ᠪᠡᠭᠡᠵᠢᠩ᠎ᠳᠦ ᠪᠠᠢᠭ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶᠢᠨ ᠦᠵᠡᠰᠬᠦᠯᠡᠩ᠎ᠦᠨ ᠣᠷᠳᠣᠨ ᠨᠢ ᠬᠤᠢᠨ᠎ᠠ ᠬᠤᠢᠨ᠎ᠠ ᠡᠴᠡ ᠪᠡᠨ ᠳᠤᠮᠳᠠᠳᠤ ᠤᠯᠤᠰ᠎ᠲᠤ ᠠᠶ᠋ᠢᠯᠴᠢᠯᠠᠷ᠎ᠠ ᠢᠷᠡᠭᠰᠡᠨ ᠤᠯᠠᠨ ᠤᠯᠤᠰ᠎ᠤᠨ ᠤᠳᠤᠷᠢᠳᠬᠤ ᠬᠥᠮᠥᠰ ᠵᠢᠴᠢ ᠭᠠᠳᠠᠭᠠᠳᠤ᠎ᠶᠢᠨ ᠲᠦᠷᠦ᠎ᠶᠢᠨ ᠨᠠᠮ᠂ ᠵᠠᠭᠤᠴᠢᠯᠠᠭᠤᠷ᠂ ᠵᠠᠯᠠᠭᠤᠴᠤᠳ᠎ᠤᠨ ᠲᠥᠯᠥᠭᠡᠯᠡᠭᠴᠢᠳ᠎ᠦᠨ ᠬᠠᠯᠠᠮᠰᠢᠯ ᠲᠤᠭᠤᠷᠢᠨ ᠠᠢᠯᠴᠢᠯᠠᠬᠤ ᠭᠠᠵᠠᠷ ᠪᠣᠯᠪᠠ᠃
ᠵᠢᠩᠭᠠᠩᠱᠠᠨ᠎ᠳᠤ ᠤᠯᠠᠭᠠᠨ ᠴᠡᠷᠢᠭ ᠡᠴᠡ ᠤᠯᠠᠨ ᠲᠦᠮᠡᠨ ᠳᠦ ᠲᠦᠭᠡᠭᠡᠨ ᠥᠭᠭᠦᠭᠰᠡᠨ ᠳᠠᠪᠤᠰᠤᠨ ᠰᠠᠪᠠ᠎ᠡᠴᠡ ᠬᠤᠸᠠᠢ ᠬᠠᠢ᠎ᠶᠢᠨ ᠳᠠᠢᠯᠠᠯᠳᠤᠭᠠᠨᠲᠤᠮᠳᠠᠬᠢ ᠤᠯᠠᠨ ᠲᠦᠮᠡᠨ᠎ᠦ 《ᠡᠮᠦᠨ᠎ᠡ ᠹᠷᠣᠨᠲ ᠢ ᠲᠤᠰᠠᠯᠠᠬᠤ ᠵᠢᠵᠢᠭ ᠲᠡᠷᠭᠡ》 ᠬᠦᠷᠲᠡᠯ᠎ᠡ᠂ ᠬᠤᠨᠠᠨ᠎ᠤ ᠱᠢ ᠪᠠ ᠳ᠋ᠦᠩ ᠲᠣᠰᠬᠣᠨ᠎ᠤ ᠪᠢᠴᠢᠯ ᠵᠠᠭᠪᠤᠷ᠎ᠡᠴᠡ ᠪᠦᠬᠦ ᠤᠯᠤᠰ᠎ᠤᠨ 《ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ》 ᠡᠯᠧᠺᠲᠷᠣᠨ ᠭᠠᠵᠠᠷ᠎ᠤᠨ ᠵᠢᠷᠤᠭ ᠬᠦᠷᠲᠡᠯ᠎ᠡ᠂ ᠠᠳᠠᠯᠢ ᠪᠤᠰᠤ ᠤᠯᠤᠰ ᠣᠷᠣᠨ᠂ ᠠᠳᠠᠯᠢ ᠪᠤᠰᠤ ᠨᠠᠰᠤᠨ᠎ᠤ ᠬᠥᠮᠥᠰ ᠡᠨᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢ ᠳᠠᠭᠠᠭᠤᠯᠤᠨ ᠶᠠᠪᠤᠵᠤ ᠦᠩᠭᠡᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶᠢ ᠡᠷᠭᠢᠴᠡᠭᠦᠯᠵᠦ᠂ ᠡᠭᠦᠨ᠎ᠦ ᠤᠯᠠᠮ᠎ᠢᠶᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠄ 《ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠦᠨ᠎ᠡ》 ᠭᠡᠳᠡᠭ ᠢ᠋ ᠨᠡᠩ ᠲᠣᠳᠣᠷᠬᠠᠢ ᠣᠢᠯᠠᠭᠠᠪᠠ᠃
《ᠠᠯᠢᠪᠠ ᠭᠡᠷᠡᠯ ᠰᠠᠴᠤᠷᠠᠩᠭᠤᠢ ᠠᠮᠵᠢᠯᠲᠠ ᠪᠠ ᠠᠭᠤᠤ ᠶᠡᠬᠡ ᠢᠯᠠᠯᠲᠠ ᠪᠣᠯ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ᠎ᠤ ᠤᠯᠤᠰ ᠣᠷᠣᠨ᠎ᠤ᠎ᠪᠠᠨ ᠢᠷᠡᠭᠡᠳᠦᠢ᠎ᠶᠢᠨ ᠲᠥᠯᠥᠭᠡ ᠲᠡᠮᠡᠴᠡᠭᠰᠡᠨ᠎ᠦ ᠦᠷ᠎ᠡ ᠳ᠋ᠦᠩ ᠮᠥᠨ》᠃ 5 ᠰᠠᠷ᠎ᠠ᠎ᠶᠢᠨ 7 ᠤ᠋ ᠡᠳᠦᠷ᠂ ᠦᠽᠪᠧᠺᠰᠲ᠋ᠠᠨ᠎ᠤ ᠶᠡᠷᠦᠩᠬᠡᠢ ᠰᠠᠢᠳ ᠠᠯᠢᠪᠦ᠋ᠸᠧᠹ ᠲᠤᠭᠤᠷᠢᠨ ᠠᠶ᠋ᠢᠯᠴᠢᠯᠠᠭᠰᠠᠨᠤ ᠳᠠᠷᠠᠭ᠎ᠠ᠂ ᠦᠭᠡ ᠦᠯᠡᠳᠡᠭᠡᠬᠦ ᠳᠡᠪᠲᠡᠷ ᠳᠡᠭᠡᠷ᠎ᠡ ᠢᠩᠭᠢᠵᠦ ᠪᠢᠴᠢᠪᠡ᠃
ᠳᠤᠮᠳᠠᠳᠤ ᠤᠯᠤᠰ᠎ᠤᠨ ᠭᠠᠢᠬᠠᠮᠰᠢᠭ᠋᠎ᠢ ᠣᠢᠯᠠᠭᠠᠬᠤ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠢ ᠣᠢᠯᠠᠭᠠᠬᠤ ᠬᠡᠷᠡᠭᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠠᠷᠠᠳ ᠲᠦᠮᠡᠨ ᠦ ᠬᠣᠭᠣᠷᠣᠨᠳᠣᠬᠢ ᠴᠢᠰᠤ ᠮᠢᠬᠠᠨ᠎ᠤ ᠪᠠᠷᠢᠯᠳᠤᠯᠭ᠎ᠠ ᠪᠣᠯ ᠶᠠᠭ ᠲᠡᠭᠦᠨ᠎ᠦ ᠠᠮᠵᠢᠯᠲᠠ ᠣᠯᠣᠭᠰᠠᠨ ᠨᠢᠭᠤᠴᠠ ᠨᠣᠮᠧᠷ᠎ᠦᠨ ᠨᠢᠭᠡ ᠮᠥᠨ ᠭᠡᠳᠡᠭ᠎ᠢ ᠳᠡᠯᠡᠬᠡᠢ ᠨᠡᠢᠭᠡᠮ᠎ᠢᠶᠡᠷ᠎ᠢᠶᠡᠨ ᠮᠡᠳᠡᠷᠡᠵᠦ ᠤᠯᠪᠠ᠃
ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ᠎ᠦ ᠲᠥᠯᠥᠭᠡ ᠮᠡᠨᠳᠦᠯᠡᠪᠡ ᠭᠡᠳᠡᠭ᠎ᠢ ᠲᠠᠯᠡᠬᠡᠢᠳ᠋ᠠᠬᠢᠨ ᠤ ᠬᠢᠨ ᠤᠯᠠᠮ ᠡᠴᠡ ᠤᠯᠠᠮ ᠤᠢᠯᠠᠭᠠᠪᠠ —
ᠶᠡᠷᠦᠩᠬᠡᠢ ᠱᠦᠵᠢ ᠰᠢ ᠵᠢᠨ ᠫᠢᠩ᠂ 《ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠦ ᠲᠡᠮᠡᠴᠡᠬᠦ ᠬᠠᠷᠠᠯᠲᠠ ᠮᠥᠨ》᠂ 《ᠠᠷᠠᠳ ᠲᠦᠮᠡᠨ᠎ᠳᠤ ᠰᠠᠢᠨ ᠰᠠᠢᠬᠠᠨ ᠠᠮᠢᠳᠤᠷᠠᠯ᠎ᠢ ᠡᠳ᠋ᠯᠡᠭᠦᠯᠬᠦ ᠪᠣᠯ ᠪᠢᠳᠡᠨ᠎ᠤ ᠠᠯᠢᠪᠠ ᠠᠵᠢᠯ᠎ᠤᠨ ᠵᠣᠷᠢᠯᠲᠠ ᠪᠠ ᠲᠤᠰᠤᠯᠲᠠ ᠮᠥᠨ》 ᠭᠡᠵᠦ ᠭᠦᠨᠵᠡᠭᠡᠢ ᠵᠢᠭᠠᠵᠤ ᠭᠠᠷᠭᠠᠪᠠ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠡᠴᠡ ᠡᠷᠡᠭᠦᠯ ᠡᠩᠬᠡ ᠳᠤᠮᠳᠠᠳᠤ ᠤᠯᠤᠰ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠂ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠯᠢᠪᠠ ᠠᠵᠢᠯ ᠴᠥᠮ ᠠᠷᠠᠳ ᠲᠦᠮᠡᠨ᠎ᠦ ᠠᠰᠢᠭ᠋ ᠲᠤᠰᠠ᠎ᠶᠢᠨ ᠲᠥᠯᠥᠭᠡ ᠪᠣᠳᠣᠯᠬᠢᠯᠠᠭᠰᠠᠨ ᠶᠤᠮ᠃
《ᠬᠥᠮᠥᠨ ᠠᠮᠠ᠎ᠶᠢᠨ ᠬᠡᠪᠴᠢᠶ᠎ᠡ ᠡᠢᠮᠦ ᠯᠤᠲᠤ ᠶᠡᠬᠡ ᠤᠯᠤᠰ ᠭᠠᠢᠬᠠᠮᠰᠢᠭᠲᠠᠢ ᠪᠡᠷ ᠲᠤᠢᠯ᠎ᠤᠨ ᠶᠠᠳᠠᠭᠤ ᠬᠦᠴᠢᠷᠳᠡᠯ᠎ᠡᠴᠡ ᠠᠩᠭᠢᠵᠢᠷᠠᠪᠠ》᠂ 《ᠡᠨᠳᠡ᠂ ᠤᠨᠢᠶᠠᠷ ᠪᠤᠳᠠᠩ ᠰᠠᠷᠨᠢᠵᠤ᠂ ᠬᠥᠬᠡ ᠣᠭᠲᠠᠷᠭᠤᠢ ᠬᠡᠪ᠎ᠦᠨ ᠪᠠᠢᠳᠠᠯ ᠲᠠᠢ ᠪᠣᠯᠪᠠ》᠂ 《ᠵᠡᠭᠡᠯᠢ ᠭᠤᠳᠤᠮᠵᠢ᠎ᠪᠠᠷ ᠶᠠᠪᠤᠬᠤ ᠪᠡᠷ᠂ ᠴᠠᠭ ᠢᠮᠠᠭᠲᠠ ᠠᠮᠤᠷ ᠲᠦᠪᠰᠢᠨ ᠲᠥᠷᠥᠭᠳᠡᠯ᠎ᠲᠠᠢ ᠪᠠᠢᠨ᠎ᠠ》 ᠁ ᠡᠨᠡ ᠪᠣᠯ ᠭᠠᠳᠠᠭᠠᠳᠤ᠎ᠶᠢᠨ ᠬᠥᠮᠥᠰ ᠳᠤᠮᠳᠠᠳᠤ ᠤᠯᠤᠰ᠎ᠲᠤ ᠢᠷᠡᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠦ ᠡᠳᠦᠷ ᠲᠤᠳᠤᠮ᠎ᠤᠨ ᠠᠮᠢᠳᠤᠷᠠᠯ᠎ᠢ ᠪᠡᠶ᠎ᠡ᠎ᠪᠡᠷ᠎ᠢᠶᠡᠨ ᠥᠩᠭᠡᠷᠡᠭᠦᠯᠦᠭᠰᠡᠨᠦ ᠲᠠᠷᠠᠭᠠᠬᠢ ᠲᠥᠷᠥᠭᠳᠡᠯ ᠪᠣᠯᠣᠨ᠎ᠠ᠃
ᠠᠯᠵᠧᠷᠢᠶ᠎ᠠ᠎ᠶᠢᠨ ᠦᠨᠳᠦᠰᠦᠲᠡᠨ᠎ᠦ ᠠᠷᠠᠳᠴᠢᠯᠠᠭᠰᠠᠨ ᠬᠣᠯᠪᠣᠭ᠎ᠠ᠎ᠶᠢᠨ ᠠᠯᠪᠠᠨ ᠲᠢᠩᠬᠢᠮ᠎ᠦᠨ ᠡᠷᠬᠢᠯᠡᠭᠴᠢ ᠱᠠᠺᠢᠪᠦ᠋·ᠪᠧᠨ ᠊ ᠬᠠᠹᠯᠢ᠂ ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ 《ᠨᠡᠶ᠋ᠢᠲᠡ᠎ᠶᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ ᠪᠠᠷᠢᠬᠤ ᠨᠠᠮ ᠮᠥᠨ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠨᠠᠮ ᠮᠥᠨ》 ᠭᠡᠵᠦ ᠴᠢᠬᠤᠯᠠᠴᠢᠯᠠᠪᠠ᠃ ᠲᠦᠷᠦ ᠪᠠᠷᠢᠬᠤ ᠶᠠᠪᠤᠴᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠦ ᠦᠢᠯᠡᠴᠢᠯᠡᠬᠦ ᠱᠠᠭᠠᠷᠳᠠᠯᠭ᠎ᠠ᠎ᠶᠢ ᠡᠯ᠎ᠡ ᠱᠠᠲᠤ ᠳᠠᠪᠬᠤᠷᠭ᠎ᠠ᠎ᠶᠢᠨ ᠺᠠᠳ᠋ᠷᠴᠤᠳ᠎ᠤᠨ ᠡᠳᠦᠷ ᠲᠤᠳᠤᠮ᠎ᠤᠨ ᠠᠵᠢᠯ᠎ᠳᠤ ᠨᠠᠢᠳᠠᠪᠤᠷᠢᠵᠢᠭᠤᠯᠪᠠ ᠭᠡᠵᠡᠢ᠃
ᠽᠢᠮᠪᠠᠪᠦ᠋ᠸᠧᠢ᠎ᠶᠢᠨ ᠲᠦᠷᠦ ᠪᠠᠷᠢᠭ᠍ᠴᠢ ᠨᠠᠮ ᠪᠤᠯᠬᠤ ᠽᠢᠮᠪᠠᠪᠦ᠋ᠸᠧᠢ᠎ᠶᠢᠨ ᠠᠹᠷᠢᠺᠠ ᠲᠢᠪ᠎ᠦᠨ ᠦᠨᠳᠦᠰᠦᠲᠡᠨ᠎ᠦ ᠬᠣᠯᠪᠣᠭ᠎ᠠ — ᠤᠯᠤᠰ᠎ᠢᠶᠠᠨ ᠬᠠᠢᠷᠠᠯᠠᠬᠤ ᠹᠷᠣᠨᠲ᠎ᠤᠨ ᠮᠡᠳᠡᠭᠡ ᠵᠠᠩᠭᠢ ᠬᠢᠭᠡᠳ ᠤᠬᠠᠭᠤᠯᠬᠤ ᠬᠡᠯᠲᠡᠰ᠎ᠦᠨ ᠡᠷᠬᠢᠯᠡᠭᠴᠢ ᠹᠠᠯᠠᠶᠢ·ᠮᠠᠯᠠᠫᠢᠯᠠ ᠶᠡᠷᠦᠩᠬᠡᠢ ᠱᠦᠵᠢ ᠰᠢ ᠵᠢᠨ ᠫᠢᠩ᠎ᠦᠨ ᠳᠤᠷᠠᠳᠤᠭᠰᠠᠨ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠬᠤ ᠲᠤᠬᠠᠢ ᠭᠦᠨ ᠰᠠᠭᠤᠭᠳᠠᠯ ᠲᠠᠢ ᠪᠠᠢᠯ᠎ᠠ᠃ ᠮᠠᠯᠠᠫᠢᠯᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠤᠯᠤᠰ᠎ᠤᠨ ᠬᠥᠭᠵᠢᠯᠲᠡ᠎ᠶᠢᠨ ᠠᠮᠵᠢᠯᠲᠠ ᠪᠦᠲᠦᠮᠵᠢ ᠨᠢ 《ᠭᠡᠷ ᠪᠦᠯᠢ ᠨᠢᠭᠡ ᠪᠦᠷᠢ᠎ᠶᠢᠨ ᠠᠮᠢᠳᠤᠷᠠᠯ᠎ᠤᠨ ᠲᠦᠪᠰᠢᠨ᠎ᠦ ᠰᠠᠢᠵᠢᠷᠠᠯᠲᠠ ᠳᠡᠭᠡᠷ᠎ᠡ ᠢᠯᠡᠷᠡᠵᠦ ᠪᠠᠢᠨ᠎ᠠ》 ᠭᠡᠵᠦ ᠬᠡᠯᠡᠪᠡ᠃
《ᠨᠢᠭᠡ ᠲᠦᠷᠦ᠎ᠶᠢᠨ ᠨᠠᠮ᠎ᠤᠨ ᠠᠮᠵᠢᠯᠲᠠ ᠣᠯᠬᠤ ᠡᠰᠡᠬᠦ᠎ᠶᠢᠨ ᠨᠢᠭᠡᠨ ᠴᠢᠬᠤᠯᠠ ᠬᠡᠮᠵᠢᠯᠲᠡ᠎ᠶᠢᠨ ᠪᠡᠯᠭᠡ ᠲᠡᠮᠳᠡᠭ ᠪᠣᠯ ᠲᠠᠷᠤᠢ ᠲᠡᠭᠦᠨ᠎ᠦ ᠠᠷᠠᠳ᠎ᠤᠨ ᠠᠮᠢᠳᠤᠷᠠᠯ᠎ᠤᠨ ᠲᠦᠪᠰᠢᠨ᠎ᠢ ᠰᠠᠢᠵᠢᠷᠠᠭᠤᠯᠬᠤ ᠴᠢᠳᠠᠪᠤᠷᠢ ᠪᠣᠯᠣᠨ᠎ᠠ》᠃ ᠲᠠᠨᠽᠠᠨᠢᠶ᠎ᠠ᠎ᠶᠢᠨ ᠤᠯᠤᠰ᠎ᠤᠨ ᠬᠤᠷᠠᠯ᠎ᠤᠨ ᠵᠥᠪᠯᠡᠯᠭᠡᠨ᠎ᠦ ᠭᠡᠰᠢᠭᠦᠨ ᠨᠢᠮ᠎ᠠ·ᠮᠠᠵᠦ᠋ᠯᠠᠢ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠵᠡᠷᠭᠡ ᠬᠦᠷᠢᠶᠡᠨ᠎ᠳᠦ ᠢᠯᠡᠳᠲᠡ ᠠᠮᠵᠢᠯᠲᠠ ᠪᠦᠲᠦᠮᠵᠢ ᠣᠯᠣᠭᠰᠠᠨ ᠨᠢ ᠲᠡᠭᠦᠨ᠎ᠦ ᠲᠦᠷᠦ ᠪᠠᠷᠢᠭ᠍ᠰᠠᠨ ᠦᠷ᠎ᠡ ᠪᠦᠲᠦᠮᠵᠢ᠎ᠶᠢ ᠦᠨᠡᠯᠡᠬᠦ ᠬᠠᠮᠤᠭ᠎ᠤᠨ ᠰᠢᠭᠤᠳ ᠬᠠᠷᠢᠭᠤᠯᠲᠠ ᠪᠣᠯᠣᠨ᠎ᠠ ᠭᠡᠵᠦ ᠬᠡᠯᠡᠪᠡ᠃
ᠳᠡᠯᠡᠬᠡᠢ ᠳ᠋ᠠᠬᠢᠨ᠎ᠢᠶᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠦ ᠲᠥᠯᠥᠭᠡ ᠬᠥᠭᠵᠢᠨ ᠮᠠᠨᠳᠤᠬᠰᠠᠨ ᠭᠡᠳᠡᠭ᠎ᠢ ᠤᠯᠠᠮ᠎ᠡᠴᠡ ᠤᠯᠠᠮ ᠤᠢᠯᠠᠭᠠᠪᠡ —
ᠶᠡᠷᠦᠩᠬᠡᠢ ᠱᠦᠵᠢ ᠰᠢ᠎ᠶᠢᠨ ᠫᠢᠩ 《ᠨᠠᠮ᠎ᠤᠨ ᠦᠨᠳᠦᠰᠦ ᠰᠠᠭᠤᠷᠢ ᠠᠷᠠᠳ ᠲᠦᠮᠡᠨ᠎ᠳᠦ ᠪᠤᠢ᠂ ᠤᠳᠤᠮ ᠤᠯᠠᠮᠵᠢᠯᠠᠯ ᠠᠷᠠᠳ ᠲᠦᠮᠡᠨ᠎ᠳᠦ ᠪᠤᠢ᠂ ᠬᠦᠴᠦᠨ ᠴᠢᠳᠠᠯ ᠠᠷᠠᠳ ᠲᠦᠮᠡᠨ᠎ᠳᠦ ᠪᠤᠢ》᠂ 《ᠠᠷᠠᠳ ᠲᠦᠮᠡᠨ ᠪᠣᠯ ᠲᠡᠦᠬᠡ᠎ᠶᠢᠨ ᠡᠭᠦᠳᠦᠨ ᠪᠦᠲᠦᠭᠡᠭᠴᠢ ᠮᠥᠨ᠂ ᠨᠠᠮ ᠪᠣᠯᠣᠨ ᠤᠯᠤᠰ᠎ᠤᠨ ᠢᠷᠡᠭᠡᠳᠦᠢ ᠬᠤᠪᠢ ᠵᠠᠶᠠᠭ᠎ᠠ᠎ᠶᠢ ᠲᠣᠭᠲᠠᠭᠠᠬᠤ ᠦᠨᠳᠦᠰᠦᠨ ᠬᠦᠴᠦᠨ ᠮᠥᠨ》᠂ 《ᠠᠷᠠᠳ ᠲᠦᠮᠡᠨ᠎ᠢᠶᠡᠷ ᠪᠠᠭ᠍ᠰᠢ ᠪᠠᠷᠢᠵᠤ᠂ ᠠᠷᠠᠳ ᠲᠦᠮᠡᠨ᠎ᠡᠴᠡ ᠰᠤᠷᠤᠯᠴᠠᠬᠤ ᠬᠡᠷᠡᠭᠲᠡᠢ》 ᠭᠡᠵᠦ ᠵᠢᠭᠠᠵᠤ ᠭᠠᠷᠭᠠᠪᠠ᠃
《ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ ᠡᠬᠢᠨ᠎ᠦ ᠦᠶ᠎ᠡ᠎ᠡᠴᠡ᠎ᠪᠡᠨ ᠳᠠᠷᠤᠢ ᠥᠷᠭᠡᠨ ᠤᠯᠠᠨ ᠠᠷᠠᠳ ᠲᠦᠮᠡᠨ᠎ᠦ ᠳᠤᠮᠳᠠ᠎ᠡᠴᠡ ᠬᠦᠴᠦᠨ ᠴᠢᠳᠠᠯ ᠣᠯᠵᠤ ᠢᠷᠡᠭᠰᠡᠨ ᠶᠤᠮ᠂ ᠤᠳᠤ ᠮᠥᠨ ᠯᠡ ᠠᠷᠠᠳ ᠲᠦᠮᠡᠨ᠎ᠦ ᠬᠦᠴᠦᠨ᠎ᠳᠦ ᠲᠦᠰᠢᠭᠯᠡᠬᠦ᠎ᠶᠢ ᠴᠢᠬᠤᠯᠠᠴᠢᠯᠠᠭᠰᠠᠭᠠᠷ ᠪᠠᠢᠨ᠎ᠠ》᠃ ᠭᠧᠷᠮᠠᠨ᠎ᠤ ᠪᠧᠷᠯᠢᠨᠤ ᠫᠷᠦ᠋ᠰ ᠨᠡᠢᠭᠡᠮᠯᠢᠭ᠎ᠦᠨ ᠨᠡᠷ᠎ᠡ ᠬᠦᠨᠳᠦᠲᠦ ᠲᠡᠷᠢᠭᠦᠯᠡᠭᠴᠢ ᠹᠦᠯᠺᠧᠷ·ᠴᠠᠫᠦ᠋ᠺ ᠤ᠋ᠨ ᠦᠵᠡᠬᠦ᠎ᠪᠡᠷ᠂ ᠦᠨᠳᠦᠰᠦᠨ ᠱᠠᠲᠤᠨ᠎ᠳᠤ ᠦᠨᠳᠦᠰᠦ ᠬᠠᠳᠬᠤᠭᠰᠠᠨ ᠲᠦᠭ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠳ ᠠᠷᠠᠳ ᠲᠦᠮᠡᠨ᠎ᠲᠠᠢ ᠬᠠᠮᠲᠤ ᠪᠠᠢᠵᠤ᠂ ᠠᠷᠠᠳ ᠲᠦᠮᠡᠨ᠎ᠳᠦ ᠪᠣᠳᠠᠲᠠᠢ ᠠᠵᠢᠯ ᠬᠢᠬᠦ᠎ᠶᠢ ᠡᠷᠬᠢᠮᠯᠡᠵᠦ᠂ ᠡᠭᠦᠨ᠎ᠦ ᠤᠯᠠᠮ᠎ᠡᠴᠡ ᠡᠯᠪᠡᠭ ᠪᠠᠶᠠᠯᠢᠭ᠋ ᠦᠢᠯᠡᠳᠦᠯᠭᠡ᠎ᠪᠡᠨ ᠪᠦᠬᠦᠶ᠋ᠢᠯᠡ ᠵᠠᠰᠠᠯᠲᠠ᠎ᠶᠢᠨ ᠰᠢᠰᠲᠧᠮ᠎ᠳᠦ ᠳᠠᠮᠵᠢᠭᠤᠯᠬᠤ᠎ᠶᠢ ᠡᠷᠬᠢᠮᠯᠡᠳᠡᠭ᠃
《ᠳᠤᠮᠳᠠᠳᠤ ᠤᠯᠤᠰ᠎ᠤᠨ ᠪᠦᠬᠦ ᠶᠠᠪᠤᠴᠠ ᠶ᠋ᠢᠨ ᠠᠷᠠᠳ᠎ᠤᠨ ᠠᠷᠠᠳᠴᠢᠯᠠᠯ ᠨᠢ ᠨᠡᠢᠭᠡᠮ᠎ᠦᠨ ᠠᠳᠠᠯᠢ ᠪᠤᠰᠤ ᠬᠦᠮᠦᠰ ᠢ᠋ ᠴᠥᠮ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠣᠷᠣᠯᠴᠠᠭᠤᠯᠵᠤ ᠴᠢᠳᠠᠬᠤ ᠪᠣᠯᠭᠠᠵᠠᠢ》᠂ 《ᠳᠤᠮᠳᠠᠳᠤ ᠤᠯᠤᠰ ᠲᠠᠪᠤᠨ ᠵᠢᠯ᠎ᠦᠨ ᠲᠥᠯᠦᠪᠵᠢᠭᠦᠯᠭᠡ ᠲᠣᠭᠲᠠᠭᠠᠬᠤ ᠶᠠᠪᠤᠴᠠ᠎ᠳᠠᠭᠠᠨ ᠠᠷᠠᠳ ᠲᠦᠮᠡᠨ᠎ᠦ ᠬᠦᠰᠡᠯ ᠱᠠᠭᠠᠷᠳᠠᠯᠭ᠎ᠠ ᠶ᠋ᠢ ᠰᠣᠨᠣᠰᠴᠤ᠂ ᠡᠷᠳᠡᠮ ᠰᠢᠨᠵᠢᠯᠡᠭᠡᠨ᠎ᠦ ᠬᠢᠨ᠎ᠦ ᠦᠵᠡᠯᠲᠡ ᠶ᠋ᠢ ᠰᠢᠩᠭᠡᠬᠡᠨ ᠠᠪᠴᠤ᠂ ᠠᠵᠤ ᠠᠬᠤᠢᠯᠠᠯ᠎ᠤᠨ ᠬᠡᠷᠡᠭᠴᠡᠭᠡ ᠶ᠋ᠢ ᠠᠩᠬᠠᠷᠴᠤ ᠪᠠᠢᠨ᠎ᠠ》᠂ 《ᠣᠷᠣᠨ ᠨᠤᠲᠤᠭ᠎ᠤᠨ ᠬᠥᠭᠵᠢᠯᠲᠡ ᠶ᠋ᠢᠨ ᠬᠠᠯᠠᠭᠤᠨ ᠰᠡᠳᠬᠢᠯᠭᠡ᠂ ᠮᠡᠷᠭᠡᠵᠢᠯ᠎ᠦᠨ ᠰᠢᠨᠡᠴᠢᠯᠡᠯᠲᠡ ᠪᠣᠯᠣᠨ ᠵᠠᠬ᠎ᠠ ᠳᠡᠯᠭᠡᠭᠦᠷ᠎ᠦᠨ ᠥᠷᠢᠰᠦᠯᠳᠦᠭᠡᠨ ᠬᠠᠷᠢᠯᠴᠠᠨ ᠰᠢᠷᠦᠭᠦᠰᠴᠦ᠂ ᠪᠣᠬᠢᠷᠲᠤᠯ ᠦᠭᠡᠢ ᠰᠢᠨ᠎ᠡ᠎ᠶᠢ ᠡᠭᠦᠳᠬᠦ ᠨᠢ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ》 ᠁ ᠡᠨᠡ ᠪᠣᠯ ᠭᠠᠳᠠᠭᠠᠳᠤ᠎ᠶᠢᠨ ᠬᠥᠮᠥᠰ᠎ᠦᠨ ᠠᠵᠢᠭ᠍ᠯᠠᠵᠤ ᠣᠯᠣᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠭ᠎ᠠ ᠪᠣᠳᠣᠯᠭ᠎ᠠ᠎ᠶᠢ ᠠᠷᠠᠳ ᠡᠴᠡ ᠠᠰᠠᠭᠤᠬᠤ᠂ ᠤᠶᠤᠨ ᠤᠬᠠᠭᠠᠨ᠎ᠢ ᠠᠷᠠᠳ᠎ᠲᠤ ᠲᠥᠪᠯᠡᠷᠡᠭᠦᠯᠬᠦ᠂ ᠬᠦᠴᠦᠨ᠎ᠢ ᠠᠷᠠᠳ᠎ᠲᠤ ᠲᠥᠪᠯᠡᠷᠡᠭᠦᠯᠬᠦ ᠵᠠᠰᠠᠯᠲᠠ᠎ᠶᠢᠨ ᠵᠢᠷᠤᠭ ᠲᠥᠰᠥᠪ ᠪᠣᠯᠣᠨ᠎ᠠ᠃
ᠠᠮᠧᠷᠢᠺᠠ᠎ᠶᠢᠨ ᠺᠦᠡᠧᠨ ᠰᠠᠭᠤᠷᠢ ᠮᠥᠩᠭᠥᠨ᠎ᠦ ᠨᠡᠢᠭᠡᠮᠯᠢᠭ᠎ᠦᠨ ᠲᠡᠷᠢᠭᠦᠯᠡᠭᠴᠢ ᠷᠤᠪᠸᠷᠲ· ᠯᠤᠷᠸᠨ᠋ᠰ· ᠺᠦᠡᠧᠨ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ᠎ᠤᠨ ᠰᠠᠨᠠᠭ᠎ᠠ᠎ᠶᠢ ᠥᠷᠭᠡᠨ᠎ᠢᠶᠡᠷ ᠰᠣᠨᠣᠰᠴᠤ ᠬᠦᠨᠳᠦᠳᠬᠡᠵᠦ ᠢᠷᠡᠭᠰᠡᠨ ᠶᠤᠮ᠃ ᠡᠳᠡᠭᠡᠷ ᠰᠠᠨᠠᠯ ᠨᠢ ᠨᠠᠮ᠎ᠤᠨ ᠳᠣᠲᠣᠭᠠᠳᠤ᠎ᠡᠴᠡ ᠢᠷᠡᠭᠰᠡᠨ ᠴᠦ᠍ ᠲᠡᠷᠡ᠂ ᠨᠠᠮ᠎ᠤᠨ ᠭᠠᠳᠠᠨ᠎ᠠ᠎ᠡᠴᠡ ᠢᠷᠡᠭᠰᠡᠨ ᠴᠦ᠍ ᠲᠡᠷᠡ᠃ ᠥᠷᠥᠨᠡᠳᠠᠬᠢᠨ᠎ᠤ ᠵᠠᠷᠢᠮ ᠲᠦᠷᠦ᠎ᠶᠢᠨ ᠨᠠᠮ ᠵᠥᠪᠬᠡᠨ ᠣᠨᠴᠠ ᠲᠣᠭᠲᠠᠭᠰᠠᠨ ᠰᠣᠩᠭᠣᠭᠤᠯᠢ᠎ᠶᠢᠨ ᠠᠷᠠᠳ᠎ᠤᠨ ᠠᠰᠢᠭ᠋ ᠲᠤᠰᠠ᠎ᠳᠤ ᠦᠢᠯᠡᠴᠢᠯᠡᠬᠦ᠎ᠲᠠᠢ ᠠᠳᠠᠯᠢ ᠦᠭᠡᠢ ᠶᠤᠮ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠦ ᠪᠦᠬᠦᠯᠢ ᠴᠣᠭᠴᠠ᠎ᠶᠢᠨ ᠠᠵᠠ ᠵᠢᠷᠭᠠᠯ᠎ᠢ ᠳᠡᠭᠡᠭᠰᠢᠯᠡᠬᠦᠯᠬᠦ ᠵᠢᠨ ᠲᠦᠯᠦᠭᠡ ᠶᠤᠮ᠃
ᠲᠦᠷᠦ ᠭᠦᠷᠦᠨ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ ᠬᠦᠷᠦᠨ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢᠶᠡᠷ ᠭᠣᠣᠯ ᠪᠣᠯᠭᠠᠭᠰᠠᠨ ᠦᠵᠡᠯ ᠰᠠᠨᠠᠭ᠎ᠠ ᠪᠣᠯᠣᠨ ᠦᠢᠯᠡᠳᠦᠯᠭᠡ ᠨᠢ ᠳᠡᠯᠡᠬᠡᠢ᠎ᠶᠢᠨ ᠲᠦᠷᠦ᠎ᠶᠢᠨ ᠨᠠᠮ᠎ᠤᠨ ᠪᠠᠢᠭᠤᠯᠤᠯᠲᠠ ᠪᠣᠯᠣᠨ ᠤᠯᠤᠰ᠎ᠤᠨ ᠵᠠᠰᠠᠯᠲᠠ᠎ᠳᠤ ᠴᠢᠬᠤᠯᠠ ᠰᠡᠩᠬᠡᠷᠡᠭᠦᠯᠦᠯ ᠣᠯᠭᠣᠵᠠᠢ᠃
ᠭᠧᠷᠮᠠᠨ᠎ᠤ ᠳ᠋ᠢᠤᠢᠰᠪᠦ᠋ᠷᠡᠭ — ᠢᠰᠧᠨ ᠶᠡᠬᠡ ᠰᠤᠷᠭᠠᠭᠤᠯᠢ᠎ᠶᠢᠨ ᠬᠢᠲᠠᠳᠴᠢ ᠡᠷᠳᠡᠮᠳᠡᠨ ᠲᠣᠮᠠᠰ·ᠬᠠᠢ᠍ᠢᠪᠸᠢᠢᠯᠧ 《ᠹᠷᠠᠨᠺᠹᠦ᠋ᠷᠲ᠎ᠤᠨ ᠬᠠᠷᠢᠭᠤ ᠮᠡᠳᠡᠭᠦᠯᠦᠯᠲᠡ》 ᠵᠢᠨ ᠰᠣᠷᠪᠤᠯᠵᠢᠯᠠᠭ᠎ᠠ᠎ᠶᠢ ᠬᠦᠯᠢᠶᠡᠬᠦ᠎ᠳᠡᠭᠡᠨ᠂ ᠳᠤᠮᠳᠠᠳᠤ ᠤᠯᠤᠰ᠎ᠤᠨ ᠡᠪ ᠬᠠᠮᠲᠤ ᠨᠠᠮ 《ᠪᠤᠢ ᠪᠦᠬᠦᠢ ᠣᠨᠴᠠᠭᠠᠢ ᠠᠰᠢᠭ᠋ ᠲᠤᠰᠠ᠂ ᠪᠦᠯᠦᠭᠯᠡᠯ᠎ᠦᠨ ᠠᠰᠢᠭ᠋ ᠲᠤᠰᠠ᠎ᠡᠴᠡ ᠳᠠᠪᠠᠵᠤ》᠂ ᠤᠯᠤᠰ᠎ᠤᠨ ᠬᠥᠭᠵᠢᠯᠲᠡ᠎ᠶᠢ ᠪᠡᠶᠡᠯᠡᠭᠦᠯᠬᠦ᠂ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩ᠎ᠢ ᠬᠤᠪᠢᠷᠠᠰᠢ ᠦᠭᠡᠢ ᠡᠭᠦᠷᠭᠡ ᠬᠠᠷᠢᠭᠤᠴᠠᠯᠭ᠎ᠠ᠎ᠪᠠᠨ ᠪᠣᠯᠭᠠᠨ᠎ᠠ ᠭᠡᠵᠦ ᠢᠯᠡᠳᠬᠡᠪᠡ᠃
ᠰᠸᠷᠪᠢᠶ᠎ᠠ᠎ᠶᠢᠨ ᠣᠯᠠᠨ ᠤᠯᠤᠰ ᠤᠨ ᠬᠠᠷᠢᠴᠠᠭ᠎ᠠ ᠬᠢᠭᠡᠳ ᠦᠷᠭᠦᠯᠵᠢᠯᠡᠬᠦ ᠬᠥᠭᠵᠢᠯᠲᠡ᠎ᠶᠢᠨ ᠲᠥᠪ᠎ᠦᠨ ᠳᠡᠳ᠋ ᠲᠡᠷᠢᠭᠦᠯᠡᠭᠴᠢ ᠰᠲᠸᠹᠠᠨ·ᠶᠦ᠋ᠧᠧᠸᠠᠨᠨᠦ᠋ᠧᠧᠸᠢᠴᠢ ᠠᠩᠬᠠᠷᠤᠯ᠎ᠳᠠᠭᠠᠨ ᠠᠪᠤᠭᠰᠠᠨ ᠨᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠺᠠᠳ᠋ᠷᠴᠤᠳ ᠶᠡᠷᠦ᠎ᠳᠡᠭᠡᠨ ᠠᠳᠠᠯᠢ ᠪᠤᠰᠤ ᠲᠡᠰ ᠳᠠᠪᠬᠤᠷᠭ᠎ᠠ᠎ᠶᠢᠨ ᠠᠵᠢᠯ᠎ᠤᠨ ᠪᠠᠢᠷᠢ᠎ᠶᠢᠨ ᠳᠠᠪᠲᠠᠯᠲᠠ᠎ᠶᠢ ᠥᠩᠭᠡᠷᠡᠭᠡᠵᠦ᠂ ᠢᠯᠠᠩᠭᠤᠶ᠎ᠠ ᠠᠵᠤ ᠠᠬᠤᠢ᠎ᠶᠢᠨ ᠬᠥᠭᠵᠢᠯᠲᠡ᠂ ᠶᠠᠳᠠᠭᠤ᠎ᠡᠴᠡ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ᠂ ᠠᠮᠢ ᠠᠬᠤᠢ᠎ᠶᠢᠨ ᠬᠠᠮᠠᠭᠠᠯᠠᠯᠲᠠ ᠵᠡᠷᠭᠡ ᠠᠵᠢᠯ᠎ᠤᠨ ᠳᠤᠮᠳᠠ ᠰᠢᠯᠭᠠᠯᠲᠠ᠎ᠶᠢ ᠬᠦᠯᠢᠶᠡᠳᠡᠭ᠂ ᠡᠭᠦᠨ᠎ᠡᠴᠡ ᠪᠣᠯᠵᠤ ᠦᠨᠳᠦᠰᠦᠨ ᠱᠠᠲᠤᠨ᠎ᠤ ᠪᠣᠳᠠᠲᠤ ᠪᠠᠢᠳᠠᠯ᠎ᠢ ᠨᠡᠩ ᠭᠦᠨᠵᠡᠭᠡᠢ ᠣᠢᠯᠠᠭᠠᠵᠤ᠂ ᠠᠷᠠᠳ ᠲᠦᠮᠡᠨ᠎ᠦ ᠬᠡᠷᠡᠭᠴᠡᠭᠡ᠎ᠶᠢ ᠨᠡᠩ ᠢᠯᠡᠭᠦᠦ ᠣᠢᠯᠠᠭᠠᠳᠠᠭ ᠶᠤᠮ᠃
《ᠳᠤᠮᠳᠠᠳᠤ ᠤᠯᠤᠰ᠎ᠤᠨ ᠡᠪ ᠬᠠᠮᠲᠤ ᠨᠠᠮ ᠲᠠᠰᠤᠷᠠᠯᠳᠠ ᠦᠭᠡᠢ ᠬᠥᠭᠵᠢᠨ ᠪᠤᠵᠠᠭᠠᠢᠷᠠᠵᠤ ᠴᠢᠳᠠᠭᠰᠠᠨ᠎ᠤ ᠨᠢᠭᠡᠨ ᠴᠢᠬᠤᠯᠠ ᠰᠢᠯᠲᠠᠭᠠᠨ ᠪᠣᠯ ᠳᠠᠷᠤᠢ ᠠᠷᠠᠳ ᠲᠦᠮᠡᠨ᠎ᠲᠠᠢ ᠢᠮᠠᠭᠲᠠ ᠨᠢᠭ᠍ᠲᠠ ᠬᠠᠷᠢᠯᠴᠠᠭ᠎ᠠ᠎ᠲᠠᠢ ᠪᠠᠢᠳᠠᠭ᠎ᠲᠤ ᠣᠷᠣᠰᠢᠨ᠎ᠠ》 ᠭᠡᠵᠦ ᠶᠤᠷᠲᠠᠨᠤ ᠡᠪ ᠬᠠᠮᠲᠤ ᠨᠠᠮ᠎ᠤᠨ ᠳᠡᠳ᠋ ᠶᠡᠷᠦᠩᠬᠡᠢ ᠱᠦᠵᠢ ᠪᠠᠯᠺᠠᠲ·ᠱᠧᠨᠠᠢ᠍ᠢᠺᠠᠲ ᠬᠡᠯᠡᠪᠡ᠃
105 ᠵᠢᠯ᠎ᠦᠨ ᠲᠤᠷᠰᠢ᠂ ᠵᠢᠵᠢᠭᠬᠡᠨ ᠤᠯᠠᠭᠠᠨ ᠣᠩᠭᠣᠴᠠ ᠬᠦᠨᠳᠦ ᠶᠡᠬᠡ ᠬᠠᠷᠢᠭᠤᠴᠠᠯᠭ᠎ᠠ᠎ᠶᠢ ᠡᠭᠦᠷᠭᠡᠯᠡᠭᠰᠡᠨ ᠡᠴᠡ ᠠᠪᠤᠭᠠᠳ ᠳᠤᠮᠳᠠᠳᠤ ᠤᠯᠤᠰ᠎ᠤᠨ ᠲᠣᠮᠣ᠌ ᠬᠥᠯᠭᠡ ᠣᠩᠭᠣᠴᠠ᠎ᠶᠢ ᠳᠠᠭᠠᠭᠤᠯᠤᠨ ᠯᠠᠪᠳᠠᠭᠤᠨ᠎ᠢᠶᠠᠷ ᠬᠤᠯᠠ ᠠᠶᠠᠯᠠᠭᠰᠠᠨ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠠᠷᠠᠳ ᠲᠦᠮᠡᠨ᠎ᠲᠠᠢ ᠵᠢᠷᠭᠠᠯ ᠵᠣᠪᠠᠯᠠᠩ᠎ᠢᠶᠠᠨ ᠬᠠᠮᠲᠤᠳᠬᠠᠪᠠ᠃ ᠳᠡᠯᠡᠬᠡᠢ ᠳ᠋ᠠᠬᠢᠨ᠎ᠤ ᠨᠢᠳᠦᠨ᠎ᠳᠦ᠂ ᠡᠨᠡ ᠬᠦ᠌ 《ᠠᠯᠢᠪᠠ ᠪᠦᠬᠦᠨ᠎ᠳᠦ ᠠᠷᠠᠳ ᠲᠦᠮᠡᠨ᠎ᠦ ᠲᠥᠯᠥᠭᠡ ᠪᠠᠢᠬᠤ᠂ ᠠᠯᠢᠪᠠ ᠪᠦᠬᠦᠨ᠎ᠳᠦ ᠠᠷᠠᠳ ᠲᠦᠮᠡᠨ᠎ᠢ ᠲᠦᠰᠢᠭᠯᠡᠬᠦ》 ᠢ᠋ᠢ ᠪᠠᠷᠢᠮᠲᠠᠯᠠᠳᠠᠭ ᠵᠠᠭᠤᠨ ᠵᠢᠯ᠎ᠦᠨ ᠲᠤᠮᠤ ᠨᠠᠮ ᠨᠢ ᠤᠯᠠᠷᠢᠯ ᠬᠤᠪᠢᠰᠤᠯᠲᠠ᠎ᠶᠢ ᠥᠩᠭᠡᠷᠡᠭᠡᠭᠰᠡᠨ ᠪᠥᠭᠡᠳ ᠴᠤᠭ ᠵᠢᠪᠬᠤᠭ᠎ᠠ ᠲᠠᠢ ᠬᠥᠭᠵᠢᠨ ᠪᠠᠳᠠᠷᠠᠭᠰᠠᠨ ᠶᠤᠮ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 28 ᠤ᠋ ᠴᠠᠬᠢᠯᠭᠠᠨ ᠮᠡᠳᠡᠭᠡ)