ ᠪᠠᠬᠢ ᠪᠠᠶ᠋ᠢᠵᠤ᠂ 《ᠨᠢᠭᠡ ᠪᠦᠰᠡ ᠨᠢᠭᠡ ᠵᠠᠮ》᠎ᠢ᠋ ᠴᠢᠨᠠᠷ ᠰᠠᠶ᠋ᠢᠲᠠᠶ ᠬᠠᠮᠳᠤ ᠪᠡᠷ ᠪᠥᠲᠥᠭᠡᠨ ᠪᠠᠶ᠋ᠢᠭᠤᠯᠤᠭᠰᠠᠨ ᠦᠷ᠎ᠡ ᠪᠦᠲᠦᠭᠡᠯ ᠪᠠᠶᠠᠯᠢᠭ ᠪᠠᠶ᠋ᠢᠵᠤ᠂ ᠭᠤᠤᠯᠳᠠᠯᠭ᠎ᠠ᠎ᠲᠠᠶ ᠬᠠᠮᠲᠤᠷᠠᠯᠴᠠᠭᠠᠨ᠎ᠤ ᠲᠥᠷᠥᠯ ᠵᠦᠢᠯ ᠯᠠᠪᠳᠠᠭᠤᠨ ᠪᠠᠲᠤᠲᠠᠶ ᠠᠭᠢᠵᠤ᠂ ᠣᠯᠠᠨ ᠲᠠᠯ᠎ᠠ᠎ᠶᠢᠨ ᠬᠠᠮᠵᠢᠯᠴᠠᠭ᠎ᠠ ᠪᠠᠶᠠᠯᠢᠭ ᠦᠷ᠎ᠡ ᠪᠦᠲᠦᠮᠵᠢ ᠤᠯᠪᠠ᠃ ᠳᠤᠮᠳᠠᠳᠤ ᠪᠸᠯᠤᠷᠦ᠋ᠰᠢᠶ᠎ᠠ ᠵᠢᠨ ᠴᠠᠭ ᠢᠮᠠᠭᠳᠠ ᠵᠢᠨ᠂ ᠪᠦᠬᠦ᠌ ᠲᠠᠯ᠎ᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠬᠦ᠌ ᠨᠢ ᠲᠡᠦᠬᠡ᠎ᠶᠢᠨ ᠬᠥᠭᠵᠢᠯᠲᠡ᠎ᠶᠢᠨ ᠤᠷᠤᠰᠬᠠᠯ᠎ᠲᠠᠶ ᠵᠣᠬᠢᠴᠠᠵᠤ᠂ ᠬᠣᠶᠠᠷ ᠤᠯᠤᠰ᠎ᠤᠨ ᠠᠷᠠᠳ ᠲᠦᠮᠡᠨ᠎ᠦ ᠦᠨᠳᠦᠰᠦᠨ ᠠᠰᠢᠭ ᠲᠤᠰᠠ᠎ᠲᠠᠶ ᠨᠡᠶ᠋ᠢᠴᠡᠨ᠎ᠠ ᠭᠡᠳᠡᠭ ᠢ᠋ ᠪᠤᠳᠠᠳᠤ ᠭᠡᠷᠡᠭ ᠭᠡᠷᠡᠴᠢᠯᠡᠵᠠᠢ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠳᠤᠮᠳᠠᠳᠤ ᠪᠸᠯᠤᠷᠦ᠋ᠰᠢᠶ᠎ᠠ ᠪᠠᠶ᠋ᠢᠯᠳᠤᠬᠤ ᠪᠤᠳᠤᠯᠭ᠎ᠠ᠎ᠶᠢᠨ ᠤᠯᠤᠯᠴᠠᠭ᠎ᠠ᠎ᠪᠠᠨ ᠪᠠᠲᠤᠯᠠᠵᠤ᠂ ᠬᠣᠶᠠᠷ ᠲᠠᠯ᠎ᠠ᠎ᠶᠢᠨ ᠬᠠᠷᠢᠯᠴᠠᠭ᠎ᠠ᠎ᠶᠢᠨ ᠥᠨᠳᠥᠷ ᠲᠦᠪᠰᠢᠨ᠎ᠢᠶᠡᠷ ᠦᠷᠭᠦᠯᠵᠢᠯᠡᠨ ᠬᠥᠭᠵᠢᠬᠦ᠌᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠶ᠎ᠡ᠃ ᠪᠸᠯᠤᠷᠦ᠋ᠰᠢᠶ᠎ᠠ᠎ᠵᠢᠨ ᠬᠢᠨ᠎ᠦ ᠤᠯᠤᠰ᠎ᠤᠨ ᠡᠷᠬᠡ ᠮᠡᠳᠡᠯ᠂ ᠲᠤᠰᠠᠭᠠᠷ ᠲᠣᠭᠲᠠᠨᠢᠯ ᠪᠣᠯᠤᠨ ᠨᠤᠲᠤᠭ ᠳᠡᠪᠢᠰᠬᠡᠷ᠎ᠦᠨ᠎ᠢᠶᠡᠨ ᠪᠦᠷᠢᠨ ᠪᠦᠲᠦᠨ ᠪᠠᠶ᠋ᠢᠬᠤ᠎ᠪᠡᠨ ᠬᠠᠮᠠᠭᠠᠯᠠᠵᠤ᠂ ᠲᠤᠰ ᠤᠯᠤᠰ᠎ᠤᠨ᠎ᠢᠶᠠᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ᠎ᠶᠢᠨ ᠵᠠᠮ᠎ᠢᠶᠠᠷ ᠵᠠᠮᠨᠠᠬᠤ᠎ᠶᠢ ᠳᠤᠮᠳᠠᠳᠤ ᠤᠯᠤᠰ ᠲᠡᠮᠵᠢᠵᠥ᠍᠂ ᠳᠤᠷᠠᠲᠠᠶ᠎ᠠ ᠪᠸᠯᠤᠷᠦ᠋ᠰᠢᠶ᠎ᠠ᠎ᠵᠢᠨ ᠬᠥᠭᠵᠢᠯᠲᠡ ᠪᠦᠳᠦᠭᠡᠨ ᠪᠠᠶ᠋ᠢᠭᠤᠯᠤᠯᠲᠠ᠎ᠳᠤ ᠴᠢᠳᠠᠯ ᠤ᠋ᠨ ᠬᠢᠷᠢ ᠪᠡᠷ ᠬᠠᠪᠰᠤᠷᠤᠯᠭ᠎ᠠ ᠬᠠᠩᠭᠠᠨ᠎ᠠ᠃ ᠬᠣᠶᠠᠷ ᠤᠯᠤᠰ᠎ᠢᠶᠠᠷ᠎ᠢᠶᠠᠨ ᠡᠯ᠎ᠡ ᠲᠠᠯ᠎ᠠ᠎ᠶᠢᠨ ᠡᠬᠢ ᠪᠠᠶᠠᠯᠢᠭ᠎ᠢ ᠲᠠᠢ᠌ᠴᠢᠯᠠᠵᠥ᠍᠂ 《ᠨᠢᠭᠡ ᠪᠦᠰᠡ ᠨᠢᠭᠡ ᠵᠠᠮ》 ᠤ᠋ᠨ ᠪᠦᠳᠦᠭᠡᠨ ᠪᠠᠶ᠋ᠢᠭᠤᠯᠤᠯᠲᠠ᠎ᠶᠢ ᠠᠬᠢᠭᠤᠯᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭᠠᠨ᠎ᠤ ᠠᠭᠤᠯᠤᠭᠳᠠᠬᠤᠨ᠎ᠢ ᠪᠠᠶᠠᠯᠢᠭᠵᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠪᠸᠯᠤᠷᠦ᠋ᠰᠢᠶ᠎ᠠ ᠵᠢᠨ ᠬᠢᠨ᠎ᠯᠤᠭᠡ ᠭᠠᠷ ᠬᠣᠯᠪᠣᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠬᠠᠮᠲᠤ᠎ᠪᠠᠷ ᠪᠠᠶ᠋ᠢᠭᠤᠯᠵᠤ᠂ ᠲᠦᠷᠪᠡᠨ ᠶᠡᠭᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ᠎ᠶᠢ ᠦᠢᠯᠡᠳᠦᠯᠭᠡᠵᠢᠭᠦᠯᠵᠦ᠍᠂ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠤᠯᠠᠨ ᠲᠠᠯᠠᠲᠤ᠌ ᠲᠣᠭᠲᠠᠴᠠ᠎ᠶᠢᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠤᠷᠪᠠᠭᠠᠨ ᠬᠦᠷᠪᠡᠭᠡᠨ ᠲᠠᠢ ᠳᠡᠯᠡᠬᠡᠢ ᠶᠢᠷᠳᠢᠨᠴᠤ ᠳ᠋ᠡᠬᠢ ᠲᠣᠭᠲᠠᠭᠤᠨ ᠬᠦᠴᠦᠨ ᠪᠣᠯᠤᠨ᠎ᠠ ᠭᠡᠵᠤ ᠴᠢᠬᠤᠯᠠᠴᠢᠯᠠᠪᠠ᠃

ᠯᠦᠺᠠᠱᠸᠨᠺᠸ᠂ ᠲᠡᠷᠢᠭᠦᠯᠡᠭᠴᠢ ᠰᠢ ᠵᠢᠨ ᠫᠢᠩ᠎ᠦᠨ ᠬᠣᠶᠠᠷ ᠤᠯᠤᠰ᠎ᠤᠨ ᠬᠠᠷᠢᠯᠴᠠᠭᠠᠨ᠎ᠤ ᠲᠤᠬᠠᠢ ᠦᠨᠡᠯᠡᠯᠲᠡ᠎ᠶᠢ ᠪᠦᠷᠢᠮᠦᠰᠦᠨ ᠵᠥᠪᠰᠢᠶᠡᠷᠡᠵᠦ᠍ ᠪᠠᠶ᠋ᠢᠨ᠎ᠠ᠃ ᠳᠤᠮᠳᠠᠳᠤ ᠤᠯᠤᠰ ᠪᠣᠯ ᠪᠸᠯᠤᠷᠦ᠋ᠰᠢᠶ᠎ᠠ ᠵᠢᠨ ᠴᠠᠭ ᠢᠮᠠᠬᠲᠠ ᠵᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ ᠮᠥᠨ᠂ ᠬᠣᠶᠠᠷ ᠤᠯᠤᠰ᠎ᠤᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠪᠦᠬᠦ᠌ ᠲᠠᠯ᠎ᠠ᠎ᠪᠠᠷ ᠭᠦᠨᠵᠡᠭᠡᠶ᠋ᠢᠷᠡᠵᠦ᠍᠂ ᠪᠸᠯᠤᠷᠦ᠋ᠰᠢᠶ᠎ᠠ ᠵᠢᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠳᠦ ᠴᠢᠬᠤᠯᠠ ᠳᠡᠮᠵᠢᠯᠭᠡ ᠬᠠᠩᠭᠠᠪᠠ᠃ ᠪᠸᠯᠤᠷᠦ᠋ᠰᠢᠶ᠎ᠠ ᠵᠢᠨ ᠬᠢᠨ ᠳᠤᠮᠳᠠᠳᠤ ᠤᠯᠤᠰ᠎ᠯᠤᠭ᠎ᠠ᠎ᠶᠢᠨ ᠬᠠᠷᠢᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠮᠳᠠᠳᠤ ᠤᠯᠤᠰ᠎ᠯᠤᠭ᠎ᠠ ᠪᠠᠶ᠋ᠢᠯᠳᠤᠬᠤ ᠪᠤᠳᠤᠯᠭ᠎ᠠ᠎ᠶᠢᠨ ᠤᠯᠤᠯᠴᠠᠭ᠎ᠠ᠎ᠪᠠᠨ ᠴᠢᠩᠭᠠᠳᠬᠠᠵᠤ᠂ ᠬᠠᠮᠲᠤᠷᠠᠯᠴᠠᠭᠠᠨ᠎ᠤ ᠬᠦᠷᠢᠶ᠎ᠡ᠎ᠪᠡᠨ ᠥᠷᠭᠡᠳᠬᠡᠵᠦ᠍᠂ ᠬᠣᠶᠠᠷ ᠤᠯᠤᠰ᠎ᠤᠨ ᠬᠠᠷᠢᠯᠴᠠᠭ᠎ᠠ ᠨᠡᠩ ᠶᠡᠬᠡ ᠬᠥᠭᠵᠢᠯᠲᠡ᠎ᠲᠡᠶ ᠪᠣᠯᠬᠤ᠎ᠶᠢ ᠠᠬᠢᠭᠤᠯᠬᠤ᠎ᠶᠢ ᠬᠦᠰᠡᠵᠦ᠍ ᠪᠠᠶ᠋ᠢᠨ᠎ᠠ᠃ ᠲᠡᠷᠢᠭᠦᠯᠡᠭᠴᠢ ᠰᠢ ᠵᠢᠨ ᠫᠢᠩ ᠳᠥᠷᠪᠡᠨ ᠶᠡᠬᠡ ᠪᠥᠬᠥ᠌ ᠪᠥᠮᠪᠥᠷᠴᠡᠭ᠎ᠦᠨ ᠰᠠᠨᠠᠭᠠᠴᠢᠯᠠᠭ᠎ᠠ᠎ᠶᠢ ᠳᠤᠷᠠᠳᠴᠤ᠌᠂ ᠬᠠᠯᠠᠮᠰᠢᠯ ᠠᠰᠠᠭᠤᠳᠠᠯ᠎ᠢ ᠤᠯᠤᠰ ᠲᠥᠷᠥ᠎ᠪᠡᠷ ᠰᠢᠢᠳᠪᠤᠷᠢᠯᠡᠬᠦ᠎ᠶᠢ ᠠᠬᠢᠭᠤᠯᠵᠤ᠂ ᠳᠡᠯᠡᠬᠡᠶ᠎ᠶᠢᠨ ᠡᠩᠬᠡ ᠲᠠᠶ᠋ᠢᠪᠤᠩ ᠲᠣᠭᠲᠠᠭᠤᠨ ᠬᠥᠭᠵᠢᠯ ᠴᠡᠴᠡᠭᠯᠡᠯ᠎ᠳᠦ ᠴᠢᠬᠤᠯᠠ ᠶᠡᠬᠡ ᠬᠤᠪᠢ ᠨᠡᠮᠡᠷᠢ ᠦᠵᠡᠭᠦᠯᠪᠡ᠃ ᠪᠸᠯᠤᠷᠦ᠋ᠰᠢᠶ᠎ᠠ ᠵᠢᠨ ᠬᠢᠨ ᠳᠤᠷᠠᠲᠠᠶ᠎ᠠ ᠳᠡᠯᠡᠬᠡᠢ᠎ᠶᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠤᠨ ᠲᠤᠬᠠᠢ ᠳᠤᠮᠳᠠᠳᠤ ᠤᠯᠤᠰ᠎ᠯᠤᠭ᠎ᠠ ᠦᠷᠭᠦᠯᠵᠢᠯᠡᠨ ᠨᠢᠭᠲᠠ ᠵᠣᠬᠢᠴᠠᠭᠤᠯᠭ᠎ᠠ᠎ᠪᠠᠨ ᠪᠠᠲᠤᠯᠠᠵᠤ᠂ ᠳᠡᠯᠡᠬᠡᠢ᠎ᠶᠢᠨ ᠪᠠ ᠭᠠᠵᠠᠷ ᠣᠷᠣᠨ᠎ᠤ ᠡᠩᠬᠡ ᠲᠠᠶ᠋ᠢᠪᠤᠩ ᠬᠥᠭᠵᠢᠯᠲᠡ ᠲᠣᠭᠲᠠᠭᠤᠨ᠎ᠢ ᠬᠠᠮᠲᠤ᠎ᠪᠠᠷ ᠠᠬᠢᠭᠤᠯᠤᠨ᠎ᠠ ᠭᠡᠵᠦ᠍ ᠢᠯᠡᠳᠬᠡᠪᠡ᠃

ᠸᠠᠩ ᠢ ᠠᠭᠤᠯᠵᠠᠯᠲᠠ᠎ᠳᠤ ᠣᠷᠣᠯᠴᠠᠵᠠᠢ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 29 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号