ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ 7 ᠰᠠᠷ᠎ᠠ᠎ᠶᠢᠨ 1᠎ᠤ᠋ ᠦᠳᠡ᠎ᠶᠢᠨ ᠡᠮᠦᠨ᠎ᠡ ᠪᠡᠭᠡᠵᠢᠩ᠎ᠳᠦ ᠦᠪᠡᠳᠡᠭᠰᠢ ᠶᠡᠬᠡ᠎ᠪᠡᠷ ᠶᠠᠪᠤᠭᠳᠠᠨ᠎ᠠ
2026-06-30 09:39:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢ ᠵᠢᠨ ᠫᠢᠩ 《7·1 ᠤ᠋ ᠭᠠᠪᠢᠶᠠᠨ ᠲᠡᠮᠳᠡᠭ》 ᠬᠦᠷᠳᠡᠭᠰᠡᠳ ᠲᠦ᠍ ᠭᠠᠪᠢᠶᠠᠨ ᠲᠡᠮᠳᠡᠭ ᠣᠯᠭᠣᠬᠤ᠎ᠶᠢᠨ ᠬᠠᠮᠲᠤ᠌ ᠴᠢᠬᠤᠯᠠ ᠶᠠᠷᠢᠶ᠎ᠠ ᠲᠠᠯᠪᠢᠨ᠎ᠠ


ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ 7 ᠰᠠᠷ᠎ᠠ᠎ᠶᠢᠨ 1᠎ᠤ᠋ ᠦᠳᠡ᠎ᠶᠢᠨ ᠡᠮᠦᠨᠡᠬᠢ 10 ᠴᠠᠭ᠎ᠲᠤ᠌ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠶᠠᠪᠤᠭᠳᠠᠨ᠎ᠠ᠃

ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 《7·1᠎ᠤ᠋ ᠭᠠᠪᠢᠶᠠᠨ ᠲᠡᠮᠳᠡᠭ》 ᠬᠦᠷᠳᠡᠭᠰᠡᠳ ᠲᠦ᠍ ᠭᠠᠪᠢᠶᠠᠨ ᠲᠡᠮᠳᠡᠭ ᠣᠯᠭᠣᠬᠤ᠎ᠶᠢᠨ ᠬᠠᠮᠲᠤ᠌ ᠴᠢᠬᠤᠯᠠ ᠶᠠᠷᠢᠶ᠎ᠠ ᠲᠠᠯᠪᠢᠨ᠎ᠠ᠃    

ᠶᠡᠬᠡ ᠬᠤᠷᠠᠯ᠎ᠡᠴᠡ ᠪᠠᠰᠠ ᠪᠦᠬᠦ᠌ ᠤᠯᠤᠰ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠪᠦᠬᠦ᠌ ᠤᠯᠤᠰ᠎ᠤᠨ ᠰᠢᠯᠢᠳᠡᠭ ᠨᠠᠮ᠎ᠤᠨ ᠠᠵᠢᠯ ᠤ᠋ᠨ ᠠᠵᠢᠯᠳᠠᠨ ᠪᠣᠯᠤᠨ ᠪᠦᠬᠦ᠌ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢ ᠬᠥᠬᠢᠭᠦᠯᠦᠨ ᠰᠠᠶ᠋ᠢᠰᠢᠶᠠᠬᠤ ᠪᠣᠯᠤᠨ᠎ᠠ᠃

ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ᠂ ᠰᠢᠨᠬᠤᠸᠠ ᠰᠦᠯᠵᠢᠶ᠎ᠡ ᠶᠡᠬᠡ ᠬᠤᠷᠠᠯ᠎ᠢ ᠰᠢᠭᠤᠳ ᠨᠡᠪᠲᠡᠷᠡᠭᠦᠯᠵᠦ᠍᠂ ᠠᠷᠠᠳ᠎ᠤᠨ ᠰᠦᠯᠵᠢᠶ᠎ᠡ᠂ ᠲᠥᠪ ᠲᠧᠯᠸᠢᠰ᠎ᠦᠨ ᠰᠦᠯᠵᠢᠶ᠎ᠡ᠂ ᠳᠤᠮᠳᠠᠳᠤ ᠤᠯᠤᠰ᠎ᠤᠨ ᠰᠦᠯᠵᠢᠶ᠎ᠡ ᠵᠡᠷᠭᠡ ᠲᠥᠪ᠎ᠦᠨ ᠭᠤᠤᠯᠳᠠᠯᠭ᠎ᠠ᠎ᠲᠠᠶ ᠰᠣᠨᠢᠨ ᠮᠡᠳᠡᠭᠡᠨ᠎ᠦ ᠰᠦᠯᠵᠢᠶ᠎ᠡ ᠪᠣᠯᠤᠨ ᠠᠷᠠᠳ᠎ᠤᠨ ᠡᠳᠦᠷ᠎ᠦᠨ ᠰᠣᠨᠢᠨ᠎ᠤ ᠰᠢᠯᠵᠢᠶ᠎ᠡ᠂ ᠰᠢᠨᠬᠤᠸᠠ ᠬᠣᠷᠢᠶ᠎ᠠ ᠵᠢᠨ ᠰᠢᠯᠵᠢᠶ᠎ᠡ᠂ ᠲᠥᠪ ᠲᠧᠯᠸᠢᠰ᠎ᠦᠨ ᠰᠣᠨᠢᠨ ᠮᠡᠳᠡᠭᠡᠨ᠎ᠦ ᠰᠢᠯᠵᠢᠶ᠎ᠡ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ ᠢᠵᠢᠯ ᠠᠯᠬᠤᠮ᠎ᠢᠶᠠᠷ ᠳᠠᠮᠵᠢᠭᠤᠯᠤᠨ ᠨᠡᠪᠲᠡᠷᠡᠭᠦᠯᠬᠦ᠌ ᠪᠣᠯᠤᠨ᠎ᠠ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 29᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号