— ᠰᠢ ᠵᠢᠨ ᠫᠢᠩ ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠤᠷᠨᠢᠯ ᠰᠢᠭᠦᠮᠵᠢ (ᠨᠠᠢ᠍ᠮᠠ)
ᠨᠠᠮ᠎ᠤᠨ ᠬᠦᠴᠦᠨ ᠨᠢ ᠵᠣᠬᠢᠶᠠᠨ ᠪᠠᠢᠭᠤᠯᠤᠯᠲᠠ᠎ᠡᠴᠡ ᠢᠷᠡᠳᠡᠭ᠂ ᠵᠣᠬᠢᠶᠠᠨ ᠪᠠᠢᠭᠤᠯᠤᠯᠲᠠ ᠨᠢ ᠬᠦᠴᠦᠨ᠎ᠢ ᠬᠤᠪᠢ ᠲᠠᠬᠢᠨ᠎ᠢᠶᠠᠷ ᠨᠡᠮᠡᠭᠳᠡᠭᠦᠯᠵᠦ ᠴᠢᠳᠠᠨ᠎ᠠ᠃
ᠶᠡᠷᠦᠩᠬᠡᠢ ᠱᠦᠵᠢ ᠰᠢ ᠵᠢᠨ ᠫᠢᠩ᠂ ᠮᠠᠨ ᠤ ᠨᠠᠮ ᠰᠠᠯᠬᠢ ᠪᠣᠷᠣᠭᠠᠨ᠎ᠢ ᠦᠩᠭᠡᠷᠡᠭᠡᠵᠦ᠂ ᠨᠤᠭᠤᠷᠠᠯ ᠪᠦᠳᠦᠷᠢᠯ ᠢ ᠲᠤᠭᠤᠯᠵᠤ᠂ ᠢᠯᠠᠯᠲᠠ᠎ᠡᠴᠡ ᠢᠯᠠᠯᠲᠠ ᠲᠡᠢᠰᠢ ᠲᠠᠰᠤᠷᠠᠯᠲᠠ ᠦᠭᠡᠢ ᠤᠷᠤᠭᠰᠢᠯᠠᠵᠤ᠂ ᠳᠡᠯᠡᠬᠡᠢ ᠶᠢᠨ ᠨᠢᠭᠡᠳᠦᠭᠡᠷ ᠲᠤᠮᠤ ᠲᠦᠷᠦ ᠪᠠᠷᠢᠭ᠍ᠴᠢ ᠨᠠᠮ ᠪᠣᠯᠣᠨ ᠬᠥᠭᠵᠢᠵᠦ᠂ ᠵᠣᠬᠢᠶᠠᠨ ᠪᠠᠢᠭᠤᠯᠤᠯᠲᠠ ᠨᠢᠭ᠍ᠲᠠ ᠴᠢᠩᠭ᠎ᠠ ᠪᠠᠢᠬᠤ ᠪᠣᠯ ᠴᠢᠬᠤᠯᠠ ᠪᠠᠲᠤᠯᠠᠭ᠎ᠠ ᠪᠣᠯᠣᠨ᠎ᠠ ᠭᠡᠵᠦ ᠭᠦᠨᠵᠡᠭᠡᠢ ᠵᠢᠭᠠᠵᠤ ᠭᠠᠷᠭᠠᠪᠠ᠃
ᠰᠢ ᠵᠢᠨ ᠫᠢᠩ ᠦᠨ ᠨᠠᠮ ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂《ᠳᠡᠭᠡᠳᠦ ᠳᠣᠣᠷᠠᠳᠤ ᠱᠠᠲᠤ ᠪᠡᠷ᠎ᠢᠶᠡᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠪᠦᠷᠢᠨᠰᠢᠭᠦᠯᠬᠦ᠎ᠶᠢ ᠪᠠᠷᠢᠮᠲᠠᠯᠠᠬᠤ》 ᠡᠨᠡ ᠬᠦ᠌ ᠠᠭᠤᠯᠤᠭᠳᠠᠬᠤᠨ ᠤ ᠴᠢᠬᠤᠯᠠ ᠠᠭᠤᠯᠭ᠎ᠠ ᠶᠢ ᠭᠦᠨᠵᠡᠭᠡᠢ ᠣᠢᠯᠠᠭᠠᠬᠤ᠎ᠨᠢ ᠲᠠᠷᠤᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋ ᠢ ᠰᠠᠢᠲᠤᠷ ᠪᠡᠬᠢᠵᠢᠭᠦᠯᠵᠦ᠂ ᠰᠠᠢᠲᠤᠷ ᠬᠥᠭᠵᠢᠭᠦᠯᠵᠦ᠂ ᠰᠠᠢᠲᠤᠷ ᠪᠠᠳᠠᠷᠠᠭᠤᠯᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠨᠠᠮ᠎ᠤᠨ ᠲᠤᠭ᠎ᠤᠨ ᠳᠣᠣᠷ᠎ᠠ ᠨᠢᠭ᠍ᠲᠠ ᠪᠦᠯᠬᠦᠮᠳᠡᠭᠦᠯᠵᠦ᠂ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠶᠢ ᠪᠦᠬᠦ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠠᠭᠤᠷᠢ᠎ᠶᠢ ᠪᠠᠲᠤ ᠴᠣᠭᠴᠠᠯᠠᠬᠤ ᠶᠠᠪᠤᠳᠠᠯ ᠪᠤᠯᠤᠨ᠎ᠠ᠃
ᠲᠤᠭ ᠢ ᠮᠠᠨᠳᠤᠭᠤᠯᠤᠨ ᠴᠢᠭᠯᠡᠯ᠎ᠢ ᠲᠣᠭᠲᠠᠭᠠᠵᠤ᠂ ᠬᠥᠲᠥᠯᠪᠦᠷᠢ᠎ᠶᠢ ᠠᠳᠬᠤᠪᠠᠯ ᠠᠯᠢᠪᠠ ᠪᠦᠬᠦᠨ ᠨᠢ ᠲᠠᠭᠠᠯᠳᠤᠨ ᠰᠢᠢᠳᠪᠦᠷᠢᠯᠡᠭᠳᠡᠨ᠎ᠡ — ᠰᠢᠨ᠎ᠡ ᠴᠠᠭ ᠦᠶ᠎ᠡ ᠵᠢᠨ ᠨᠠᠮ᠎ᠤᠨ ᠵᠤᠬᠢᠶᠠᠨ ᠪᠠᠢᠭᠤᠯᠤᠯᠲᠠ ᠵᠢᠨ ᠠᠵᠢᠯ᠎ᠢ ᠰᠠᠢᠳᠤᠷ ᠬᠢᠬᠦ᠎ᠳᠤ ᠦᠨᠳᠦᠰᠦᠨ ᠵᠢᠷᠦᠮᠯᠡᠯ ᠬᠠᠩᠭᠠᠪᠠ
2026 ᠣᠨ᠎ᠤ 6 ᠰᠠᠷ᠎ᠠ᠎ᠶᠢᠨ 17 ᠤ᠋ ᠡᠳᠦᠷ᠂ ᠪᠥᠬᠥ ᠤᠯᠤᠰ᠎ᠤᠨ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠤᠨ ᠬᠤᠷᠠᠯ ᠨᠢᠩᠰᠢᠶᠠ᠎ᠶᠢᠨ ᠢᠷᠭᠠᠢ᠎ᠳᠤ ᠬᠤᠷᠠᠯᠳᠤᠪᠠ᠃
ᠶᠡᠷᠦᠩᠬᠡᠢ ᠱᠦᠵᠢ ᠰᠢ ᠵᠢᠨ ᠫᠢᠩ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠢ ᠪᠠᠢᠩᠭᠤᠵᠢᠭᠤᠯᠤᠨ ᠰᠠᠢᠲᠤᠷ ᠬᠢᠬᠦ ᠲᠤᠬᠠᠢ ᠴᠢᠬᠤᠯᠠ ᠵᠢᠭᠠᠪᠤᠷᠢ ᠥᠭᠴᠦ᠂ ᠨᠠᠮ᠎ᠤᠨ ᠲᠥᠪ ᠬᠣᠷᠢᠶ᠎ᠠ᠎ᠡᠴᠡ ᠬᠠᠮᠵᠢᠯᠴᠠᠬᠤ ᠲᠣᠭᠲᠡᠴᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠵᠢᠯᠴᠠᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠦᠨ᠂ ᠬᠠᠮᠵᠢᠯᠴᠠᠬᠤ ᠬᠦᠷᠢᠶ᠎ᠡ᠎ᠶᠢ ᠥᠷᠭᠡᠳᠬᠡᠵᠦ᠂ ᠵᠡᠭᠦᠨ ᠤᠷᠤᠨ᠎ᠤ ᠮᠤᠵᠢ ᠬᠣᠲᠠ᠎ᠶᠢᠨ ᠨᠠᠮ᠎ᠤᠨ ᠬᠣᠷᠢᠶ᠎ᠠ᠂ ᠪᠠᠷᠠᠭᠤᠨ ᠤᠷᠤᠨ᠎ᠤ ᠲᠤᠰᠠᠯᠠᠮᠵᠢ ᠭᠥᠷᠳᠡᠬᠦ ᠭᠠᠵᠠᠷ᠎ᠤᠨ ᠨᠠᠮ᠎ᠤᠨ ᠬᠣᠷᠢᠶ᠎ᠠ ᠬᠣᠣᠰ ᠴᠢᠭᠯᠡᠯ᠎ᠢᠶᠡᠷ ᠬᠣᠯᠪᠤᠭᠠᠯᠠᠨ ᠬᠥᠳᠡᠯᠦᠯᠴᠡᠵᠦ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠡᠴᠡ ᠺᠠᠳ᠋ᠷ ᠴᠢᠳᠠᠪᠤᠷᠢᠲᠠᠨ᠎ᠢ ᠨᠢᠭᠡᠳᠦᠯᠲᠡᠢ ᠲᠥᠯᠥᠪᠵᠢᠭᠦᠯᠦᠨ ᠰᠣᠩᠭᠣᠨ ᠲᠣᠮᠢᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠦᠷᠦᠭᠦᠯᠡᠨ ᠠᠵᠤ ᠦᠢᠯᠡᠰ᠎ᠢᠶᠡᠷ ᠬᠠᠪᠰᠤᠷᠤᠨ ᠲᠡᠳᠬᠦᠬᠦ᠂ ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠢ ᠨᠠᠢᠳᠠᠪᠤᠷᠢᠵᠢᠭᠤᠯᠬᠤ ᠲᠤᠬᠠᠢ ᠪᠠᠢᠷᠢᠯᠠᠭᠤᠯᠪᠠ᠃
ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠎ᠡᠴᠡ ᠠᠵᠢᠯ ᠲᠦᠷᠦᠯ᠎ᠢᠶᠡᠷ ᠲᠥᠪᠡᠳ᠎ᠢ ᠲᠤᠰᠠᠯᠠᠬᠤ᠂ ᠰᠢᠨᠵᠢᠶᠠᠩ ᠢ ᠲᠤᠰᠠᠯᠠᠬᠤ᠂ ᠬᠥᠬᠡᠨᠠᠭᠤᠷᠢ ᠲᠤᠰᠠᠯᠠᠬᠤ ᠬᠦᠷᠲᠡᠯ᠎ᠡ᠂ ᠪᠦᠬᠦ ᠤᠯᠤᠰ᠎ᠢᠶᠠᠷ᠎ᠢᠶᠠᠨ ᠨᠢᠭᠡ ᠬᠥᠯᠭᠡ ᠰᠢᠲᠠᠷ᠎ᠠ ᠮᠡᠲᠤ ᠪᠠᠢᠬᠤ ᠬᠠᠪᠰᠤᠷᠤᠨ ᠲᠡᠳᠬᠦᠬᠦ ᠰᠢᠰᠲᠧᠮ ᠪᠣᠳᠠᠲᠠᠢ᠎ᠳᠤ ᠨᠠᠶ᠋ᠢᠳᠠᠪᠤᠷᠢᠵᠢᠭᠤᠯᠤᠭ᠍ᠳᠠᠵᠤ᠂ ᠢᠯᠡᠳᠲᠡ ᠦᠷ᠎ᠡ ᠪᠦᠲᠦᠮᠵᠢ ᠣᠯᠵᠤ᠂ ᠮᠠᠨ᠎ᠤ ᠨᠠᠮ᠎ᠤᠨ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠳᠦ ᠲᠦᠰᠢᠭᠯᠡᠨ ᠡᠯ᠎ᠡ ᠲᠠᠯ᠎ᠠ᠎ᠶᠢᠨ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠬᠦᠴᠦ᠎ᠪᠡᠨ ᠲᠥᠪᠯᠡᠷᠡᠭᠦᠯᠦᠨ ᠬᠦᠴᠢᠷ᠎ᠢ ᠲᠤᠭᠤᠯᠤᠨ ᠪᠡᠷᠬᠡ᠎ᠶᠢ ᠳᠠᠪᠠᠭᠰᠠᠨ ᠥᠪᠡᠷᠮᠢᠴᠡ ᠳᠠᠪᠠᠭᠤᠯᠢᠭ᠋᠎ᠢ ᠭᠦᠢᠴᠡᠳ ᠢᠯᠡᠷᠡᠭᠦᠯᠪᠡ᠃
ᠵᠠᠭᠤ ᠭᠠᠷᠤᠢ ᠵᠢᠯ᠎ᠦᠨ ᠨᠠᠮ᠎ᠤᠨ ᠲᠡᠦᠬᠡ᠎ᠡᠴᠡ ᠦᠵᠡᠪᠡᠯ᠂ ᠬᠤᠪᠢᠰᠬᠠᠯ᠎ᠤᠨ ᠴᠠᠭ ᠦᠶ᠎ᠡ᠎ᠳᠦ 《ᠨᠠᠮ ᠤᠨ ᠡᠭᠦᠷ ᠢ ᠰᠤᠮᠤᠨ᠎ᠳᠤ ᠪᠠᠢᠭᠤᠯᠵᠤ》 ᠦᠨᠳᠦᠰᠦᠨ ᠱᠠᠲᠤᠨ᠎ᠤ ᠪᠡᠬᠢᠯᠡᠯᠲᠡ᠎ᠶᠢ ᠪᠠᠢᠭᠤᠯᠤᠨ ᠬᠦᠴᠦᠷᠬᠡᠭᠵᠢᠭᠦᠯᠦᠭᠰᠡᠨ᠎ᠡᠴᠡ ᠰᠢᠨ᠎ᠡ ᠴᠠᠭ ᠦᠶ᠎ᠡ᠎ᠳᠦ ᠪᠦᠷᠢᠨ ᠲᠡᠭᠦᠯᠳᠡᠷ ᠵᠣᠬᠢᠶᠠᠨ ᠪᠠᠢᠭᠤᠯᠤᠯᠲᠠ᠎ᠶᠢᠨ ᠰᠢᠰᠲᠧᠮᠳᠤ ᠲᠦᠰᠢᠭᠯᠡᠨ ᠬᠥᠭᠵᠢᠯᠲᠡ᠎ᠶᠢᠨ ᠪᠣᠭᠣᠮᠢ᠎ᠶᠢ ᠡᠪᠳᠡᠵᠦ᠂ ᠠᠯᠤᠰ ᠢᠷᠡᠭᠡᠳᠦᠢ᠎ᠳᠦ ᠬᠣᠯᠪᠣᠭᠳᠠᠬᠤ ᠶᠡᠬᠡ ᠶᠠᠪᠤᠳᠠᠯ ᠴᠢᠬᠤᠯᠠ ᠶᠠᠪᠤᠳᠠᠯ᠎ᠢ ᠰᠠᠢᠲᠤᠷ ᠬᠢᠵᠦ᠂ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠦᠨ ᠪᠠᠢᠭᠤᠯᠤᠯᠲᠠ᠎ᠶᠢ ᠴᠥᠬᠥᠷᠡᠰᠢ ᠦᠭᠡᠢ ᠴᠢᠩᠭᠠᠳᠬᠠᠬᠤ ᠬᠦᠷᠲᠡᠯ᠎ᠡ᠂ ᠡᠨᠡ ᠨᠢ ᠮᠠᠨ᠎ᠤ ᠨᠠᠮ᠎ᠤᠨ ᠤᠳᠤᠮ ᠤᠯᠠᠮᠵᠢᠯᠠᠯ ᠨᠢᠭᠡᠲᠡᠢ ᠴᠢᠬᠤᠯᠠ ᠦᠢᠯᠡᠳᠦᠯᠭᠡ᠎ᠶᠢᠨ ᠲᠤᠷᠰᠢᠯᠭ᠎ᠠ ᠪᠣᠯᠣᠨ᠎ᠠ᠃
2018 ᠣᠨ᠎ᠤ 7 ᠰᠠᠷ᠎ᠠ᠎ᠳᠤ᠂ ᠪᠦᠬᠦ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ ᠰᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠤᠭᠤᠮ ᠢ ᠢᠯᠡ ᠲᠣᠳᠣᠷᠬᠠᠢ ᠳᠤᠷᠠᠳᠴᠤ᠂ ᠠᠯᠢ ᠤᠯᠠᠨ ᠴᠢᠬᠤᠯᠠ ᠶᠡᠬᠡ ᠨᠤᠲᠠᠯᠠᠯᠲᠠ ᠬᠢᠵᠦ᠂ ᠰᠢᠨ᠎ᠡ ᠴᠠᠭ ᠦᠶ᠎ᠡ᠎ᠶᠢᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠳᠤ ᠴᠢᠭᠯᠡᠯ᠎ᠢ ᠲᠣᠳᠣᠷᠬᠠᠢ ᠵᠢᠭᠠᠵᠤ ᠥᠭᠪᠡ —
《ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠂ ᠨᠠᠮ᠎ᠤᠨ ᠪᠦᠬᠦ ᠠᠵᠢᠯ᠎ᠢ ᠨᠠᠮ᠎ᠤᠨ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠳᠦ ᠲᠦᠰᠢᠭᠯᠡᠨ ᠪᠡᠶᠡᠯᠡᠭᠦᠯᠬᠦ ᠬᠡᠷᠡᠭᠲᠡᠢ》;
《ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠴᠢᠩᠭᠠᠳᠬᠠᠬᠤ᠎ᠳᠤ ᠵᠠᠩᠭᠢᠯᠠᠭ᠎ᠠ ᠨᠢ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ᠎ᠳᠤ ᠪᠤᠢ》;
《ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠪᠣᠯ ᠨᠠᠮ᠎ᠤᠨ ᠴᠣᠭᠴᠠᠰ᠎ᠤᠨ 〈ᠮᠡᠳᠡᠷᠡᠯ᠎ᠦᠨ ᠰᠡᠵᠢᠭᠦᠷ〉 ᠮᠥᠨ᠂ ᠲᠠᠢ᠍ᠢᠴᠢᠨ ᠪᠡᠬᠢᠯᠡᠯᠲᠡ᠎ᠶᠢᠨ ᠦᠢᠯᠡᠳᠦᠯ᠎ᠢ ᠰᠠᠢᠲᠤᠷ ᠪᠠᠳᠠᠷᠠᠭᠤᠯᠬᠤ ᠬᠡᠷᠡᠭᠲᠡᠢ》 ᠁
ᠠᠯᠢ ᠤᠯᠠᠨ ᠴᠢᠬᠤᠯᠠ ᠥᠭᠦᠯᠡᠯᠲᠡ ᠨᠢ ᠵᠠᠭᠤᠨ ᠵᠢᠯ᠎ᠦᠨ ᠲᠣᠮᠣ᠌ ᠨᠠᠮ᠎ᠤᠨ ᠪᠠᠢᠭᠤᠯᠤᠯᠲᠠ᠎ᠶᠢᠨ ᠵᠢᠮ᠎ᠡ ᠶᠣᠰᠣᠨ᠎ᠳᠤ ᠰᠠᠭᠤᠷᠢᠯᠠᠵᠤ᠂ ᠰᠢᠰᠲ᠋ᠧᠮ ᠨᠢ ᠪᠦᠷᠢᠨ ᠲᠡᠭᠦᠯᠳᠡᠷ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢᠨ ᠤᠨᠤᠯ᠎ᠤᠨ ᠰᠢᠰᠲ᠋ᠧᠮ᠎ᠢ ᠪᠠᠢᠭᠤᠯᠬᠤ᠎ᠶᠢ ᠵᠢᠯᠣᠭᠣᠳᠤᠨ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠰᠢᠰᠲ᠋ᠧᠮ᠎ᠢ ᠨᠢᠭ᠍ᠲᠠ ᠰᠦᠯᠵᠢᠨ ᠪᠠᠢᠭᠤᠯᠤᠨ ᠬᠦᠴᠦᠷᠬᠡᠭᠵᠢᠭᠦᠯᠬᠦ᠎ᠳᠦ ᠦᠨᠳᠦᠰᠦᠨ ᠵᠢᠷᠤᠮᠯᠠᠯ ᠬᠠᠩᠭᠠᠪᠠ᠃
ᠬᠥᠲᠥᠯᠪᠦᠷᠢ᠎ᠶᠢ ᠠᠳᠬᠤᠪᠠᠯ ᠠᠯᠢᠪᠠ ᠪᠦᠬᠦᠨ ᠠᠶᠠᠨ᠎ᠳᠠᠭᠠᠨ ᠰᠢᠢᠳᠪᠦᠷᠢᠯᠡᠭᠳᠡᠨ᠎ᠡ᠂ ᠭᠤᠤᠯ᠎ᠢ ᠨᠢ ᠠᠳᠬᠤᠪᠠᠯ ᠲᠡᠳ᠋ ᠨᠢ ᠠᠶᠠᠨ᠎ᠳᠠᠭᠠᠨ ᠰᠢᠢᠳᠪᠦᠷᠢᠯᠡᠭᠳᠡᠨ᠎ᠡ᠃
《ᠳᠤᠮᠳᠠᠳᠤ ᠤᠯᠤᠰ᠎ᠤᠨ ᠡᠪ ᠬᠠᠮᠲᠤ ᠨᠠᠮ ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠳᠦᠷᠢᠮ》 ᠢ᠋ ᠳᠠᠷᠤᠮᠠᠯᠯᠠᠨ ᠲᠠᠷᠬᠠᠭᠠᠵᠤ᠂ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠰᠠᠭᠤᠷᠢ ᠴᠢᠨᠠᠷᠲᠠᠢ ᠭᠣᠣᠯ ᠪᠣᠯᠬᠤ ᠬᠠᠤᠯᠢ ᠲᠣᠭᠲᠠᠭᠠᠯ᠎ᠢ ᠪᠠᠲᠤᠳᠬᠠᠪᠠ; ᠬᠥᠳᠡᠭᠡ ᠲᠣᠰᠬᠣᠨ᠂ ᠬᠤᠳᠠ᠂ ᠠᠵᠤ ᠠᠬᠤᠢᠯᠠᠯ᠂ ᠪᠠᠢᠭᠤᠯᠭ᠎ᠠ᠂ ᠰᠤᠷᠭᠠᠭᠤᠯᠢ᠂ ᠠᠯᠪᠠᠨ᠎ᠡᠴᠡ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠠ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ ᠬᠦᠷᠢᠶᠡᠨ ᠳᠡᠬᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ᠎ᠶᠢᠨ ᠴᠤᠭᠴᠠᠯᠠᠯᠲᠠ᠎ᠶᠢ ᠴᠢᠩᠭᠠᠳᠬᠠᠨ ᠰᠠᠢᠵᠢᠷᠠᠭᠤᠯᠪᠠ; ᠺᠠᠳ᠋ᠷ᠎ᠢ ᠬᠥᠮᠥᠵᠢᠭᠦᠯᠬᠦ᠂ ᠰᠢᠯᠢᠨ ᠳᠡᠪᠰᠢᠭᠦᠯᠬᠦ᠂ ᠬᠠᠮᠢᠶᠠᠷᠬᠤ᠂ ᠤᠷᠮᠠᠰᠢᠭᠤᠯᠬᠤ ᠪᠦᠬᠦ ᠬᠡᠯᠬᠢᠶᠡᠨ᠎ᠦ ᠲᠣᠭᠲᠡᠴᠡ ᠶᠢ ᠪᠦᠷᠢᠨᠰᠢᠭᠦᠯᠵᠦ᠂ ᠭᠣᠣᠯᠯᠠᠭ᠍ᠴᠢ ᠬᠦᠴᠦᠨ᠎ᠢ ᠲᠠᠪᠲᠡᠨ ᠪᠤᠯᠪᠠᠰᠤᠷᠠᠭᠤᠯᠪᠠ ᠁ ᠦᠵᠦ ᠲᠥᠯᠥᠪᠯᠡᠭᠡ᠎ᠡᠴᠡ ᠦᠨᠳᠦᠰᠦᠨ ᠱᠠᠲᠤᠨ᠎ᠳᠤ ᠨᠠᠢᠳᠠᠪᠦᠷᠢᠵᠢᠭᠤᠯᠬᠤ ᠬᠦᠷᠲᠡᠯ᠎ᠡ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠦᠨ ᠳᠦᠷᠢᠮᠵᠢᠯᠲᠡ᠂ ᠵᠢᠷᠦᠮᠵᠢᠯᠲᠡ᠂ ᠰᠢᠨᠵᠢᠯᠡᠬᠦ ᠤᠬᠠᠭᠠᠨᠴᠢᠯᠠᠯᠲᠠ᠎ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ᠃
2024 ᠣᠨ᠎ᠤ ᠡᠴᠦᠰ ᠪᠣᠯᠲᠠᠯ᠎ᠠ᠂ ᠪᠥᠬᠥ ᠤᠯᠤᠰ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠶᠡᠷᠦᠩᠬᠡᠢ ᠬᠡᠮᠵᠢᠶ᠎ᠡ 525.0 ᠲᠦᠮᠡ᠎ᠳᠦ ᠬᠦᠷᠴᠡᠢ᠂ ᠡᠭᠦᠨ᠎ᠳᠦ᠂ ᠦᠨᠳᠦᠰᠦᠨ ᠱᠠᠲᠤᠨ ᠤ ᠨᠠᠮ᠎ᠤᠨ ᠬᠣᠷᠢᠶ᠎ᠠ 30.6 ᠲᠦᠮᠡ᠂ ᠶᠡᠷᠦᠩᠬᠡᠢ ᠡᠭᠦᠷ 33.0 ᠲᠦᠮᠡ᠂ ᠡᠭᠦᠷ 461.4 ᠲᠦᠮᠡ ᠪᠠᠢᠵᠤ᠂ ᠨᠠᠮ᠎ᠤᠨ ᠲᠥᠪ᠎ᠦᠨ ᠵᠣᠬᠢᠶᠠᠨ ᠪᠠᠢᠭᠤᠯᠤᠯᠲᠠ᠂ ᠣᠷᠣᠨ ᠨᠤᠲᠤᠭ᠎ᠤᠨ ᠵᠣᠬᠢᠶᠠᠨ ᠪᠠᠢᠭᠤᠯᠤᠯᠲᠠ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢ ᠪᠠᠭᠲᠠᠭᠠᠭᠰᠠᠨ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠪᠠᠢᠭᠤᠯᠪᠠ᠃
ᠵᠣᠬᠢᠶᠠᠨ ᠪᠠᠢᠭᠤᠯᠤᠯᠲᠠ ᠪᠣᠯ 《ᠬᠡᠯᠪᠡᠷᠢ》᠂ ᠦᠵᠡᠯ ᠰᠠᠨᠠᠭ᠎ᠠ ᠪᠣᠯ《ᠰᠦᠨᠡᠰᠦ》 ᠮᠥᠨ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠦᠷᠦ᠎ᠶᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢ ᠴᠢᠩᠭᠠᠳᠬᠠᠬᠤ᠎ᠳᠤ 《ᠳᠦᠷᠢ ᠪᠦᠲᠦᠭᠡᠬᠦ》 ᠬᠡᠷᠡᠭᠲᠡᠢ ᠮᠥᠷᠲᠡᠭᠡᠨ ᠪᠠᠰᠠ 《ᠰᠦᠭ ᠰᠦᠨᠡᠰᠦ᠎ᠶᠢ ᠱᠤᠭᠤᠬᠤ》 ᠬᠡᠷᠡᠭᠲᠡᠢ᠃
ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠨᠢᠭᠡᠳᠦᠭᠡᠷ ᠵᠥᠪᠯᠡᠬᠦ ᠵᠦᠢᠯ》 ᠤ᠋ᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠨᠠᠷᠢᠨ ᠬᠢᠨᠠᠮᠠᠭᠠᠢ ᠰᠤᠷᠤᠯᠴᠠᠵᠤ᠂ ᠪᠣᠳᠠᠲᠠᠢ᠎ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠵᠤ᠂ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠬᠥᠮᠦᠵᠢᠯ ᠪᠣᠯᠣᠨ ᠪᠠᠢᠩᠭᠤ᠎ᠶᠢᠨ ᠴᠢᠨᠠᠷᠲᠠᠢ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠂ ᠨᠠᠮ᠎ᠤᠨ ᠰᠢᠨᠡᠡᠭᠦᠳᠦᠯᠲᠡ ᠵᠢᠨ ᠤᠨᠤᠯ᠎ᠢᠶᠡᠷ ᠵᠡᠪᠰᠡᠭᠯᠡᠬᠦ ᠵᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠲᠠᠰᠤᠷᠠᠯᠳᠠ ᠦᠭᠡᠢ ᠠᠬᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠢ ᠬᠥᠮᠥᠵᠢᠭᠦᠯᠦᠨ ᠵᠢᠯᠤᠭᠣᠳᠴᠤ ᠪᠠᠢᠭᠠᠳ ᠦᠵᠡᠯ ᠰᠠᠨᠠᠭᠠᠨ᠎ᠤ ᠲᠠᠯ᠎ᠠ᠎ᠪᠠᠷ ᠤᠭ ᠦᠨᠳᠦᠰᠦ᠎ᠡᠴᠡ ᠨᠢ ᠴᠡᠭᠴᠡᠯᠡᠨ ᠵᠠᠰᠠᠵᠤ᠂ ᠦᠨᠳᠦᠰᠦ᠎ᠶᠢ ᠪᠡᠬᠢᠵᠢᠭᠦᠯᠦᠨ ᠰᠠᠭᠤᠷᠢ᠎ᠶᠢ ᠨᠢ ᠪᠠᠲᠤᠳᠬᠠᠪᠠ᠃
ᠵᠢᠯᠤᠭᠤᠳᠬᠤ ᠳ᠋ᠦ ᠴᠢᠯᠦᠭᠡᠳᠡᠢ᠂ ᠵᠠᠰᠠᠭ ᠤᠨ ᠵᠠᠷᠯᠢᠭ᠎ᠢ ᠰᠠᠭᠠᠳ ᠦᠭᠡᠢ ᠬᠡᠷᠡᠭᠵᠢᠭᠦᠯᠦᠨ᠎ᠠ — ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ ᠪᠣᠯ ᠨᠠᠮ᠎ᠤᠨ ᠳᠠᠪᠠᠭᠤᠯᠢᠭ᠋᠂ ᠬᠦᠴᠦᠨ ᠴᠢᠳᠠᠯ ᠪᠤᠯᠤᠨ᠎ᠠ
ᠯᠢᠩᠳᠢᠩ ᠳᠠᠯᠠᠢ ᠳᠡᠭᠡᠷ᠎ᠡ᠂ ᠨᠣᠮᠢᠨ ᠳᠣᠯᠭᠢᠶᠠᠨ ᠬᠠᠶᠠᠯᠠᠵᠤ᠂ ᠱᠧᠨᠵᠧᠨ ᠡᠴᠡ ᠵᠦᠩᠱᠠᠨ ᠬᠦᠷᠬᠦ ᠨᠡᠪᠲᠡᠷᠡᠬᠦ ᠵᠠᠮ ᠨᠢ ᠳᠠᠯᠠᠢ ᠬᠤᠭᠤᠯᠠᠢ ᠵᠢ ᠠᠯᠤᠰᠯᠠᠨ᠂ ᠨᠡᠯᠦᠭᠡᠷ ᠶᠡᠬᠡ ᠡᠮᠦᠨᠡᠲᠦ ᠲᠠᠩᠭᠢᠰ᠎ᠤᠨ ᠬᠥᠪᠡᠭᠡᠨ᠎ᠳᠦ ᠨᠢᠭᠡᠨ ᠰᠦᠷᠯᠢᠭ ᠰᠠᠢᠬᠠᠨ ᠵᠢᠷᠤᠭ ᠪᠤᠯᠤᠨ ᠳᠡᠯᠭᠡᠭᠳᠡᠪᠡ᠃
ᠡᠨᠡ ᠬᠦ᠌ ᠪᠦᠬᠦ ᠤᠷᠲᠤ ᠨᠢ 24 ᠺᠢᠯᠣᠮᠧᠲᠷ ᠪᠤᠯᠬᠤ 《ᠬᠥᠭᠥᠷᠭᠡ᠂ ᠠᠷᠠᠯ᠂ ᠨᠦᠬᠡᠨ ᠵᠠᠮ᠂ ᠤᠰᠤᠨ ᠳᠣᠣᠷ᠎ᠠ ᠬᠠᠷᠢᠯᠴᠠᠨ ᠨᠡᠪᠲᠡᠷᠡᠯᠴᠡᠬᠦ》 ᠲᠠᠰ᠎ᠡᠴᠡ ᠳᠠᠪᠠᠭᠰᠠᠨ ᠢᠨᠵᠧᠨᠧᠷᠢᠩ ᠨᠢ ᠨᠠᠮ᠎ᠤᠨ ᠪᠠᠢᠭᠤᠯᠤᠯᠲᠠ᠎ᠶᠢᠨ ᠳᠠᠭᠠᠭᠤᠯᠭ᠎ᠠ ᠳᠣᠣᠷᠠᠬᠢ ᠪᠤᠭᠤᠮᠲᠠ ᠰᠢᠪᠲᠤᠯᠤᠭᠰᠠᠨ ᠬᠠᠮᠲᠤᠷᠠᠯ ᠬᠦᠴᠦᠨ᠎ᠢ ᠬᠠᠷᠠᠭᠤᠯᠵᠤ ᠪᠠᠢᠨ᠎ᠠ᠃
ᠢᠨᠵᠧᠨᠧᠷᠢᠩ᠎ᠦᠨ ᠡᠮᠦᠨ᠎ᠡ ᠹᠷᠣᠨᠲ᠎ᠲᠤ 30 ᠨᠠᠮ᠎ᠤᠨ ᠭᠡᠰᠢᠭᠦᠨ᠎ᠦ ᠬᠣᠰᠢᠭᠤᠴᠢ ᠠᠩᠭᠢ᠎ᠶᠢ ᠪᠠᠢᠭᠤᠯᠵᠤ᠂ 110 ᠨᠠᠮ᠎ᠤᠨ ᠭᠡᠰᠢᠭᠦᠨ᠎ᠦ ᠬᠣᠰᠢᠭᠤᠴᠢ ᠠᠵᠢᠯ᠎ᠤᠨ ᠪᠠᠢᠷᠢ᠎ᠶᠢ ᠰᠣᠩᠭᠣᠨ ᠭᠠᠷᠭᠠᠪᠠ; 3 ᠰᠠᠯᠠᠭ᠎ᠠ ᠨᠠᠮ᠎ᠤᠨ ᠭᠡᠰᠢᠭᠦᠨ᠎ᠦ ᠬᠣᠰᠢᠭᠤᠴᠢ ᠠᠩᠭᠢ ᠪᠠᠷᠢᠯᠭ᠎ᠠ᠎ᠶᠢᠨ ᠡᠮᠦᠨ᠎ᠡ ᠹᠷᠣᠨᠲ᠎ᠲᠤ ᠵᠢᠷᠤᠭ ᠡᠯᠭᠦᠨ ᠪᠠᠢᠯᠳᠤᠵᠤ᠂ ᠠᠵᠢᠯ᠎ᠤᠨ ᠬᠤᠭᠤᠴᠠᠭ᠎ᠠ᠎ᠶᠢ ᠲᠣᠩᠭᠣᠷᠠᠭᠤᠯᠤᠨ ᠵᠢᠭ᠍ᠰᠠᠭᠠᠵᠤ᠂ ᠠᠯᠬᠤᠮ ᠪᠦᠷᠢ᠎ᠶᠢᠨ ᠪᠠᠷᠢᠯᠭ᠎ᠠ᠎ᠶᠢᠨ ᠲᠥᠯᠥᠪᠯᠡᠭᠡ᠎ᠵᠢ ᠴᠠᠭ ᠴᠢᠨᠠᠭᠰᠢᠯᠠᠪᠠᠯ ᠮᠢᠨᠦ᠋ᠲ ᠬᠦᠷᠲᠡᠯ᠎ᠡ ᠨᠠᠷᠢᠯᠢᠭ᠋ ᠲᠣᠭᠲᠠᠭᠠᠪᠠ; 《ᠪᠤᠯᠤᠩ ᠤᠨ ᠣᠷᠣᠨ᠎ᠤ ᠠᠶᠤᠩᠭ᠎ᠠ ᠭᠠᠷᠤᠳᠢ》 ᠨᠠᠮ᠎ᠤᠨ ᠭᠡᠰᠢᠭᠦᠨ᠎ᠦ ᠭᠠᠪᠰᠢᠭᠠᠢ ᠠᠩᠭᠢ ᠳᠡᠯᠡᠬᠡᠢ᠎ᠶᠢᠨ ᠠᠩᠬᠠᠳᠠᠭ᠍ᠴᠢ 《ᠲᠡᠭᠡᠭᠡᠪᠦᠷᠢᠯᠡᠬᠦ ᠤᠭᠰᠠᠷᠠᠬᠤ᠎ᠶᠢ ᠨᠢᠭᠡ ᠴᠣᠭᠴᠠᠵᠢᠭᠤᠯᠤᠭᠰᠠᠨ ᠣᠩᠭᠣᠴᠠ》 ᠶ᠋ᠢ ᠠᠮᠵᠢᠯᠲᠠ ᠲᠠᠢ ᠰᠤᠳᠤᠯᠤᠨ ᠦᠢᠯᠡᠳᠴᠦ ᠭᠠᠷᠭᠠᠪᠠ ᠁ ᠨᠠᠮ ᠤᠨ ᠵᠣᠬᠢᠶᠠᠨ ᠪᠠᠢᠭᠤᠯᠤᠯᠲᠠ᠎ᠶᠢᠨ ᠳᠠᠭᠠᠭᠤᠯᠭ᠎ᠠ ᠳᠣᠣᠷ᠎ᠠ᠂ 1 ᠲᠦᠮᠡ ᠭᠠᠷᠤᠢ ᠪᠦᠲᠦᠭᠡᠨ ᠪᠠᠢᠭᠤᠯᠤᠭ᠍ᠴᠢ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠳᠦᠷᠢᠮ᠎ᠦᠨ ᠳᠠᠪᠠᠭᠤᠯᠢᠭ᠋᠎ᠢ ᠪᠣᠭᠣᠮᠲᠠ ᠰᠢᠪᠲᠤᠯᠤᠨ ᠢᠯᠠᠯᠲᠠ ᠣᠯᠬᠤ ᠬᠠᠲᠠᠭᠤ ᠪᠤᠲᠠᠳᠤ ᠬᠦᠴᠦᠨ ᠪᠣᠯᠭᠠᠨ ᠬᠤᠪᠢᠷᠠᠭᠤᠯᠪᠠ᠃
ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ ᠪᠣᠯ ᠨᠠᠮ᠎ᠤᠨ ᠪᠦᠬᠦ ᠠᠵᠢᠯ ᠪᠠ ᠲᠠᠢ᠍ᠢᠴᠢᠨ ᠬᠦᠴᠦᠨ᠎ᠦ ᠬᠦᠴᠦᠷᠬᠡᠭ ᠶᠡᠬᠡ ᠲᠤᠯᠭᠠᠭᠤᠷᠢᠯᠠᠯ ᠮᠥᠨ᠃ ᠶᠡᠷᠦᠩᠬᠡᠢ ᠱᠦᠵᠢ ᠰᠢ ᠵᠢᠨ ᠫᠢᠩ᠂ ᠨᠠᠮ᠎ᠤᠨ ᠲᠥᠪ᠎ᠦᠨ ᠵᠣᠬᠢᠶᠠᠨ ᠪᠠᠢᠭᠤᠯᠤᠯᠲᠠ᠂ ᠣᠷᠣᠨ ᠨᠤᠲᠤᠭ᠎ᠤᠨ ᠵᠣᠬᠢᠶᠠᠨ ᠪᠠᠢᠭᠤᠯᠤᠯᠲᠠ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠴᠥᠮ ᠪᠠᠲᠤ ᠴᠢᠩᠭ᠎ᠠ ᠬᠦᠴᠦᠨ᠎ᠲᠠᠢ᠂ ᠦᠢᠯᠡᠳᠦᠯ᠎ᠢᠶᠡᠨ ᠭᠦᠢᠴᠡᠳ ᠪᠠᠳᠠᠷᠠᠭᠤᠯᠪᠠᠯ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠦᠨ ᠳᠠᠪᠠᠭᠤᠯᠢᠭ᠋ ᠪᠠ ᠰᠦᠷ ᠬᠦᠴᠦᠨ᠎ᠢ ᠰᠠᠶᠢ ᠭᠦᠢᠴᠡᠳ ᠢᠯᠡᠷᠡᠭᠦᠯᠵᠦ ᠴᠢᠳᠠᠨ᠎ᠠ ᠭᠡᠵᠦ ᠭᠦᠨᠵᠡᠭᠡᠢ ᠵᠢᠭᠠᠵᠤ ᠭᠠᠷᠭᠠᠪᠠ᠃
ᠨᠠᠮ᠎ᠤᠨ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠨᠢᠭ᠍ᠲᠠ ᠴᠢᠩᠭ᠎ᠠ ᠪᠣᠯᠭᠠᠬᠤ᠎ᠶᠢᠨ ᠵᠠᠩᠭᠢᠯᠠᠭ᠎ᠠ ᠨᠢ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ᠎ᠳᠤ ᠪᠠᠢᠨ᠎ᠠ᠂ ᠡᠭᠦᠨ᠎ᠦ ᠦᠨᠳᠦᠰᠦ ᠨᠢ 《ᠬᠣᠶᠠᠷ᠎ᠢ ᠬᠠᠮᠠᠭᠠᠯᠠᠬᠤ》 ᠢ᠋ᠢ ᠪᠡᠶᠡᠯᠡᠭᠦᠯᠬᠦ᠎ᠳᠦ ᠪᠠᠢᠨ᠎ᠠ᠃ ᠲᠥᠪ᠎ᠦᠨ ᠪᠠ ᠲᠦᠷᠦ᠎ᠶᠢᠨ ᠪᠠᠢᠭᠤᠯᠭ᠎ᠠ ᠪᠣᠯ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ 《ᠠᠩᠬᠠᠨ᠎ᠤ ᠨᠢᠭᠡ ᠺᠢᠯᠤᠮᠧᠲᠷ》 ᠪᠣᠯᠣᠨ᠎ᠠ᠂ 《ᠰᠠᠭᠠᠳ ᠲᠣᠳᠬᠠᠷ》 ᠭᠠᠷᠴᠤ ᠪᠣᠯᠬᠤ ᠦᠭᠡᠢ; ᠣᠷᠣᠨ ᠨᠤᠲᠤᠭ᠎ᠤᠨ ᠨᠠᠮ᠎ᠤᠨ ᠬᠣᠷᠢᠶ᠎ᠠ ᠪᠣᠯ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ 《ᠲᠤᠮᠳᠠᠬᠢ ᠭᠤᠭᠴᠤᠭ᠎ᠠ》 ᠮᠥᠨ᠂ 《ᠲᠤᠮᠳᠠᠬᠢ ᠲᠦᠭᠵᠢᠷᠡᠯ》 ᠭᠠᠷᠴᠤ ᠪᠣᠯᠬᠤ ᠦᠭᠡᠢ; ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ 《ᠬᠠᠮᠤᠭ᠎ᠤᠨ ᠡᠴᠦᠰ᠎ᠦᠨ ᠨᠢᠭᠡ ᠺᠢᠯᠣᠮᠧᠲᠷ》 ᠪᠣᠯᠣᠨ᠎ᠠ᠂ 《ᠮᠤᠬᠤᠷ ᠵᠠᠮ》 ᠭᠠᠷᠴᠤ ᠪᠣᠯᠬᠤ ᠦᠭᠡᠢ᠃
ᠳᠡᠭᠡᠳᠦ ᠳᠣᠣᠷᠠᠳᠤ ᠱᠠᠲᠤ᠎ᠪᠠᠷ᠎ᠢᠶᠠᠨ ᠰᠡᠳᠬᠢᠯ ᠨᠢᠭᠡᠳᠪᠡᠰᠦ ᠬᠠᠨᠳᠤᠭᠰᠠᠨ ᠵᠦᠭ᠎ᠲᠦ ᠢᠯᠠᠭᠳᠠᠰᠢ ᠦᠭᠡᠢ ᠪᠣᠯᠣᠮᠤᠢ; ᠵᠣᠬᠢᠶᠠᠨ ᠪᠠᠢᠭᠤᠯᠤᠯᠲᠠ ᠨᠢᠭ᠍ᠲᠠ ᠴᠢᠩᠭ᠎ᠠ ᠪᠣᠯᠪᠠᠰᠤ ᠠᠯᠢᠪᠠ ᠪᠦᠬᠦᠨ᠎ᠢ ᠢᠯᠠᠵᠦ ᠴᠢᠳᠠᠨ᠎ᠠ᠃
ᠰᠢᠨ᠎ᠡ ᠴᠠᠭ ᠦᠶ᠎ᠡ᠎ᠳᠦ ᠣᠷᠣᠭᠰᠠᠨ᠎ᠤ ᠲᠠᠷᠠᠭ᠎ᠠ᠂ ᠵᠠᠰᠠᠭ᠎ᠤᠨ ᠵᠠᠷᠯᠢᠭ᠋᠎ᠢ ᠰᠠᠭᠠᠳ ᠦᠭᠡᠢ ᠬᠡᠷᠡᠭᠵᠢᠭᠦᠯᠬᠦ᠂ ᠥᠨᠳᠥᠷ ᠪᠦᠲᠦᠮᠵᠢᠲᠡᠢ ᠬᠡᠷᠡᠭᠵᠢᠭᠦᠯᠬᠦ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠳᠦ ᠲᠦᠰᠢᠭᠯᠡᠵᠦ᠂ ᠨᠠᠮ᠎ᠤᠨ ᠲᠥᠪ ᠬᠣᠷᠢᠶ᠎ᠠ ᠵᠢᠨ ᠡᠯ᠎ᠡ ᠵᠦᠢᠯ᠎ᠦᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠤᠨᠢᠨ ᠳᠡᠭᠡᠷ᠎ᠡ ᠨᠢ ᠬᠠᠮᠤᠭ᠎ᠤᠨ ᠦᠨᠳᠦᠰᠦᠨ ᠱᠠᠲᠤ ᠬᠦᠷᠳᠡᠯ᠎ᠠ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠠ ᠪᠦᠳᠦᠮᠵᠢ ᠭᠠᠷᠭᠠᠬᠤ᠎ᠶᠢ ᠪᠠᠲᠤᠯᠠᠬᠤ ᠬᠡᠷᠡᠭᠲᠡᠢ᠃
ᠬᠥᠮᠥᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠣᠯᠬᠤ᠎ᠡᠴᠡ ᠠᠪᠤᠭᠠᠳ᠂ ᠬᠥᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠂ ᠲᠠᠬᠢᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠨ ᠠᠬᠢᠭᠤᠯᠬᠤ ᠬᠦᠷᠲᠡᠯ᠎ᠡ ᠁ ᠴᠢᠬᠤᠯᠠ ᠶᠡᠬᠡ ᠥᠷᠢᠰᠦᠯᠳᠦᠭᠡᠨ᠂ ᠵᠠᠩᠭᠢᠯᠠᠭ᠎ᠠ᠎ᠶᠢᠨ ᠱᠠᠲᠤᠨ᠎ᠳᠤ ᠲᠤᠯᠭᠠᠷᠠᠬᠤ ᠪᠦᠷᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠠᠷᠯᠢᠭ᠋᠎ᠢ ᠰᠣᠨᠣᠰᠤᠮᠠᠭᠴᠠ ᠬᠥᠳᠡᠯᠦᠯᠴᠡᠵᠦ᠂ ᠪᠠᠲᠤ ᠪᠡᠬᠢ ᠪᠡᠬᠢᠯᠡᠯᠲᠡ᠎ᠶᠢ ᠪᠠᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠡᠮᠦᠨ᠎ᠡ ᠨᠢ ᠭᠠᠷᠮᠠᠭᠠᠢᠯᠠᠨ ᠭᠠᠪᠰᠢᠭᠠᠢᠯᠠᠵᠤ᠂ ᠡᠭᠦᠷᠭᠡ᠎ᠪᠡᠨ ᠡᠭᠦᠷᠭᠡᠯᠡᠵᠦ᠂ ᠪᠣᠳᠠᠲᠠᠢ ᠠᠵᠢᠯᠯᠠᠬᠤ᠎ᠪᠠᠷ ᠬᠥᠭᠵᠢᠯᠲᠡ᠎ᠶᠢᠨ ᠭᠠᠢᠬᠠᠮᠰᠢᠭ᠋᠎ᠢ ᠤᠳᠠᠭ᠎ᠠ ᠳᠠᠷᠠᠭᠠᠯᠠᠨ ᠡᠭᠦᠳᠴᠡᠢ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢᠨ ᠡᠮᠦᠨ᠎ᠡ ᠹᠷᠣᠨᠲ᠎ᠤᠨ ᠵᠢᠭ᠍ᠰᠠᠭᠠᠯ᠎ᠤᠨ ᠭᠠᠵᠠᠷ ᠴᠤ᠌ ᠲᠡᠷᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ 《ᠬᠠᠮᠤᠭ᠎ᠤᠨ ᠡᠴᠦᠰ᠎ᠦᠨ ᠨᠢᠭᠡ ᠺᠢᠯᠣᠮᠧᠲᠷ》 ᠴᠦ᠍ ᠲᠡᠷᠡ᠂ ᠡᠨᠡ ᠬᠦ᠌ ᠳᠡᠭᠡᠳᠦ ᠳᠣᠣᠷᠠᠳᠤ ᠱᠠᠲᠤ ᠪᠡᠷ᠎ᠢᠶᠡᠨ ᠨᠡᠪᠲᠡᠷᠡᠯᠴᠡᠭᠰᠡᠨ᠂ ᠥᠨᠳᠥᠷ ᠪᠦᠲᠦᠮᠵᠢᠲᠡᠢ᠎ᠪᠡᠷ ᠠᠵᠢᠯᠯᠠᠬᠤ ᠵᠣᠬᠢᠶᠠᠨ ᠪᠠᠢᠭᠤᠯᠤᠯᠲᠠ᠎ᠶᠢᠨ ᠰᠢᠰᠲ᠋ᠧᠮ᠎ᠤᠨ ᠬᠠᠮᠤᠭ᠎ᠤᠨ ᠲᠣᠪᠣᠢᠮ᠎ᠠ ᠳᠠᠪᠠᠭᠤᠯᠢᠭ᠋ ᠨᠢ ᠳᠠᠷᠤᠢ ᠡᠯ᠎ᠡ ᠳᠦᠷᠦᠯ᠎ᠦᠨ ᠡᠬᠢ ᠪᠠᠶᠠᠯᠢᠭ᠋᠂ ᠤᠯᠠᠨ ᠲᠠᠯ᠎ᠠ᠎ᠶᠢᠨ ᠬᠦᠴᠦᠨ᠎ᠢ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠦᠨ ᠨᠡᠢᠳᠬᠡᠵᠦ᠂ ᠳᠦᠷᠢᠮ᠎ᠦᠨ ᠬᠦᠴᠦᠨ᠎ᠢ ᠬᠥᠭᠵᠢᠯᠲᠡ᠎ᠶᠢ ᠠᠬᠢᠭᠤᠯᠬᠤ᠂ ᠬᠦᠴᠢᠷ ᠠᠰᠠᠭᠤᠳᠠᠯ᠎ᠢ ᠰᠢᠢᠳᠪᠦᠷᠢᠯᠡᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ᠎ᠳᠤ ᠪᠤᠢ᠃
ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ ᠪᠣᠯ ᠨᠠᠮ᠎ᠤᠨ ᠳᠠᠪᠠᠭᠤᠯᠢᠭ᠋᠂ ᠬᠦᠴᠦᠨ ᠴᠢᠳᠠᠯ ᠮᠥᠨ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠭᠰᠡᠨ ᠪᠠᠢᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠣᠳᠣᠯᠭ᠎ᠠ ᠪᠠ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠦᠨᠡᠨ ᠬᠦ᠌ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠬᠦᠷᠢᠶᠡᠨ᠎ᠦ ᠥᠷᠭᠡᠨ ᠤᠯᠠᠨ ᠲᠦᠮᠡᠨ᠎ᠦ ᠵᠣᠬᠢᠶᠠᠨ ᠪᠠᠢᠭᠤᠯᠤᠯᠲᠠ᠎ᠶᠢ ᠰᠠᠢᠲᠤᠷ ᠨᠢᠭ᠍ᠲᠠᠷᠠᠭᠤᠯᠪᠠᠯ᠂ ᠨᠠᠮ᠎ᠤᠨ ᠤᠯᠤᠰ ᠲᠦᠷᠦ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠦ ᠵᠣᠬᠢᠶᠠᠨ ᠪᠠᠶ᠋ᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ ᠯᠠᠪᠲᠠᠢ ᠦᠷᠭᠦᠯᠵᠢᠯᠡᠨ ᠴᠢᠩᠭᠠᠷᠠᠬᠤ ᠶᠤᠮ᠃
ᠪᠦᠬᠦ ᠲᠠᠯ᠎ᠠ᠎ᠪᠠᠷ ᠳᠠᠪᠰᠢᠵᠤ᠂ ᠪᠦᠬᠦ ᠲᠠᠯ᠎ᠠ᠎ᠪᠠᠷ ᠰᠢᠯᠭᠠᠷᠠᠨ᠎ᠠ ︱ ᠬᠦᠴᠦᠷᠬᠡᠭ ᠤᠯᠤᠰ᠎ᠤ᠋ᠨ ᠪᠦᠲᠦᠭᠡᠨ ᠪᠠᠢᠭᠤᠯᠤᠯᠲᠠ᠂ ᠦᠨᠳᠦᠰᠦᠲᠡᠨ ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠠᠬᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠪᠠ
ᠬᠦᠴᠦᠷᠬᠡᠭ ᠤᠯᠤᠰ᠎ᠤ᠋ᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠤᠯᠠᠮ ᠤᠷᠤᠭ᠍ᠰᠢ ᠠᠬᠢᠬᠤ ᠲᠤᠳᠤᠮ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠢ ᠤᠯᠠᠮ ᠭᠦᠢᠴᠡᠳ ᠪᠠᠳᠠᠷᠠᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠬᠦᠴᠦᠨ ᠴᠢᠳᠠᠯ᠎ᠢ ᠨᠢᠭ᠍ᠲᠠᠷᠠᠭᠤᠯᠵᠤ᠂ ᠲᠦᠭ ᠲᠦᠮᠡᠨ ᠠᠷᠠᠳ ᠤᠯᠠᠨ᠎ᠤ ᠤᠶᠤᠨ ᠤᠬᠠᠭᠠᠨ ᠪᠣᠯᠣᠨ ᠡᠭᠦᠳᠦᠨ ᠪᠦᠲᠦᠭᠡᠯᠲᠡ᠎ᠶᠢ ᠬᠥᠭᠵᠢᠭᠡᠬᠦ ᠴᠢᠬᠤᠯᠠᠲᠠᠢ ᠶᠤᠮ᠃
《ᠱᠧᠨᠵᠧᠨ᠎ᠳᠦ 24 ᠴᠠᠭᠨᠡᠭᠡᠭᠡᠯᠳᠡ ᠲᠠᠢ ᠳᠠᠪᠲᠠᠯᠭ᠎ᠠ ᠶ᠋ᠢᠨ ᠭᠠᠵᠠᠷ ᠪᠠᠢᠳᠠᠭ᠂ ᠲᠡᠷᠡ ᠨᠢ ᠴᠢᠨᠦ ᠰᠤᠷᠤᠯᠭ᠎ᠠ ᠶ᠋ᠢᠨ ᠱᠠᠭᠠᠷᠳᠠᠯᠭ᠎ᠠ ᠶ᠋ᠢ ᠬᠠᠩᠭᠠᠵᠤ ᠴᠢᠳᠠᠬᠤ᠎ᠪᠠᠷ ᠪᠠᠷᠠᠬᠤ ᠦᠭᠡᠢ ᠲᠥᠭᠡᠷᠢᠵᠦ ᠲᠥᠭᠡᠷᠢᠭᠳᠡᠬᠦ ᠦᠶ᠎ᠡ᠎ᠳᠦ ᠴᠢᠨᠢ ᠬᠠᠯᠠᠭᠤᠨ ᠳᠤᠯᠠᠭᠠᠨ ᠠᠪᠴᠢᠷᠠᠵᠤ ᠴᠢᠳᠠᠨ᠎ᠠ》 ᠃ ᠱᠧᠨᠵᠧᠨ ᠬᠣᠲᠠ᠎ᠶᠢᠨ ᠨᠠᠮ᠎ᠤᠨ ᠭᠡᠰᠢᠭᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠣᠯᠠᠨ ᠲᠦᠮᠡᠨ᠎ᠦ ᠨᠣᠮ᠎ᠤᠨ ᠥᠷᠥᠭᠡ᠎ᠶᠢ ᠰᠦᠯᠵᠢᠶᠡᠨ ᠠᠨᠳᠠ ᠨᠠᠷ 《ᠱᠧᠨᠵᠧᠨ᠎ᠦ ᠬᠠᠮᠤᠭ᠎ᠤᠨ ᠭᠣᠶᠣ᠌ ᠳᠠᠪᠲᠠᠯᠭ᠎ᠠ᠎ᠶᠢᠨ ᠥᠷᠥᠭᠡ》 ᠂ 《ᠡᠷᠳᠡᠨᠢᠰ᠎ᠦᠨ ᠰᠠᠩ ᠨᠣᠮ᠎ᠤᠨ ᠰᠠᠩ》 ᠭᠡᠵᠦ ᠳᠣᠲᠣᠨᠣᠴᠢᠯᠠᠨ ᠳᠠᠭᠤᠳᠠᠳᠠᠭ᠃
24 ᠴᠠᠭ᠎ᠢᠶᠡᠷ ᠨᠡᠭᠡᠭᠡᠯᠳᠡ ᠲᠠᠢ ᠨᠣᠮ᠎ᠤᠨ ᠰᠠᠩ᠎ᠡᠴᠡ ᠬᠡᠦᠬᠡᠳ ᠰᠠᠭᠠᠲᠠᠭᠤᠯᠬᠤ᠂ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠬᠦᠷᠲᠡᠯ᠎ᠡ᠂ ᠴᠢᠳᠠᠪᠤᠷᠢᠲᠠᠨ᠎ᠤ ᠵᠠᠬ᠎ᠠ ᠳᠡᠯᠭᠡᠭᠦᠷ᠎ᠡᠴᠡ ᠵᠠᠯᠠᠭᠤᠴᠤᠳ᠎ᠤᠨ ᠣᠷᠣᠢ᠎ᠶᠢᠨ ᠰᠤᠷᠭᠠᠭᠤᠯᠢ ᠬᠦᠷᠲᠡᠯ᠎ᠡ ᠁ ᠣᠢᠷ᠎ᠠ᠎ᠶᠢᠨ ᠵᠢᠯ᠎ᠡᠴᠡ᠂ ᠱᠧᠨᠵᠧᠨ ᠬᠤᠳᠠ᠎ᠳᠤ 2300 ᠭᠠᠷᠤᠢ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠢ ᠪᠠᠢᠭᠤᠯᠵᠤ᠂ ᠪᠦᠬᠦ ᠬᠤᠳᠠ᠎ᠶᠢᠨ 6000 ᠭᠠᠷᠤᠢ ᠠᠳᠠᠯ ᠠᠬᠤᠢ᠎ᠶᠢᠨ ᠲᠣᠭᠣᠷᠢᠭ᠋ ᠪᠠ ᠬᠤᠳᠠ᠎ᠶᠢᠨ ᠳᠤᠮᠳᠠᠬᠢ ᠲᠣᠰᠬᠣᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠠᠵᠢᠯ᠎ᠢ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠵᠦ᠂ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠦᠢᠯᠡᠴᠢᠯᠡᠭᠡᠨ᠎ᠦ ᠲᠦᠷᠦᠯ ᠵᠦᠢᠯ ᠤᠯᠠᠮ᠎ᠡᠴᠡ ᠤᠯᠠᠮ ᠣᠯᠠᠰᠢᠷᠠᠵᠤ᠂ ᠴᠢᠳᠠᠮᠵᠢ ᠤᠯᠠᠮ᠎ᠡᠴᠡ ᠤᠯᠠᠮ ᠪᠦᠷᠢᠨᠰᠢᠵᠤ᠂ ᠤᠯᠠᠨ ᠲᠦᠮᠡᠨ᠎ᠦ ᠤᠯᠠᠨ ᠶᠠᠩᠵᠤ᠎ᠶᠢᠨ ᠬᠡᠷᠡᠭᠴᠡᠭᠡ᠎ᠶᠢ ᠬᠠᠩᠭᠠᠵᠤ ᠪᠠᠢᠨ᠎ᠠ᠃
ᠲᠤᠭᠤᠰᠢᠯᠠᠭᠤᠯᠤᠨ ᠨᠠᠢᠳᠠᠪᠤᠷᠢᠵᠢᠭᠤᠯᠪᠠᠯ ᠰᠠᠶᠢ ᠦᠷ᠎ᠠ ᠪᠦᠳᠦᠮᠵᠢ ᠭᠠᠷᠭᠠᠵᠤ ᠴᠢᠳᠠᠨ᠎ᠠ᠃ ᠶᠡᠷᠦᠩᠬᠡᠢ ᠱᠦᠵᠢ ᠰᠢ᠎ᠶᠢᠨ ᠫᠢᠩ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯ ᠨᠠᠮ᠎ᠤᠨ ᠲᠥᠷᠥ ᠪᠠᠷᠢᠬᠤ ᠲᠣᠮᠣ᠌ ᠠᠰᠠᠷ᠎ᠤᠨ ᠰᠠᠭᠤᠷᠢ ᠮᠥᠨ᠂ ᠰᠠᠭᠤᠷᠢ ᠨᠢ ᠪᠠᠲᠤ ᠪᠡᠬᠢ ᠪᠣᠯ ᠲᠣᠮᠣ᠌ ᠠᠰᠠᠷ ᠨᠢ ᠪᠠᠲᠤ ᠪᠡᠬᠢ᠂ ᠰᠠᠭᠤᠷᠢ ᠨᠢ ᠬᠠᠵᠠᠭᠠᠢ ᠪᠣᠯ ᠲᠣᠮᠣ᠌ ᠠᠰᠠᠷ ᠨᠢ ᠬᠠᠵᠠᠢᠨᠠ ᠭᠡᠵᠦ ᠭᠦᠨᠵᠡᠭᠡᠢ ᠵᠢᠭᠠᠵᠤ ᠭᠠᠷᠭᠠᠬᠰᠠᠨ ᠪᠢᠯᠡ᠃
ᠰᠢᠨ᠎ᠡ ᠴᠠᠭ ᠦᠶ᠎ᠡ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠡᠯ᠎ᠡ ᠬᠦᠷᠢᠶᠡᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢᠯᠠᠯ᠂ ᠬᠥᠳᠡᠭᠡ ᠲᠣᠰᠬᠣᠨ᠂ ᠪᠠᠢᠭᠤᠯᠭ᠎ᠠ᠂ ᠠᠵᠢᠯ ᠦᠢᠯᠡᠰ᠎ᠦᠨ ᠨᠢᠭᠡᠴᠢ᠂ ᠨᠡᠢᠭᠡᠮ ᠲᠣᠭᠣᠷᠢᠭ᠋ ᠵᠡᠷᠭᠡ ᠡᠯ᠎ᠡ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢᠨ ᠠᠵᠢᠯ᠎ᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠦᠬᠦ ᠲᠠᠯ᠎ᠠ᠎ᠪᠠᠷ ᠳᠠᠪᠰᠢᠬᠤ᠂ ᠪᠦᠬᠦ ᠲᠠᠯ᠎ᠠ᠎ᠪᠠᠷ ᠰᠢᠯᠭᠠᠷᠠᠬᠤ᠎ᠶᠢ ᠠᠬᠢᠭᠤᠯᠪᠠ᠃
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯ ᠳᠠᠢ᠍ᠢᠨ᠎ᠦ ᠲᠠᠯᠠᠪᠤᠷ᠎ᠲᠤ᠂ ᠲᠣᠰᠬᠣᠨ᠎ᠤ ᠨᠠᠮ᠎ᠤᠨ ᠵᠣᠬᠢᠶᠠᠨ ᠪᠠᠢᠭᠤᠯᠤᠯᠲᠠ ᠲᠦᠷᠦᠭᠦᠯᠡᠨ᠂ ᠰᠢᠨ᠎ᠡ ᠬᠡᠯᠪᠡᠷᠢ᠎ᠶᠢᠨ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠵᠤ᠂ ᠬᠥᠳᠡᠭᠡ ᠲᠣᠰᠬᠣᠨ᠎ᠤ ᠵᠠᠩᠰᠢᠯ᠎ᠢ ᠬᠠᠯᠠᠵᠤ ᠳᠠᠳᠬᠠᠯ᠎ᠢ ᠥᠭᠡᠷᠡᠴᠢᠯᠡᠬᠦ᠎ᠶᠢ ᠬᠥᠲᠥᠯᠥᠨ ᠳᠠᠭᠠᠭᠤᠯᠵᠤ᠂ ᠣᠷᠣᠰᠢᠨ ᠰᠠᠭᠤᠷᠢᠰᠢᠬᠤᠪᠠ ᠦᠢᠯᠡᠰ ᠪᠣᠰᠬᠠᠬᠤ᠎ᠳᠤ ᠲᠣᠬᠢᠷᠠᠮᠵᠢᠲᠠᠢ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠢ ᠡᠭᠦᠳᠦᠨ ᠪᠠᠢᠭᠤᠯᠵᠤ ᠪᠤᠢ; ᠬᠤᠳᠠ᠎ᠶᠢᠨ ᠵᠠᠰᠠᠯᠲᠠ᠎ᠶᠢᠨ ᠡᠮᠦᠨ᠎ᠡ ᠹᠷᠣᠨᠲ᠎ᠲᠤ᠂ ᠰᠢᠨ᠎ᠡ ᠴᠠᠭ ᠦᠶ᠎ᠡ᠎ᠶᠢᠨ 《ᠹᠧᠩᠴᠢᠶᠤᠤ ᠵᠢᠨ ᠲᠤᠷᠰᠢᠯᠭ᠎ᠠ》 ᠶ᠋ᠢ ᠪᠠᠷᠢᠮᠲᠠᠯᠠᠨ ᠬᠥᠭᠵᠢᠭᠦᠯᠵᠦ᠂ ᠵᠥᠷᠢᠴᠡᠯ᠎ᠢ ᠦᠨᠳᠦᠰᠦᠨ ᠱᠠᠲᠤᠨ᠎ᠳᠤ ᠰᠢᠢᠳᠪᠦᠷᠢᠯᠡᠵᠦ᠂ ᠦᠢᠯᠡᠴᠢᠯᠡᠭᠡᠨ᠎ᠦ ᠬᠠᠩᠭᠠᠯᠭ᠎ᠠ᠎ᠶᠢ ᠡᠮᠦᠨ᠎ᠡ ᠹᠷᠣᠨᠲ᠎ᠲᠤ ᠶᠠᠪᠤᠭᠳᠠᠭᠤᠯᠤᠨ᠎ᠠ; ᠪᠠᠢᠭᠤᠯᠭ᠎ᠠ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠰᠤᠷᠭᠠᠭᠤᠯᠢ᠂ ᠡᠮᠨᠡᠯᠭᠡ᠎ᠶᠢᠨ ᠬᠣᠷᠢᠶ᠎ᠠ ᠵᠡᠷᠭᠡ ᠤᠯᠠᠮᠵᠢᠯᠠᠯᠲᠤ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠨᠢᠭᠡᠳᠦᠯᠲᠡᠢ ᠲᠥᠯᠥᠪᠵᠢᠭᠦᠯᠵᠦ᠂ ᠨᠠᠮ᠎ᠤᠨ ᠪᠠᠢᠭᠤᠯᠤᠯᠲᠠ᠎ᠶᠢᠨ ᠠᠵᠢᠯ ᠪᠣᠯᠣᠨ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠪᠠᠲᠤ ᠪᠡᠬᠢ ᠲᠠᠢ᠍ᠢᠴᠢᠨ ᠪᠡᠬᠢᠯᠡᠯᠲᠡ ᠪᠣᠯᠭᠠᠵᠤ ᠪᠤᠢ᠃
ᠪᠡᠭᠡᠵᠢᠩ᠎ᠦᠨ ᠳᠡ ᠱᠢ ᠯᠠᠨ ᠵᠡᠭᠡᠯᠢ᠎ᠳᠦ᠂ ᠲᠦᠷᠭᠡᠨ ᠬᠦᠷᠭᠡᠭᠴᠢ ᠠᠯᠢ ᠬᠡᠳᠦᠢᠨ ᠪᠠᠷᠠᠭ᠎ᠠ ᠬᠦᠷᠭᠡᠭᠴᠢ ᠲᠡᠳᠦᠢ ᠪᠢᠰᠢ ᠪᠣᠯᠵᠠᠢ᠃ ᠲᠡᠳᠡ ᠬᠤᠳᠠᠯᠳᠤᠭᠠᠨ᠎ᠤ ᠡᠷᠦᠬᠡ᠎ᠶᠢ ᠬᠠᠪᠰᠤᠷᠤᠨ ᠪᠠᠷᠠᠭ᠎ᠠ ᠵᠥᠭᠡᠭᠡᠵᠦ᠂ ᠨᠠᠰᠤᠲᠠᠢᠴᠤᠳ᠎ᠲᠤ ᠳ᠋ᠤᠭᠠᠷ ᠠᠪᠴᠤ᠂ ᠭᠠᠷᠠᠭ᠎ᠤᠨ ᠰᠡᠭᠦᠯᠴᠢ᠎ᠶᠢᠨ ᠶᠡᠬᠡ ᠴᠡᠪᠡᠷᠯᠡᠯᠲᠡ᠎ᠳᠦ ᠣᠷᠣᠯᠴᠠᠨ᠂ ᠰᠠᠭᠤᠭᠠᠯᠢ ᠠᠷᠠᠳ᠎ᠲᠠᠢ ᠨᠢᠭᠡ ᠭᠡᠷ᠎ᠦᠨ ᠬᠥᠮᠥᠨ ᠰᠢᠭ ᠶᠠᠪᠤᠯᠴᠠᠵᠤ ᠪᠠᠢᠪᠠ᠃
ᠡᠨᠡ ᠬᠦ᠌ 《ᠬᠥᠷᠰᠢ ᠵᠡᠷᠭᠡᠯᠡᠳᠡᠭᠡ᠎ᠶᠢᠨ ᠬᠠᠢᠷ᠎ᠠ ᠰᠡᠳᠬᠢᠯᠭᠡ》 ᠵᠢᠨ ᠠᠷᠤ᠎ᠳᠤ ᠵᠣᠬᠢᠶᠠᠨ ᠪᠠᠢᠭᠤᠯᠤᠯᠲᠠ᠎ᠲᠠᠢ᠂ ᠬᠠᠷᠢᠭᠤᠴᠠᠯᠭ᠎ᠠ᠎ᠲᠠᠢ ᠡᠩᠨᠡᠭᠡ ᠪᠤᠢ᠃ ᠪᠡᠭᠡᠵᠢᠩ᠎ᠦᠨ ᠳᠡ ᠱᠢ ᠯᠠᠨ ᠵᠡᠭᠡᠯᠢ ᠭᠤᠳᠤᠮᠵᠢ᠎ᠳᠤ ᠲᠦᠷᠭᠡᠨ ᠬᠦᠷᠭᠡᠯᠲᠡ᠎ᠶᠢᠨ ᠠᠵᠢᠯ ᠲᠦᠷᠦᠯ᠎ᠦᠨ ᠨᠡᠭᠦᠳᠡᠯ ᠨᠠᠮ᠎ᠤᠨ ᠭᠡᠰᠢᠭᠦᠨ᠎ᠦ ᠨᠠᠮ᠎ᠤᠨ ᠡᠭᠦᠷ᠎ᠢ ᠪᠠᠢᠭᠤᠯᠵᠤ᠂ ᠨᠠᠮ᠎ᠤᠨ ᠭᠡᠰᠢᠭᠦᠳ ᠲᠦᠷᠭᠡᠨ ᠬᠦᠷᠭᠡᠭᠴᠢᠳᠢ ᠳᠠᠭᠠᠭᠤᠯᠤᠨ ᠰᠠᠨᠠᠭᠠᠴᠢᠯᠠᠭ᠎ᠠ ᠡᠴᠡ᠎ᠪᠠᠨ 《ᠵᠢᠵᠢᠭ ᠪᠠᠯᠲᠤ ᠵᠥᠭᠡᠢ》 ᠵᠢᠨ ᠰᠦᠯᠵᠢᠶᠡᠨ᠎ᠦ ᠠᠵᠢᠯᠲᠠᠨ᠎ᠤ ᠲᠤᠰᠢᠶᠠᠯ᠎ᠢ ᠡᠭᠦᠷᠭᠡᠯᠡᠵᠦ᠂ 《ᠵᠡᠭᠡᠯᠢ ᠭᠤᠳᠤᠮᠵᠢ᠎ᠪᠠᠷ ᠶᠠᠪᠤᠬᠤ》 ᠠᠵᠢᠯ᠎ᠤᠨ ᠳᠠᠪᠠᠭᠤᠯᠢᠭ᠋᠎ᠢᠶᠠᠨ ᠪᠠᠳᠠᠷᠠᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶᠢᠨ ᠳᠤᠮᠳᠠᠬᠢ ᠨᠢᠭᠡᠨ ᠰᠠᠯᠠᠭ᠎ᠠ ᠬᠥᠭᠵᠢᠶᠡᠨᠲᠡᠢ ᠪᠥᠭᠡᠳ ᠬᠠᠯᠠᠭᠤᠮᠰᠤᠭ 《ᠰᠢᠨ᠎ᠡ ᠬᠦᠴᠦᠨ》 ᠪᠣᠯᠤᠭᠰᠠᠨ ᠪᠠᠢᠨ᠎ᠠ᠃
ᠬᠠᠮᠢᠭ᠎ᠠ ᠤᠯᠠᠨ ᠲᠦᠮᠡᠨ ᠪᠠᠢᠪᠠᠯ ᠲᠡᠨᠳᠡ ᠨᠠᠮ᠎ᠤᠨ ᠠᠵᠢᠯ ᠪᠠᠢᠳᠠᠭ; ᠬᠠᠮᠢᠭ᠎ᠠ ᠨᠠᠮ᠎ᠤᠨ ᠭᠡᠰᠢᠭᠦᠨ ᠪᠠᠢᠪᠠᠯ ᠲᠡᠨᠳᠡ ᠨᠠᠮ᠎ᠤᠨ ᠵᠣᠬᠢᠶᠠᠨ ᠪᠠᠢᠭᠤᠯᠤᠯᠲᠠ ᠪᠠᠢᠳᠠᠭ᠃
ᠲᠦᠷᠭᠡᠨ ᠬᠦᠷᠭᠡᠯᠲᠡ᠎ᠶᠢᠨ ᠠᠵᠢᠯᠲᠠᠨ᠂ ᠰᠦᠯᠵᠢᠶ᠎ᠡ᠎ᠪᠡᠷ ᠪᠣᠯᠵᠣᠬᠤ ᠮᠠᠰᠢᠨ ᠲᠡᠷᠭᠡᠨ᠎ᠦ ᠵᠢᠯᠣᠭᠣᠴᠢ᠂ ᠪᠠᠷᠠᠭᠠᠨ᠎ᠤ ᠲᠡᠭᠡᠭᠡᠪᠦᠷᠢ᠎ᠶᠢᠨ ᠵᠢᠯᠣᠭᠣᠴᠢ ᠵᠡᠷᠭᠡ ᠨᠡᠭᠦᠳᠡᠯ ᠬᠦᠮᠦᠰ᠎ᠲᠤ ᠬᠠᠨᠳᠤᠭᠤᠯᠤᠨ ᠨᠡᠭᠦᠳᠡᠯ ᠨᠠᠮ᠎ᠤᠨ ᠭᠡᠰᠢᠭᠦᠨ᠎ᠦ ᠨᠠᠮ᠎ᠤᠨ ᠡᠭᠦᠷ᠎ᠢ ᠪᠠᠢᠭᠤᠯᠤᠨ᠎ᠠ; ᠠᠵᠢᠯ ᠲᠦᠷᠦᠯ᠎ᠦᠨ ᠨᠡᠢᠭᠡᠮᠯᠢᠭ᠂ ᠬᠠᠤᠯᠢ ᠴᠠᠭᠠᠵᠠ᠎ᠶᠢᠨ ᠭᠠᠵᠠᠷ᠂ ᠨᠢᠭ᠍ᠲᠠᠯᠠᠨ ᠪᠤᠳᠤᠭ᠍ᠴᠢ᠎ᠶᠢᠨ ᠬᠡᠷᠡᠭ ᠡᠷᠬᠢᠯᠡᠬᠦ ᠭᠠᠵᠠᠷ᠎ᠲᠤ ᠨᠠᠮ ᠤᠨ ᠪᠠᠢᠭᠤᠯᠤᠯᠲᠠ ᠵᠢᠨ ᠬᠠᠮᠢᠶᠠᠷᠤᠯᠲᠠ᠎ᠶᠢᠨ ᠪᠠᠢᠭᠤᠯᠤᠯ᠎ᠢ ᠰᠢᠯᠤᠭᠤᠳᠬᠠᠨ᠎ᠠ; 《ᠢᠨᠲ᠋ᠧᠷ ᠰᠦᠯᠵᠢᠶ᠎ᠡ + ᠣᠶᠤᠨᠲᠤ ᠨᠠᠮ᠎ᠤᠨ ᠪᠠᠢᠭᠤᠯᠤᠯᠲᠠ》 ᠵᠢᠨ ᠵᠠᠭᠪᠤᠷ᠎ᠤᠨ ᠰᠢᠨ᠎ᠡ᠎ᠶᠢ ᠡᠭᠦᠳᠴᠦ᠂ ᠨᠠᠮ᠎ᠤᠨ ᠡᠭᠦᠷ᠎ᠢ ᠰᠦᠯᠵᠢᠶᠡᠨ ᠳᠡᠭᠡᠷ᠎ᠡ ᠪᠠᠶ᠋ᠢᠭᠤᠯᠬᠤ᠂ ᠨᠠᠮ᠎ᠤᠨ ᠭᠡᠰᠢᠭᠦᠨ᠎ᠢ ᠰᠦᠯᠵᠢᠶᠡᠨ ᠳᠡᠭᠡᠷ᠎ᠡ ᠬᠣᠯᠪᠣᠬᠤ᠎ᠶᠢ ᠠᠬᠢᠭᠤᠯᠪᠠ ᠁ ᠠᠯᠢ ᠤᠯᠠᠨ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠨᠢ ᠨᠠᠮ᠎ᠤᠨ ᠰᠢᠨ᠎ᠡ ᠪᠡᠷ ᠮᠠᠨᠳᠤᠭᠰᠠᠨ ᠬᠦᠷᠢᠶᠡᠨ᠎ᠳᠡᠬᠢ ᠨᠢᠭ᠍ᠲᠠᠷᠠᠭᠤᠯᠬᠤ ᠬᠦᠴᠦᠨ᠂ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ ᠢ ᠦᠷᠭᠦᠯᠵᠢᠯᠡᠨ ᠴᠢᠩᠭᠠᠳᠬᠠᠵᠠᠢ᠃
ᠮᠠᠨ᠎ᠤ ᠨᠠᠮ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠳᠦ ᠲᠦᠰᠢᠭᠯᠡᠨ᠂ ᠲᠦᠭ ᠲᠦᠮᠡᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠡᠬᠡ ᠶᠠᠪᠤᠳᠠᠯ᠎ᠢ ᠪᠦᠲᠦᠭᠡᠵᠦ᠂ ᠶᠡᠬᠡ ᠰᠢᠯᠭᠠᠯᠲᠠ᠎ᠶᠢ ᠢᠯᠠᠪᠠ᠃ ᠰᠢᠨ᠎ᠡ ᠠᠶᠠᠨ᠎ᠳᠤ᠂ ᠳᠡᠭᠡᠳᠤ ᠳᠣᠣᠷᠠᠳᠤ ᠱᠠᠲᠤ ᠪᠡᠷ ᠵᠢᠡᠨᠨᠡᠪᠳᠡᠷᠡᠯᠴᠡᠭᠰᠡᠨ᠂ ᠬᠡᠷᠡᠭᠵᠢᠭᠦᠯᠦᠯᠳᠡ ᠨᠢ ᠬᠦᠴᠦᠳᠡᠢ ᠵᠣᠬᠢᠶᠠᠨ ᠪᠠᠢᠭᠤᠯᠤᠯᠲᠠ᠎ᠶᠢᠨ ᠰᠢᠰᠲ᠋ᠧᠮ᠎ᠢ ᠪᠦᠷᠢᠨᠰᠢᠭᠦᠯᠬᠦ᠎ᠶᠢ ᠪᠠᠷᠢᠮᠲᠠᠯᠠᠵᠤ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠢᠭᠤᠯᠤᠯᠲᠠ᠎ᠶᠢᠨ ᠴᠢᠳᠠᠪᠬᠢ᠎ᠶᠢ ᠭᠦᠢᠴᠡᠳ ᠪᠠᠳᠠᠷᠠᠭᠤᠯᠪᠠᠯ᠂ ᠯᠠᠪᠳᠠᠶ᠎ᠠ ᠪᠦᠬᠦ ᠨᠠᠮ᠎ᠢ 《ᠬᠠᠲᠠᠭᠤ ᠪᠡᠬᠢ ᠪᠣᠯᠣᠳ ᠲᠡᠮᠦᠷ》 ᠪᠣᠯᠭᠠᠨ ᠪᠦᠯᠬᠦᠮᠳᠡᠭᠦᠯᠵᠦ᠂ ᠡᠷᠡᠮᠡᠬᠡᠢᠯᠡᠨ ᠲᠡᠮᠡᠴᠡᠵᠦ᠂ ᠰᠢᠨᠲᠠᠷᠠᠰᠢ ᠦᠭᠡᠢ ᠴᠢᠷᠮᠠᠢᠨ ᠠᠵᠢᠯᠯᠠᠵᠤ᠂ ᠬᠦᠴᠦᠷᠬᠡᠭ ᠤᠯᠤᠰ᠎ᠤ᠋ᠨ ᠪᠦᠲᠦᠭᠡᠨ ᠪᠠᠢᠭᠤᠯᠤᠯᠲᠠ᠂ ᠦᠨᠳᠦᠰᠦᠲᠡᠨ ᠦ ᠰᠡᠷᠭᠦᠨ ᠮᠠᠨᠳᠤᠯᠲᠠ᠎ᠶᠢᠨ ᠨᠡᠩ ᠰᠦᠷᠯᠢᠭ ᠰᠠᠢᠬᠠᠨ ᠴᠠᠭ ᠦᠶ᠎ᠡ᠎ᠶᠢᠨ ᠢᠷᠠᠭᠤ ᠬᠠᠭᠤᠳᠠᠰᠤ᠎ᠶᠢ ᠪᠢᠴᠢᠭᠯᠡᠵᠦ ᠴᠢᠳᠠᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)