ᠦᠪᠦᠷ ᠮᠤᠩᠭᠤᠯ᠎ᠤᠨ ᠤᠯᠤᠰ ᠲᠥᠷᠥ᠎ᠶᠢᠨ ᠵᠥᠪᠯᠡᠯᠭᠡᠨ ᠺᠠᠳ᠋ᠷ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ ᠡᠷᠭᠢᠯᠡᠵᠡᠢ
2026-06-30 10:02:08
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ ᠣᠢᠷ᠎ᠠ᠎ᠳᠤ 《ᠴᠢᠯᠦᠭᠡᠲᠦ ᠠᠷᠠᠯᠵᠢᠶᠠᠨ᠎ᠤ ᠣᠷᠣᠨ᠎ᠤ ᠬᠥᠳᠡᠯᠦᠩᠭᠦᠢ ᠦᠢᠯᠡᠳᠦᠯᠭᠡ ᠵᠢᠴᠢ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠣᠷᠣᠨ᠎ᠤ ᠪᠦᠲᠦᠭᠡᠨ ᠪᠠᠢᠭᠤᠯᠤᠯᠲᠠ᠎ᠶᠢᠨ ᠲᠤᠬᠠᠢ ᠪᠣᠳᠣᠯᠬᠢᠯᠠᠯ》 ᠤ᠋ᠨ ᠲᠤᠰᠬᠠᠢ ᠰᠡᠳᠦᠪᠲᠦ ᠲᠠᠢᠯᠤᠮᠵᠢ ᠵᠢᠴᠢ ᠪᠠᠢᠭᠤᠯᠭ᠎ᠠ᠎ᠶᠢᠨ ᠺᠠᠳ᠋ᠷ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ ᠡᠷᠭᠢᠯᠡᠪᠡ᠃

ᠲᠣᠰ ᠤᠳᠠᠭᠠᠨ᠎ᠤ ᠲᠠᠢᠯᠤᠮᠵᠢ᠎ᠳᠤ ᠱᠠᠩᠬᠠᠢ᠎ᠶᠢᠨ ᠲᠡᠯᠡᠶ᠎ᠶᠢᠨ ᠶᠠᠪᠤᠳᠠᠯ᠎ᠤᠨ ᠶᠡᠬᠡ ᠰᠤᠷᠭᠠᠭᠤᠯᠢ᠎ᠶᠢᠨ ᠤᠤᠯ᠎ᠤᠨ ᠵᠠᠬᠢᠷᠤᠯ᠂ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠲᠡᠯᠡᠶ᠎ᠶᠢᠨ ᠠᠶᠠᠯᠠᠯ᠎ᠤᠨ ᠰᠤᠳᠤᠯᠭᠠᠨ᠎ᠤ ᠨᠡᠢᠭᠡᠮᠯᠢᠭ᠎ᠦᠨ ᠬᠡᠷᠡᠭ ᠡᠷᠬᠢᠯᠡᠭᠴᠢᠳ᠎ᠦᠨ ᠳᠠᠷᠤᠭ᠎ᠠ ᠬᠤᠸᠠᠩ ᠶᠢᠦ ᠹᠠᠩ ᠫᠷᠤᠹᠧᠰᠰᠤᠷ᠎ᠢ ᠤᠷᠢᠵᠤ ᠲᠤᠰᠬᠠᠢ ᠰᠡᠳᠦᠪᠲᠦ ᠲᠠᠢᠯᠤᠮᠵᠢ ᠬᠢᠯᠭᠡᠵᠦ᠂ ᠬᠤᠸᠠᠩ ᠶᠢᠦ ᠹᠠᠩ ᠫᠷᠤᠹᠧᠰᠰᠤᠷ ᠡᠴᠡ ᠴᠢᠯᠦᠭᠡᠲᠦ ᠠᠷᠠᠯᠵᠢᠶᠠᠨ᠎ᠤ ᠣᠷᠣᠨ᠎ᠤ ᠲᠣᠮᠢᠶᠠᠯᠠᠯ ᠪᠠ ᠦᠨᠡᠯᠡᠯᠲᠡ᠂ ᠬᠥᠭᠵᠢᠯᠲᠡ ᠪᠠ ᠪᠤᠳᠠᠳᠦ ᠵᠢᠱ᠌ᠢᠶ᠎ᠡ᠂ ᠰᠢᠨ᠎ᠡ᠎ᠶᠢ ᠡᠭᠦᠳᠬᠦ ᠪᠠ ᠦᠢᠯᠡᠳᠦᠯᠭᠡ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠪᠣᠳᠣᠯᠬᠢᠯᠠᠯ ᠵᠡᠷᠭᠡ ᠳᠥᠷᠪᠡᠨ ᠲᠠᠯ᠎ᠠ᠎ᠶᠢᠨ ᠲᠣᠭᠣᠷᠢᠨ᠎ᠳᠤ ᠭᠦᠨᠵᠡᠭᠡᠢ ᠲᠠᠢᠯᠪᠤᠷᠢᠯᠠᠯᠲᠠ ᠬᠢᠪᠡ᠃ ᠲᠠᠢᠯᠤᠮᠵᠢ᠎ᠶᠢᠨ ᠠᠭᠤᠯᠭ᠎ᠠ ᠨᠢ ᠨᠠᠷᠢᠨ ᠪᠣᠳᠠᠲᠠᠢ᠂ ᠪᠤᠳᠠᠳᠦ ᠵᠢᠱ᠌ᠢᠶ᠎ᠡ ᠨᠢ ᠡᠯᠪᠡᠭ ᠪᠠᠶᠠᠯᠢᠭ᠋ ᠪᠠᠢᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠴᠢᠭᠯᠡᠬᠦᠯᠦᠨ ᠳᠤᠷᠠᠳᠤᠭᠰᠠᠨ ᠠᠷᠭᠠᠴᠠᠭᠠᠬᠤ ᠪᠣᠳᠣᠯᠭ᠎ᠠ᠎ᠶᠢᠨ ᠰᠠᠨᠠᠭᠤᠯᠭ᠎ᠠ ᠨᠢ ᠮᠠᠰᠢ ᠴᠢᠩᠭ᠎ᠠ ᠣᠨᠣᠯ᠎ᠤᠨ ᠪᠠᠷᠠᠯᠠᠯᠲᠦ ᠴᠢᠨᠠᠷ ᠪᠠ ᠦᠢᠯᠡᠳᠦᠯᠭᠡ᠎ᠶᠢᠨ ᠬᠠᠨᠳᠤᠯᠭᠠᠲᠤ ᠴᠢᠨᠠᠷ᠎ᠲᠠᠢ ᠪᠠᠢᠵᠤ᠂ ᠬᠤᠷᠠᠯ᠎ᠳᠤ ᠣᠷᠣᠯᠴᠠᠭᠰᠠᠳ᠎ᠤᠨ ᠴᠢᠯᠦᠭᠡᠲᠦ ᠠᠷᠠᠯᠵᠢᠶᠠᠨ᠎ᠤ ᠣᠷᠣᠨ᠎ᠤ ᠪᠦᠲᠦᠭᠡᠨ ᠪᠠᠢᠭᠤᠯᠤᠯᠲᠠ᠎ᠶᠢᠨ ᠠᠭᠤᠯᠤᠭᠳᠠᠬᠤᠨ᠎ᠢ ᠭᠦᠨᠵᠡᠭᠡᠢ ᠣᠢᠯᠠᠭᠠᠬᠤ᠂ ᠳᠦᠷᠢᠮ᠎ᠦᠨ ᠰᠢᠨ᠎ᠡ᠎ᠶᠢ ᠡᠭᠦᠳᠬᠦ ᠱᠠᠭᠠᠷᠳᠠᠯᠭ᠎ᠠ᠎ᠶᠢ ᠰᠢᠰᠲᠧᠮ᠎ᠲᠠᠢ ᠡᠵᠡᠮᠰᠢᠬᠦ᠎ᠳᠦ ᠵᠢᠯᠤᠭᠤᠳᠤᠯᠭ᠎ᠠ ᠬᠠᠩᠭᠠᠪᠠ᠃

ᠣᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠭᠠᠳᠠᠭᠠᠳᠤ ᠨᠡᠭᠡᠭᠡᠯᠲᠡ᠎ᠶᠢᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠤᠯᠤᠰ ᠲᠥᠷᠥ᠎ᠶᠢᠨ ᠵᠥᠪᠯᠡᠯᠭᠡᠨ᠎ᠦ ᠡᠭᠦᠷᠭᠡ ᠴᠢᠳᠠᠪᠬᠢ᠎ᠳᠤ ᠰᠠᠭᠤᠷᠢᠯᠠᠵᠤ᠂ ᠪᠥᠬᠥ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠡᠴᠡ᠎ᠪᠠᠨ ᠦᠢᠯᠡᠴᠢᠯᠡᠨ᠂ ᠮᠠᠨ᠎ᠤ ᠣᠷᠣᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠤᠯᠤᠰ ᠲᠥᠷᠥ᠎ᠶᠢᠨ ᠵᠥᠪᠯᠡᠯᠭᠡᠨ᠎ᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号